ᠤᠯᠠᠭᠠᠨᠬᠤᠲᠠ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/30
      6 ᠰᠠᠷ᠎ᠠ ᠶᠢᠨ 26 ᠤ ᠡᠳᠦᠷ᠂ ᠤᠯᠠᠭᠠᠨᠬᠤᠲᠠ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠢ ᠫᠧᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠬᠤ ᠡᠬᠢᠯᠡᠯᠲᠡ ᠶᠢᠨ ᠵᠢᠯ ᠳᠤ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ ᠮᠣᠩᠭᠤᠯ ᠳᠤ ᠢᠷᠡᠵᠦ ᠰᠢᠨᠵᠢᠯᠡᠨ ᠪᠠᠶᠢᠴᠠᠭᠠᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠰᠡᠳᠬᠢᠯᠭᠡ ᠪᠠᠷ ᠬᠠᠯᠠᠮᠵᠢᠯᠠᠵᠤ ᠪᠠᠶᠢᠬᠤ ᠪᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠬᠥᠮᠥᠰ ᠢ ᠲᠦᠢᠯ ᠢᠶᠠᠷ ᠵᠣᠷᠢᠭᠵᠢᠭᠤᠯᠵᠤ᠂ ᠲᠦᠢᠯ ᠢᠶᠠᠷ ᠤᠷᠮᠠᠰᠢᠭᠤᠯᠤᠨ ᠵᠣᠷᠢᠭᠵᠢᠭᠤᠯᠤᠭᠰᠠᠨ ᠪᠠᠶᠢᠨ᠎ᠠ᠃      ᠶᠡᠷᠦᠩᠬᠡᠢ ᠱᠦᠵᠢ ᠰᠢ ᠶᠢᠨ ᠫᠢᠩ ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ ᠶᠠᠷᠢᠶ᠎ᠠ᠂ ᠭᠠᠷᠭᠠᠭᠰᠠᠨ ᠴᠢᠬᠤᠯᠠ ᠵᠢᠭᠠᠪᠤᠷᠢ ᠨᠢ ᠪᠦᠬᠦ ᠬᠤᠳᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠪᠠ ᠠᠷᠭ᠎ᠠ ᠵᠠᠮ ᠢ ᠲᠣᠳᠣᠷᠬᠠᠢ ᠵᠢᠭᠠᠵᠤ᠂ ᠪᠦᠬᠦ ᠬᠤᠳᠠ ᠶᠢᠨ ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠬᠤ ᠂ ᠪᠦᠬᠦ ᠲᠠᠯ᠎ᠠ ᠶᠢᠨ ᠣᠳᠣᠬᠢᠴᠢᠯᠠᠯᠲᠠ ᠶᠢ ᠡᠴᠦᠰ ᠲᠤᠨᠢ ᠲᠤᠯᠲᠠᠯ᠎ᠠ ᠪᠡᠶᠡᠯᠡᠭᠦᠯᠬᠦ ᠵᠣᠷᠢᠭ ᠰᠠᠨᠠᠭ᠎ᠠ ᠶᠢ ᠪᠠᠲᠤᠳᠬᠠᠪᠠ ᠭᠡᠵᠠᠢ᠃ ᠬᠤᠷᠠᠯ ᠠᠴᠠ᠂ ᠪᠦᠬᠦ ᠬᠤᠳᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠤᠯᠤᠰ ᠲᠦᠷᠦ᠂ ᠪᠠᠶᠢᠯᠳᠤᠬᠤ ᠪᠣᠳᠣᠯᠭ᠎ᠠ᠂ ᠪᠦᠬᠦ ᠲᠠᠯ᠎ᠠ ᠶᠢᠨ ᠥᠨᠳᠥᠷᠴᠡ ᠠᠴᠠ ᠲᠠᠨᠢᠯᠲᠠ ᠪᠣᠯᠣᠨ ᠡᠵᠡᠮᠳᠡᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠱᠠᠯᠠᠪᠳᠠᠭᠤᠯᠤᠨ ᠪᠠᠶᠢᠴᠠᠭᠠᠬᠤ ᠪᠠ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠪᠠᠨ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠲᠠᠪᠤᠨ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠡᠳᠬᠢᠴᠡ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠦᠨᠵᠡᠭᠡᠢ ᠰᠦᠪᠡᠭᠴᠢᠯᠡᠵᠦ᠂ ᠠᠵᠤ ᠦᠢᠯᠡᠰ ᠤᠨ ᠪᠦᠲᠦᠴᠡ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠡᠰᠢᠭ ᠪᠤᠶᠠᠨ ᠢ ᠲᠠᠰᠤᠷᠠᠯᠲᠠ ᠦᠭᠡᠢ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ ᠢ ᠦᠷᠭᠦᠯᠵᠢᠯᠡᠨ ᠠᠬᠢᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠠᠵᠢᠯ ᠬᠢᠵᠦ ᠦᠢᠯᠡᠰ ᠪᠣᠰᠬᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃    
 
ᠢᠷᠡᠯᠲᠡ᠄ ᠤᠯᠠᠭᠠᠨᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号