ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ  ᠬᠢᠩᠭᠠᠨ ᠠᠶᠢᠮᠠᠭ ᠤᠨ ᠵᠠᠬᠢᠷᠭ᠎ᠠ ᠶᠢᠨ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢᠨ  ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/6/27
               ᠬᠢᠩᠭᠠᠨ ᠵᠠᠬᠢᠷᠭ᠎ᠠ ᠠᠯᠪᠠᠨ ᠥᠰᠥᠭ ﹇2023﹈ 4  ᠳ᠋ᠦ᠋ᠭᠡᠷ ᠲᠣᠭᠠᠲᠤᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠪᠣᠯᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢᠨ ᠰᠠᠨᠠᠭᠤᠯᠭ᠎ᠠ ᠶᠢᠨ ᠲᠥᠷᠥᠯ  ᠵᠦᠢᠯ ᠢ ᠮᠡᠳᠡᠭᠦᠯᠦᠨ ᠬᠦᠷᠭᠡᠭᠰᠡᠨ ᠰᠠᠭᠤᠷᠢᠨ ᠳᠡᠭᠡᠷ᠎ᠡ᠂ ᠬᠢᠨᠠᠨ ᠬᠠᠷᠭᠤᠭᠤᠯᠤᠭᠠᠳ ᠭᠠᠷᠴᠠᠭ ᠲᠤ ᠵᠢᠭᠰᠠᠭᠠᠨ ᠣᠷᠣᠭᠤᠯᠤᠭᠰᠠᠨ 4 ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠦ ᠪᠣᠳᠣᠯᠭ᠎ᠠ ᠶᠢᠨ ᠵᠦᠢᠯᠡᠰ ᠢ ᠲᠣᠭᠲᠠᠭᠠᠨ᠎ᠠ᠂ ᠡᠳᠦᠭᠡ ︽ᠬᠢᠩᠭᠠᠨ ᠠᠶᠢᠮᠠᠭ ᠤᠨ ᠵᠠᠬᠢᠷᠭ᠎ᠠ ᠶᠢᠨ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢᠨ ᠵᠦᠢᠯᠡᠰ ᠤᠨ ᠭᠠᠷᠴᠠᠭ︾ ᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠦ ᠪᠣᠳᠣᠯᠭ᠎ᠠ ᠶᠢᠨ ᠳᠡᠰ ᠳᠠᠷᠠᠭᠠᠯᠠᠯ ᠤᠨ ᠲᠣᠭᠲᠠᠭᠠᠯ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠶ  ᠲᠤᠭᠤᠰᠢᠯᠠᠭᠤᠯᠤᠨ ᠬᠡᠷᠡᠭᠵᠢᠭᠦᠯᠵᠦ᠂ ᠭᠠᠷᠴᠠᠭ ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢᠨ  ᠵᠦᠢᠯᠡᠰ  ᠲᠤ ᠰᠢᠢᠳᠪᠦᠷᠢᠳᠦ ᠪᠣᠳᠣᠯᠭ᠎ᠠ ᠶᠢ ᠡᠬᠢᠯᠡᠭᠦᠯᠬᠦ᠂ ᠲᠥᠰᠦᠯ ᠢ ᠲᠤᠭᠤᠷᠪᠢᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ᠂ ᠵᠢᠭᠠᠪᠤᠷᠢ ᠠᠪᠴᠤ ᠮᠡᠳᠡᠭᠦᠯᠬᠦ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠠᠰ ᠳᠠᠷᠠᠭᠠᠯᠠᠯ ᠤᠨ ᠵᠦᠶ ᠶᠣᠰᠣᠨ ᠤ᠂ ᠶᠠᠪᠤᠴᠠ ᠶᠢ ᠢᠯᠡ ᠪᠣᠯᠭᠠᠬᠤ᠂ ᠬᠠᠷᠢᠭᠤᠴᠠᠯᠭ᠎ᠠ ᠶᠢ ᠲᠣᠳᠣᠷᠬᠠᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ᠂ ᠰᠣᠶᠣᠯ ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ᠂ ᠡᠬᠢ ᠪᠠᠶᠠᠯᠢᠭ ᠤᠨ ᠨᠡᠭᠡᠭᠡᠯᠲᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠲᠡ ᠶᠢᠨ ᠬᠡᠷᠡᠭᠯᠡᠭᠡᠨ ᠤ  ᠦᠢᠯᠡᠰ ᠵᠡᠷᠭᠡ ᠴᠢᠬᠤᠯᠠ ᠶᠡᠭᠡ ᠠᠷᠠᠳ ᠤᠨ ᠠᠮᠢᠳᠤᠷᠠᠯ ᠤᠨ  ᠰᠢᠢᠳᠪᠦᠷᠢᠳᠦ ᠪᠣᠳᠣᠯᠭ᠎ᠠ ᠶᠢᠨ  ᠵᠦᠢᠯᠡᠰ ᠲᠤ ᠬᠤᠯᠪᠣᠭᠳᠠᠪᠠᠯ᠂  ᠰᠢᠢᠳᠪᠦᠷᠢᠳᠦ ᠪᠣᠳᠣᠯᠭ᠎ᠠ ᠶᠢ ᠳᠠᠭᠠᠭᠠᠨ  ᠭᠦᠢᠴᠡᠳᠭᠡᠬᠦ ᠰᠠᠯᠠᠭ᠎ᠠ ᠮᠥᠴᠢᠷ ᠨᠢ ᠲᠣᠭᠲᠠᠭᠠᠯ ᠶᠣᠰᠣᠭᠠᠷ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠶ᠃    ᠭᠤᠷᠪᠠ᠂ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠦ ᠪᠣᠳᠣᠯᠭ᠎ᠠ ᠶᠢᠨ ᠵᠦᠢᠯᠡᠰ ᠨᠢ ᠬᠠᠮᠢᠶ᠎ᠠ ᠪᠥᠬᠦᠶ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠭᠦᠢᠴᠡᠳᠭᠡᠭᠰᠡᠨ ᠥᠬᠡᠶ ᠪᠠᠶᠢᠪᠠᠯ᠂ ᠠᠶᠢᠮᠠᠭ ᠵᠠᠬᠢᠷᠭ᠎ᠠ ᠶᠢᠨ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠵᠦ ᠪᠣᠯᠬᠤ ᠥᠬᠡᠶ᠃    ᠳᠥᠷᠪᠡ᠂ ︽ᠬᠢᠩᠭᠠᠨ ᠠᠶᠢᠮᠠᠭ ᠤᠨ ᠵᠠᠬᠢᠷᠭ᠎ᠠ ᠶᠢᠨ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠦ ᠪᠣᠳᠣᠯᠭ᠎ᠠ ᠶᠢᠨ ᠵᠦᠢᠯᠡᠰ ᠤᠨ ᠭᠠᠷᠴᠠᠭ︾ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠠᠭ ᠲᠤᠨᠢ ᠳᠣᠭᠢᠷᠠᠭᠤᠯᠤᠨ ᠲᠠᠰ ᠳᠠᠷᠠᠭᠠᠯᠠᠯ ᠢᠶᠠᠷ ᠲᠣᠬᠢᠷᠠᠭᠤᠯᠤᠯᠲᠠ ᠬᠢᠨ᠎ᠠ᠃                                                                           2023 ᠣᠨ ᠤ 2 ᠰᠠᠷ᠎ᠠ ᠶᠢᠨ 20 ᠤ                                                           ︵ᠲᠣᠰ ᠮᠠᠲ᠋ᠧᠷᠢᠶᠠᠯ ᠢ ᠢᠯᠡ  ᠨᠡᠶᠢᠲᠡᠯᠡᠨ᠎ᠡ︶    ᠬᠢᠩᠭᠠᠨ ᠠᠶᠢᠮᠠᠭ ᠤᠨ ᠵᠠᠬᠢᠷᠭ᠎ᠠ  ᠶᠢᠨ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠦ ᠪᠣᠳᠣᠯᠭ᠎ᠠ ᠶᠢᠨ  ᠵᠦᠢᠯᠡᠰ ᠤᠨ ᠭᠠᠷᠴᠠᠭ    1. ᠬᠢᠩᠭᠠᠨ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ  ᠰᠦ ᠶᠢᠨ ᠦᠢᠯᠡᠰ ᠤᠨ ᠬᠥᠭᠵᠢᠯᠲᠡ ᠶᠢᠨ ︽ᠳᠡᠳ᠋ ᠲᠥᠪ︾ ᠢ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2023 — 2025 ᠣᠨ︶   ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ        2. ᠬᠢᠩᠭᠠᠨ ᠠᠶᠢᠮᠠᠭ ᠤᠨ ᠵᠠᠬᠢᠷᠭ᠎ᠠ ᠶᠢᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ︶ ᠶᠢᠨ ᠠᠷᠭ᠎ᠠ ᠬᠡᠮᠵᠢᠶ᠎ᠡ ᠨᠦᠭᠦᠳ︾ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ     ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ     3. ᠬᠢᠩᠭᠠᠨ ᠠᠶᠢᠮᠠᠭ ᠤᠨ ᠰᠣᠳᠣᠨ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠢᠨᠵᠧᠨᠧᠷᠢᠩ     ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ    4. ᠬᠢᠩᠭᠠᠨ ᠠᠶᠢᠮᠠᠭ ᠤᠨ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠵᠢᠴᠢ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ︵2022 — 2035 ᠣᠨ︶      ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ    
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号