ᠤᠯᠠᠭᠠᠨᠬᠤᠲᠠ ᠬᠤᠲᠠ ᠶᠢᠨ ᠨᠠᠮ ᠤᠨ ᠬᠤᠷᠢᠶᠠᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/30
     6 ᠰᠠᠷ᠎ᠠ ᠶᠢᠨ 26 ᠤ ᠡᠳᠦᠷ᠂ ᠤᠯᠠᠭᠠᠨᠬᠤᠲᠠ ᠬᠤᠲᠠ ᠶᠢᠨ ᠨᠠᠮ ᠤᠨ ᠬᠤᠷᠢᠶᠠᠨ ᠤ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ᠂ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠠᠭᠠᠨᠬᠤᠲᠠ ᠶᠢᠨ 2022 ᠣᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽2023 ᠣᠨ ᠤ ᠤᠯᠠᠭᠠᠨᠬᠤᠲᠠ ᠶᠢᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠤᠨ ᠬᠤᠪᠢᠶᠠᠷᠢᠯᠠᠯ ᠤᠨ ᠲᠥᠰᠥᠯ︾ ᠢ ᠬᠢᠨᠠᠨ ᠶᠠᠷᠢᠯᠴᠠᠵᠤ ᠪᠠᠲᠤᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃    ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠢ ᠫᠧᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠯᠢᠦ ᠢᠦᠢ᠂ ᠯᠢ ᠱᠢ ᠬᠠᠢ᠂ ᠭᠧᠩ ᠴᠧᠩ᠂ ᠰᠤ᠋ ᠹᠧᠩ ᠵᠢᠶᠣᠣ ᠵᠡᠷᠭᠡ ᠬᠤᠲᠠ ᠶᠢᠨ ᠲᠠᠰ ᠤᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ᠬᠤᠷᠠᠯ ᠠᠴᠠ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ︽ᠰᠢᠨ᠎ᠡ ᠴᠠᠭ ᠦᠶ᠎ᠡ ᠶᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠥᠷᠨᠢᠭᠦᠯᠬᠦ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ᠂ ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠲᠠᠢ ᠤᠶᠠᠯᠳᠤᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃     ᠬᠤᠷᠠᠯ ᠠᠴᠠ᠂ ᠬᠥᠮᠦᠵᠢᠯ ᠤᠨ ᠭᠤᠣᠯᠳᠠᠯᠭ᠎ᠠ ᠶᠢ ᠰᠠᠶᠢᠲᠤᠷ ᠠᠳᠬᠤᠵᠤ᠂ ᠤᠳᠤᠷᠢᠳᠬᠤ ᠺᠠᠳ᠋ᠷᠴᠤᠳ ᠤᠨ ᠪᠠᠶᠢᠩᠭᠤ ᠶᠢᠨ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠡᠷᠦᠬᠡ ᠶᠢᠨ ᠴᠡᠷᠢᠭ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ︽ᠳᠡᠷᠭᠡᠳᠡᠬᠢ ᠬᠥᠮᠥᠰ ᠲᠤ ᠪᠠᠨ ᠠᠰᠢᠭ ᠬᠦᠷᠲᠡᠭᠡᠬᠦ︾ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠠᠭ᠎ᠠ ᠬᠤᠪᠢᠶᠠᠷᠢ ᠠᠩᠭᠢ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠯᠧᠺᠲ᠋ᠣᠷ ᠤᠨ ᠪᠦᠯᠬᠦᠮ ᠢ ᠰᠠᠶᠢᠲᠤᠷ ᠠᠰᠢᠭᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠭᠠᠲᠤᠷ ᠵᠢᠱᠢᠶᠡᠴᠢ ᠶᠢᠨ ᠠᠮᠢ ᠪᠡᠶ᠎ᠡ ᠪᠠᠨ ᠵᠣᠷᠢᠭᠤᠯᠤᠭᠰᠠᠨ ᠲᠡᠷᠢᠭᠦᠨ ᠤ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠪᠦᠬᠦ ᠨᠡᠶᠢᠭᠡᠮ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠢᠶᠠᠨ ᠬᠠᠶᠢᠷᠠᠯᠠᠨ ᠴᠡᠷᠢᠭ ᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠦᠷᠦ ᠶᠢᠨ ᠬᠠᠷᠢᠭᠤᠴᠠᠯᠭ᠎ᠠ ᠪᠠ ᠤᠳᠤᠷᠢᠳᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠬᠤ ᠬᠡᠷᠡᠭᠲᠡᠢ᠃ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠢᠨ ᠴᠡᠷᠢᠭ ᠠᠩᠭᠢ ᠣᠷᠣᠨ ᠨᠤᠲᠤᠭ ᠤᠨ ᠡᠯ᠎ᠡ ᠪᠦᠷᠢᠯᠳᠦᠭᠦᠨ ᠨᠢᠭᠡᠴᠢ ᠲᠠᠢ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ᠂ ᠬᠠᠷᠢᠯᠴᠠᠵᠤ ᠦᠢᠯᠡᠴᠢᠯᠡᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠤᠨ ᠯᠠᠪᠳᠠᠭᠤᠨ ᠢᠶᠠᠷ ᠥᠷᠨᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    
 
ᠢᠷᠡᠯᠲᠡ᠄ ᠤᠯᠠᠭᠠᠨᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号