| ᠤᠯᠠᠨ ᠲᠦᠮᠡᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠪᠠ ᠢᠯᠭᠠᠨ ᠲᠠᠨᠢᠬᠤ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂ ᠤᠶᠢᠷ᠎ᠠ ᠳᠤ᠂ ᠤᠯᠠᠭᠠᠨᠬᠤᠳᠠ ︽ | ᠵᠤᠭᠤᠰᠤᠨ ᠪᠤᠭᠴᠤ ᠪᠠᠨ ᠰᠠᠶᠢᠳᠤᠷ ᠰᠠᠬᠢᠵᠤ ᠵᠤᠯ ᠵᠢᠷᠭᠠᠯᠳᠤ ᠭᠡᠷ ᠪᠦᠯᠢ ᠪᠠᠨ ᠬᠠᠮᠠᠭᠠᠯᠠᠶ᠎ᠠ︾ ᠭᠡᠬᠦ ᠭᠤᠤᠯ | ᠰᠡᠳᠤᠪᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠳᠠᠳ ᠠᠴᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ | ᠲᠠᠶᠢᠯᠪᠤᠷᠢᠯᠠᠬᠤ ᠵᠡᠷᠭᠡ ᠤᠯᠠᠨ ᠬᠡᠯᠪᠡᠷᠢ ᠪᠠᠷ ᠤᠯᠠᠨ ᠲᠦᠮᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ | ᠤᠨᠴᠠᠯᠢᠭ᠂ ᠦᠷᠬᠦᠯᠵᠢ ᠲᠤᠬᠢᠶᠠᠯᠳᠤᠬᠤ ᠬᠡᠯᠪᠡᠷᠢ ᠵᠢᠴᠢ ᠬᠠᠮᠢᠶ᠎ᠠ ᠪᠦᠬᠦᠢ ᠬᠠᠤᠯᠢ ᠲᠦᠷᠢᠮ᠂ ᠲᠦᠷᠤ ᠶᠢᠨ | ᠪᠤᠳᠤᠯᠭ᠎ᠠ ᠵᠡᠷᠭᠡ ᠶᠢ ᠲᠠᠶᠢᠯᠪᠤᠷᠢᠯᠠᠵᠤ᠂ ᠤᠯᠠᠨ ᠲᠦᠮᠡᠨ ᠢ ᠤᠳᠤᠷᠢᠳᠤᠨ ᠰᠢᠨᠵᠢᠯᠡᠬᠦ ᠤᠬᠠᠭᠠᠨᠴᠢ ᠬᠡᠷᠡᠭᠯᠡᠭᠡᠨ ᠤ | ᠦᠵᠡᠯᠳᠡ ᠶᠢ ᠪᠤᠢ ᠪᠤᠯᠭᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠠᠴᠠ ᠵᠠᠶᠢᠯᠠᠵᠤ᠂ ︽ᠦᠨᠳᠤᠷ | ᠠᠰᠢᠭ ᠤᠯᠬᠤ︾ ᠠᠷᠠᠳ ᠤᠨ ᠲᠤᠮᠳᠠᠬᠢ ᠵᠢᠭᠡᠯᠡᠯᠭᠡ᠂ ︽ᠲᠦᠷᠭᠡᠨ ᠪᠠᠶᠠᠵᠢᠬᠤ︾ ᠪᠡᠯᠡ ᠤᠷᠤᠭᠤᠯᠤᠯᠳᠠ ᠶᠢᠨ | ᠮᠡᠭᠡᠯᠡᠯ ᠢ ᠰᠡᠷᠭᠡᠶᠢᠯᠡᠵᠤ᠂ ᠢᠯᠭᠠᠨ ᠲᠠᠨᠢᠬᠤ ᠴᠢᠳᠠᠪᠤᠷᠢ ᠶᠢ ᠨᠢ ᠲᠡᠭᠡᠭᠰᠢᠯᠡᠬᠦᠯᠵᠠᠢ᠃ ᠲᠤᠰ ᠤᠳᠠᠭᠠᠨ ᠤ | ᠠᠵᠢᠯᠯᠠᠭ᠎ᠠ ᠶᠢ ᠤᠯᠠᠭᠠᠨᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠤ ᠬᠠᠤᠯᠢ ᠴᠠᠭᠠᠵᠠ ᠶᠢᠨ ᠵᠦᠪᠯᠡᠯ᠂ | ᠤᠬᠠᠭᠤᠯᠬᠤ ᠬᠡᠯᠳᠡᠰ᠂ ᠮᠦᠩᠬᠦᠨ ᠭᠦᠢᠯᠭᠡᠭᠡᠨ ᠤ ᠠᠯᠪᠠᠨ ᠭᠡᠷ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ | ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠵᠡᠷᠭᠡ ᠰᠠᠯᠠᠭ᠎ᠠ ᠮᠦᠴᠢᠷ ᠬᠠᠮᠳᠤᠷᠠᠨ ᠡᠷᠬᠢᠯᠡᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠨᠡᠶᠢᠳᠡ 20 ᠭᠠᠷᠤᠢ ᠦᠵᠡᠬᠦᠯᠭᠡ ᠶᠢᠨ ᠬᠠᠪᠳᠠᠰᠤ ᠲᠡᠯᠭᠡᠵᠤ᠂ | ᠬᠦᠨᠳᠡᠯᠡᠨ ᠪᠢᠴᠢᠭᠡᠰᠤ ᠡᠯᠬᠦᠨ᠂ 3000 ᠭᠠᠷᠤᠢ ᠤᠬᠠᠭᠤᠯᠭ᠎ᠠ ᠶᠢᠨ ᠮᠠᠲ᠋ᠧᠷᠢᠶᠠᠯ᠂ 400 ᠭᠠᠷᠤᠢ | ᠤᠬᠠᠭᠤᠯᠭ᠎ᠠ ᠶᠢᠨ ᠪᠤᠳᠠᠰ ᠲᠠᠷᠬᠠᠭᠠᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠨᠢ | ᠲᠡᠭᠡᠭᠰᠢᠯᠡᠬᠦᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ | ᠪᠤᠢ ᠪᠤᠯᠭᠠᠭᠰᠠᠨ ᠪᠠᠶᠢᠨ᠎ᠠ᠃ | |