ᠵᠠᠯᠠᠶᠢᠳ ᠬᠤᠰᠢᠭᠤᠨ ᠤ ︽ᠲᠣᠰᠬᠤᠨ ᠪᠣᠯᠭᠠᠨ ᠳᠤ ᠨᠡᠪᠳᠡᠷᠡᠬᠦ︾ ᠪᠢᠴᠢᠬᠠᠨ ᠯᠠᠪᠠᠷ ᠬᠡᠷᠡᠭᠴᠡᠭᠡ ᠦᠢᠯᠡᠳᠦᠯ ᠢᠶᠠᠷ ᠶᠡᠭᠡ ᠪᠠᠶᠢᠨ᠎ᠠ
ᠨᠡᠶᠢᠲᠡᠯᠡᠭᠰᠡᠨ ᠴᠠᠭ᠄
2023/6/30
   ᠵᠠᠯᠠᠶᠢᠳ ᠬᠤᠰᠢᠭᠤᠨ ᠤ ︽ᠲᠣᠰᠬᠤᠨ ᠪᠣᠯᠭᠠᠨ ᠳᠤ ᠨᠡᠪᠳᠡᠷᠡᠬᠦ︾ ᠪᠢᠴᠢᠬᠠᠨ ᠯᠠᠪᠠᠷ ᠨᠢ᠂ ᠨᠠᠮ ᠤᠨ ᠲᠠᠭᠤᠨ ᠢ ᠤᠬᠠᠭᠤᠯᠬᠤ ︽ᠲᠠᠭᠤ ᠲᠣᠮᠣᠷᠠᠭᠤᠯᠤᠭᠴᠢ︾᠂ ᠲᠠᠷᠢᠶᠠᠴᠢᠳ ᠤᠨ ᠳᠠᠷᠢᠶᠠᠯᠠᠩ ᠦᠢᠯᠡᠳᠪᠤᠷᠢᠯᠡᠯ ᠢ ᠠᠬᠢᠭᠤᠯᠬᠤ ︽ᠮᠡᠳᠡᠭᠡ ᠵᠠᠩᠭᠢ ᠶᠢᠨ ᠥᠷᠲᠡᠭᠡ︾᠂ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ ᠶᠢ ᠠᠬᠢᠭᠤᠯᠬᠤ ︽ᠵᠠᠮᠴᠢᠯᠠᠭᠴᠢ︾᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠬᠤ ︽ᠬᠢᠴᠢᠶᠡᠯ ᠤᠨ ᠲᠠᠩᠬᠢᠮ︾᠂ ᠦᠨᠳᠦᠰᠦᠲᠡᠨ ᠤ ᠪᠦᠯᠬᠦᠮᠳᠡᠯ ᠢ ᠨᠢᠭᠲᠠᠷᠠᠭᠤᠯᠬᠤ ︽ᠬᠥᠭᠦᠷᠭᠡ ᠬᠤᠯᠪᠤᠭᠠᠰᠥ︾ ᠪᠣᠯᠵᠣ᠂ ᠠᠷᠠᠳ ᠣᠯᠠᠨ ᠤ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ᠃ ︽ᠪᠢ ᠨᠠᠰᠤ ᠠᠬᠢᠭᠰᠠᠨ ᠠᠴᠠ ᠬᠠᠷᠠᠭ᠎ᠠ ᠮᠠᠭᠤᠳᠠᠵᠦ ᠭᠠᠷ ᠤᠲᠠᠰᠤ ᠪᠠᠷ ᠰᠣᠨᠢᠨ ᠮᠡᠳᠡᠭᠡ ᠦᠵᠡᠵᠦ ᠲᠡᠶᠢᠯᠬᠦ ᠦᠭᠡᠶ ᠪᠣᠯᠵᠠᠶ᠂ ᠡᠨᠡᠬᠦ ᠪᠢᠴᠢᠬᠠᠨ ᠯᠠᠪᠠᠷ ᠢᠶᠠᠷ ᠲᠠᠮᠵᠢᠵᠦ ᠶᠡᠭᠡ ᠪᠠᠭ᠎ᠠ ᠤᠴᠢᠷ ᠶᠠᠪᠤᠳᠠᠯ ᠢ ᠤᠶᠢᠯᠠᠭᠠᠵᠦ ᠪᠠᠶᠢᠳᠠᠭ᠂ ᠣᠳᠣ ᠪᠢ ᠡᠳᠦᠷ ᠪᠦᠷᠢ ᠬᠦᠷᠢᠶᠡᠨ ᠳᠡᠭᠡᠨ ᠰᠠᠭᠤᠵᠤ ᠰᠣᠨᠢᠨ ᠮᠡᠳᠡᠭᠡ ᠰᠣᠨᠣᠰᠴᠤ ᠪᠠᠶᠢᠨ᠎ᠠ ︾ ᠭᠡᠵᠦ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤᠨ ᠤ ᠠᠷᠠᠳ ᠪᠦᠦ ᠱᠦ ᠯᠢᠨ ᠬᠡᠷ ᠤᠨ ᠢᠶᠠᠨ ᠡᠭᠦᠳᠡᠨ ᠳᠤ ᠷᠠᠳᠢᠤ᠋ ᠨᠡᠪᠳᠡᠷᠡᠭᠦᠯᠭᠡ ᠪᠠᠨ ᠰᠤᠨᠤᠰᠬᠤ ᠶᠢᠨ ᠬᠠᠮᠳᠦ ᠶᠠᠷᠢᠵᠤ ᠪᠠᠶᠢᠯ᠎ᠠ᠃ ᠤᠶᠢᠯᠠᠭᠠᠨᠨᠰᠠᠨ ᠢᠶᠠᠷ᠂ ᠵᠠᠯᠠᠶᠢᠳ ᠬᠤᠰᠢᠭᠤ ︽ᠲᠣᠰᠬᠤᠨ ᠪᠣᠯᠭᠠᠨ ᠳᠤ ᠨᠡᠪᠳᠡᠷᠡᠬᠦ︾ ᠷᠠᠳᠢᠣ᠋ ᠨᠡᠪᠲᠡᠷᠡᠭᠦᠯᠭᠡ ᠶᠢᠨ ᠢᠨᠵᠧᠨᠧᠷᠢᠩ ᠢ 2021 ᠣᠨ ᠤ 3 ᠰᠠᠷ᠎ᠠ ᠠᠴᠠ ᠡᠬᠢᠯᠡᠨ ᠨᠡᠪᠲᠡᠷᠡᠭᠦᠯᠤᠭ᠍ᠰᠡᠨ ᠠᠴᠠ ᠨᠠᠭᠠᠰᠢ᠂ ᠠᠷᠠᠤᠨ ᠤᠯᠠᠨ ᠤ ᠲᠠᠷᠢᠶᠠᠯᠠᠩ ᠦᠢᠯᠡᠤᠡᠪᠦᠷᠢᠯᠡᠯ᠂ ᠤᠯᠤᠰ ᠤᠨ ᠲᠦᠷᠦ ᠶᠢᠨ ᠪᠤᠳᠤᠯᠭ᠎ᠠ᠂ ᠮᠡᠳᠡᠭᠡ ᠵᠠᠩᠬᠢ ᠵᠡᠷᠭᠡ ᠤᠯᠠᠨ ᠲᠦᠷᠦᠯ ᠤᠨ ᠠᠭᠤᠯᠭ᠎ᠠ ᠶᠢ ᠬᠠᠮᠤᠭ ᠲᠦᠷᠭᠡᠨ ᠢᠶᠠᠷ ᠠᠷᠠᠤᠨ ᠤᠯᠠᠨ ᠤ ᠲᠡᠷᠭᠡᠳᠡ ᠬᠦᠷᠭᠡᠵᠦ ᠴᠢᠬᠤᠯᠠ ᠤᠬᠠᠭᠤᠯᠭ᠎ᠠ ᠶᠢᠨ ᠦᠢᠯᠡᠳᠦᠯ ᠢᠶᠠᠨ ᠭᠦᠢᠴᠡᠤᠨ ᠪᠠᠳᠠᠷᠠᠭᠤᠯᠤᠨᠨᠰᠠᠭᠠᠷ ᠢᠷᠡᠵᠠᠢ᠃ ᠣᠲᠣ ᠪᠣᠯᠲᠠᠯ᠎ᠠ ᠵᠠᠯᠠᠶᠢᠳ ᠬᠤᠰᠢᠭᠤᠨ ᠳᠤ ᠷᠠᠳᠢᠣ᠋ ᠨᠡᠪᠲᠡᠷᠡᠭᠦᠯᠭᠡ ᠶᠢᠨ ᠴᠡᠭ 983 ᠪᠠᠶᠢᠵᠦ᠂ ᠡᠭᠦᠨ ᠳᠤ ᠬᠤᠲᠠ ᠶᠢᠨ ᠲᠣᠭᠤᠷᠢᠭ ᠲᠤ 151 ᠴᠡᠭ ᠪᠠᠶᠢᠵᠦ᠂ ᠲᠣᠰᠬᠤᠨ ᠤ ᠲᠠᠰ ᠤᠨ ᠷᠠᠳᠢᠣ᠋ ᠨᠡᠪᠲᠡᠷᠡᠭᠦᠯᠭᠡ ᠶᠢᠨ ᠴᠡᠭ 197᠂ ᠣᠶ ᠰᠢᠭᠤᠶ ᠶᠢᠨ ᠲᠠᠯᠠᠪᠠᠶ ᠶᠢᠨ ᠷᠠᠳᠢᠣ᠋ ᠨᠡᠪᠲᠡᠷᠡᠭᠦᠯᠭᠡ ᠶᠢᠨ ᠴᠡᠭ 6᠂ ᠠᠶᠢᠯ ᠤᠨ ᠲᠠᠰ ᠤᠨ ᠷᠠᠳᠢᠣ᠋ ᠨᠡᠪᠲᠡᠷᠡᠭᠦᠯᠭᠡ ᠶᠢᠨ ᠴᠡᠭ 629 ᠪᠣᠶ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号