| | ᠭᠠᠷᠴᠠᠭ | ᠬᠢᠩᠭᠠᠨ ᠠᠶᠢᠮᠠᠭ ᠤᠨ ᠵᠠᠬᠢᠷᠭ᠎ᠠ ᠶᠢᠨ ᠪᠢᠴᠢᠭ ᠮᠠᠲ᠋ᠧᠷᠢᠶᠠᠯ | ᠬᠢᠩᠭᠠᠨ ᠠᠶᠢᠮᠠᠭ ᠤᠨ ᠵᠠᠬᠢᠷᠭ᠎ᠠ ᠶᠢᠨ ︽2023 ᠣᠨ ᠤ ᠬᠢᠩᠭᠠᠨ ᠠᠶᠢᠮᠠᠭ ᠤᠨ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ︿ᠳᠥᠷᠪᠡᠨ ᠶᠡᠭᠡ ᠠᠵᠢᠯᠯᠠᠭ᠎ᠠ ﹀ ᠶᠢ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠬᠢᠩᠭᠠᠨ ᠠᠶᠢᠮᠠᠭ ᠤᠨ ᠵᠠᠬᠢᠷᠭ᠎ᠠ ᠠᠯᠪᠠᠨ ᠭᠡᠷ ᠤᠨ ᠪᠢᠴᠢᠭ ᠮᠠᠲ᠋ᠧᠷᠢᠶᠠᠯ | 1.ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ︾ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ | 2.ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ ᠴᠠᠭ ᠠᠭᠤᠷ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | | | | | | ᠬᠢᠩᠭᠠᠨ ᠠᠶᠢᠮᠠᠭ ᠤᠨ ᠵᠠᠬᠢᠷᠭ᠎ᠠ ᠶᠢᠨ ︽2023 ᠣᠨ ᠤ ᠬᠢᠩᠭᠠᠨ ᠠᠶᠢᠮᠠᠭ ᠤᠨ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ︿ᠳᠥᠷᠪᠡᠨ ᠶᠡᠭᠡ ᠠᠵᠢᠯᠯᠠᠭ᠎ᠠ ﹀ ᠶᠢ ᠬᠡᠷᠡᠭᠵᠢᠭᠦᠯᠬᠦ ᠲᠥᠰᠦᠯ | ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠬᠢᠩᠭᠠᠨ ᠵᠠᠬᠢᠷᠭ᠎ᠠ ᠲᠠᠷᠬᠠᠭᠠᠭᠰᠠᠨ 〔 2023 〕 34 ᠳ᠋ᠦ᠋ᠭᠡᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽2023 ᠣᠨ ᠤ ᠬᠢᠩᠭᠠᠨ ᠠᠶᠢᠮᠠᠭ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠬᠢᠭᠤᠯᠬᠤ ︿ᠳᠥᠷᠪᠡᠨ ᠶᠡᠭᠡ ᠠᠵᠢᠯᠯᠠᠭ᠎ᠠ ﹀ ᠶᠢᠨ ᠬᠡᠷᠡᠭᠵᠢᠭᠦᠯᠬᠦ ᠲᠥᠰᠦᠯ︾ ᠢ | ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ | 2023 ᠣᠨ ᠤ 3 ᠰᠠᠷ᠎ᠠ ᠶᠢᠨ 27 | ︵ᠲᠣᠰ ᠮᠠᠲ᠋ᠧᠷᠢᠶᠠᠯ ᠢ ᠢᠯᠡ | ᠨᠡᠶᠢᠲᠡᠯᠡᠨ᠎ᠡ︶ | 2023 ᠣᠨ ᠳᠤ ᠬᠢᠩᠭᠠᠨ ᠠᠶᠢᠮᠠᠭ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠬᠤ ︽ᠲᠦᠷᠪᠡᠨ ᠶᠡᠭᠡ ᠠᠵᠢᠯᠯᠠᠭ᠎ᠠ︾ ᠶᠢ ᠬᠡᠷᠡᠭᠵᠢᠭᠦᠯᠬᠦ ᠲᠥᠰᠦᠯ | ᠠᠶᠢᠮᠠᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠮ ᠨᠢᠭᠡ ᠠᠯᠬᠤᠮ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠠᠶᠢᠮᠠᠭ ᠤᠨ | ᠵᠠᠬᠢᠷᠭ᠎ᠠ ᠶᠢᠨ ᠰᠤᠳᠤᠯᠤᠯᠲᠠ ᠪᠠᠷ ᠳᠡᠮᠵᠢᠨ᠂ ᠪᠥᠬᠦ ᠠᠶᠢᠮᠠᠭ ᠲᠤ ᠠᠵᠢᠯ ᠤᠯᠬᠤ ᠬᠦᠰᠡᠯ ᠲᠠᠢ ᠶᠡᠭᠡ ᠰᠤᠷᠭᠠᠭᠤᠯᠢ | ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠪᠥᠬᠦ ᠲᠠᠯ᠎ᠠ ᠪᠠᠷ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ᠂ ᠬᠤᠲᠠ ᠪᠠᠯᠭᠠᠰᠤᠨ ᠤ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠳᠤ | ᠭᠦᠢᠴᠡᠳ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ᠂ ᠬᠤᠲᠠ ᠪᠠᠯᠭᠠᠰᠤᠨ ᠤ ᠰᠤᠷᠤᠯᠴᠠᠬᠤ | ᠬᠦᠰᠡᠯ ᠲᠠᠢ ᠰᠠᠭᠤᠭᠠᠯᠢ ᠠᠷᠠᠳ ᠲᠤ ᠰᠦᠢᠳᠭᠡᠯ ᠬᠤᠷᠢᠶᠠᠬᠤ ᠥᠬᠡᠶ ᠪᠠᠷ ᠪᠣᠯᠪᠠᠰᠤᠷᠠᠭᠤᠯᠤᠯ ᠬᠢᠵᠦ ᠤᠷ᠎ᠠ | ᠴᠢᠳᠠᠪᠤᠷᠢ ᠪᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ᠂ ᠬᠢᠨᠠᠨ ᠰᠢᠯᠭᠠᠬᠤ ᠬᠡᠪᠴᠢᠶᠡᠨ ᠳᠤ | ᠣᠷᠣᠭᠤᠯᠤᠭᠰᠠᠨ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠠᠮᠲᠤᠯᠢᠭ ᠲᠤ ᠵᠠᠰᠠᠭ ᠤᠨ ᠣᠷᠳᠣᠨ ᠤ | ᠦᠨᠳᠦᠰᠦᠨ ᠵᠦᠢᠯ ᠢ ᠪᠠᠲᠤᠯᠠᠬᠤ ᠨᠥᠬᠦᠪᠥᠷᠢ ︵ᠪᠠᠲᠤᠯᠠᠭ᠎ᠠ︶ ᠶᠢᠨ ᠣᠷᠣᠯᠭ᠎ᠠ ᠪᠠᠨ ᠨᠡᠮᠡᠭᠳᠡᠭᠦᠯᠬᠦ ︽ᠳᠥᠷᠪᠡᠨ | ᠶᠡᠭᠡ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃ ᠡᠳᠦᠭᠡ ᠮᠠᠨ ᠤ ᠠᠶᠢᠮᠠᠭ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠤᠨᠤᠯᠵᠢᠬᠤᠨ | ᠢ ᠪᠠᠲᠤ ᠪᠠᠬᠢ ᠪᠤᠢ ᠪᠣᠯᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠣᠷᠣᠯᠭ᠎ᠠ ᠶᠢ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠨ᠂ ᠠᠵᠢᠯ ᠣᠯᠭᠤᠵᠤ ᠣᠷᠣᠯᠭ᠎ᠠ ᠶᠢ ᠨᠡᠮᠡᠭᠳᠡᠭᠦᠯᠬᠦ ᠠᠷᠭ᠎ᠠ | ᠵᠠᠮ ᠢ ᠥᠷᠭᠡᠨ ᠢᠶᠠᠷ ᠨᠡᠭᠡᠭᠡᠵᠦ᠂ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠪᠠᠨ | ᠳᠡᠭᠡᠭᠰᠢᠯᠡᠭᠦᠯᠦᠨ᠂ ᠠᠵᠤ ᠠᠬᠤᠶ ᠶᠢᠨ ᠨᠡᠮᠡᠭᠳᠡᠯ ᠬᠢᠭᠡᠳ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢᠨ | ᠬᠠᠷᠢᠯᠴᠠᠨ ᠠᠬᠢᠭᠤᠯᠵᠤ ᠬᠠᠷᠢᠯᠴᠠᠨ ᠲᠠᠪᠰᠢᠬᠤ ᠶᠢ ᠲᠥᠯᠬᠢᠨ ᠠᠬᠢᠭᠤᠯᠤᠨ᠎ᠠ᠃ | ᠬᠤᠶᠠᠷ᠂ ᠭᠤᠣᠯ ᠬᠠᠷᠠᠯᠲᠠ | 2023 ᠣᠨ ᠳᠤ᠂ ᠪᠦᠬᠦ ᠠᠶᠢᠮᠠᠭ ᠤᠨ ᠬᠤᠲᠠ ᠪᠠᠯᠭᠠᠰᠤᠨ ᠤ 7000 ᠬᠥᠮᠦᠨ ᠳᠤ ᠰᠢᠨ᠎ᠡ ᠪᠠᠷ ᠠᠵᠢᠯ | ᠣᠯᠭᠤᠵᠤ᠂ ᠬᠤᠲᠠ ᠪᠠᠯᠭᠠᠰᠤᠨ ᠤ ᠠᠵᠢᠯ ᠠᠯᠳᠠᠭᠰᠠᠨ 3000 ᠬᠥᠮᠦᠨ ᠳᠤ ᠳᠠᠬᠢᠨ ᠠᠵᠢᠯ ᠣᠯᠭᠤᠵᠤ᠂ ᠠᠵᠢᠯ | ᠤᠯᠬᠤ ᠳᠤ ᠬᠦᠴᠢᠷᠲᠡᠶ 3000 ᠬᠥᠮᠦᠨ ᠳᠤ ᠠᠵᠢᠯ ᠣᠯᠭᠤᠵᠤ᠂ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢᠳ ᠤᠨ ᠠᠵᠢᠯ ᠤᠯᠬᠤ ᠶᠢ ᠪᠡᠶᠡᠯᠡᠭᠦᠯᠦᠭᠰᠡᠨ ᠪᠤᠶᠤ ᠠᠵᠢᠯ ᠤᠯᠬᠤ ᠴᠢᠭᠯᠡᠯ ᠢ ᠨᠠᠶᠢᠳᠠᠪᠤᠷᠢᠵᠢᠭᠤᠯᠤᠭᠰᠠᠨ | 4500 ᠬᠥᠮᠦᠨ ᠳᠤ ᠬᠦᠷᠴᠦ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠳᠡᠭᠡᠳᠦ ᠰᠤᠷᠭᠠᠭᠤᠯᠢ | ᠲᠡᠭᠦᠰᠦᠭᠰᠡᠨ ᠰᠤᠷᠤᠭᠴᠢᠳ ᠤᠨ ᠠᠵᠢᠯ ᠣᠯᠤᠭᠰᠠᠨ ᠨᠤᠷᠮ᠎ᠠ 90% ᠠᠴᠠ ᠳᠡᠭᠡᠭᠰᠢ ᠳᠤ ᠬᠦᠷᠴᠦ᠂ ᠶᠡᠭᠡ | ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ | ᠣᠯᠤᠭᠰᠠᠨ ᠨᠤᠷᠮ᠎ᠠ 96% ᠠᠴᠠ ᠳᠡᠭᠡᠭᠰᠢ ᠳᠤ ᠬᠦᠷᠴᠦ᠂ ᠵᠠᠰᠠᠭ ᠤᠨ ᠣᠷᠳᠣᠨ ᠤ ᠨᠥᠬᠦᠪᠥᠷᠢ ᠶᠢᠨ ᠴᠢᠨᠠᠷᠲᠠᠶ | ᠬᠤᠳᠠ ᠪᠠᠯᠭᠠᠰᠤᠨ ᠤ ᠠᠵᠢᠯ ᠤᠯᠬᠤ ᠤᠷ᠎ᠠ ᠴᠢᠳᠠᠪᠤᠷᠢ ᠶᠢᠨ ᠪᠣᠯᠪᠠᠰᠤᠷᠠᠯ 2800 ᠬᠥᠮᠦᠨ ᠳᠤ ᠬᠦᠷᠴᠦ᠂ ᠨᠢᠭᠡ | ᠴᠦ ᠠᠵᠢᠯ ᠣᠯᠤᠭᠰᠠᠨ ᠦᠭᠡᠢ ᠭᠡᠷ ᠪᠦᠯᠢ ᠶᠢ ᠬᠥᠳᠡᠯᠦᠩᠭᠦᠶ ᠪᠠᠷ ᠴᠡᠪᠡᠷᠯᠡᠵᠦ᠂ ᠬᠤᠳᠠ ᠪᠠᠯᠭᠠᠰᠤᠨ ᠤ ᠬᠡᠷᠡᠭ | ᠳᠡᠭᠡᠷ᠎ᠡ ᠪᠠᠨ ᠬᠦᠴᠢᠷᠳᠡᠯ ᠲᠠᠢ ᠬᠥᠮᠦᠰ ᠤᠨ ᠲᠦᠷ ᠴᠠᠭ ᠤᠨ ᠠᠪᠤᠷᠠᠨ ᠲᠤᠰᠠᠯᠠᠯᠲᠠ ᠶᠢ ᠬᠥᠳᠡᠯᠦᠩᠭᠦᠶ ᠪᠠᠷ | ᠴᠡᠪᠡᠷᠯᠡᠪᠡ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠠᠵᠢᠯ ᠤᠯᠬᠤ ᠬᠦᠰᠡᠯ ᠲᠠᠢ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠲᠡᠭᠦᠰᠦᠭᠰᠡᠳ ᠲᠤ ᠪᠦᠬᠦ ᠲᠠᠯ᠎ᠠ ᠪᠠᠷ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ | 1. ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠰᠢᠩᠭᠡᠭᠡᠨ ᠠᠪᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠡᠯᠰᠡᠨ ᠬᠡᠷᠡᠭᠯᠡᠬᠦ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ 2023 ᠣᠨ ᠤ ᠪᠥᠬᠦ ᠠᠶᠢᠮᠠᠭ ᠤᠨ ᠠᠯᠪᠠᠲᠠᠨ ᠰᠢᠯᠭᠠᠵᠤ ᠡᠯᠰᠡᠨ | ᠬᠡᠷᠡᠭᠯᠡᠬᠦ᠂ ᠲᠣᠰ ᠬᠤᠭᠤᠴᠠᠭᠠᠨ ᠤ ᠰᠢᠯᠢᠳᠡᠭ ᠶᠡᠭᠡ ᠰᠤᠷᠭᠠᠭᠤᠯᠢ ᠲᠡᠭᠦᠰᠦᠭᠰᠡᠳ ᠢ ᠰᠣᠩᠭᠤᠨ ᠰᠢᠯᠵᠢᠭᠦᠯᠬᠦ | ᠠᠵᠢᠯ ᠢ ᠰᠠᠶᠢᠲᠤᠷ ᠬᠢᠨ᠎ᠠ᠃ ᠠᠮᠢᠳᠤᠯᠢᠭ ᠪᠥᠭᠡᠳ ᠣᠯᠠᠨ ᠶᠠᠩᠵᠤ ᠶᠢᠨ ᠬᠡᠯᠪᠡᠷᠢ ᠶᠢ ᠠᠪᠴᠤ᠂ 2023 ᠣᠨ ᠳᠤ | ᠪᠥᠬᠦ ᠠᠶᠢᠮᠠᠭ ᠤᠨ ᠠᠵᠢᠯ ᠦᠢᠯᠡᠰ ᠤᠨ ᠨᠢᠭᠡᠴᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠢ ᠢᠯᠡ ᠪᠠᠷ ᠤᠷᠢᠨ | ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 3000 ᠠᠵᠢᠯ ᠦᠢᠯᠡᠰ ᠤᠨ ᠣᠷᠣᠨ ᠲᠤᠭ᠎ᠠ ᠶᠢ | ᠬᠡᠷᠡᠭᠯᠡᠬᠦ ᠪᠠᠷ ᠲᠥᠯᠥᠪᠯᠡᠵᠦ᠂ ᠪᠥᠬᠦ ᠠᠶᠢᠮᠠᠭ ᠤᠨ ᠲᠥᠪᠯᠡᠷᠡᠭᠦᠯᠦᠨ ᠢᠯᠡ ᠪᠠᠷ ᠤᠷᠢᠨ ᠬᠡᠷᠡᠭᠯᠡᠬᠦ ᠶᠢ 2 | ᠤᠳᠠᠭ᠎ᠠ ᠠᠴᠠ ᠳᠡᠭᠡᠭᠰᠢ ᠡᠷᠭᠢᠯᠡᠨ᠎ᠡ᠃ ᠦᠨᠳᠦᠰᠦᠨ ᠱᠠᠲᠤᠨ ᠤ ᠠᠵᠢᠯ ᠣᠯᠭᠤᠬᠤ ᠣᠷᠣᠨ ᠵᠠᠶ ᠶᠢ ᠢᠳᠡᠪᠬᠢᠲᠡᠶ | ᠥᠷᠭᠡᠳᠬᠡᠵᠦ᠂ ᠦᠨᠳᠦᠰᠦᠨ ᠱᠠᠲᠤᠨ ᠤ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠠᠵᠢᠯ᠂ ᠬᠠᠤᠯᠢ | ᠴᠠᠭᠠᠵᠠ ᠶᠢᠨ ᠲᠤᠰᠠᠯᠠᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠵᠡᠷᠭᠡ ᠠᠵᠢᠯ ᠣᠯᠭᠤᠯᠲᠠ ᠶᠢᠨ | ᠠᠵᠠ ᠲᠣᠬᠢᠶᠠᠯ ᠢ ᠭᠦᠨᠵᠡᠭᠡᠶ ᠠᠭᠤᠳᠠᠯᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠪᠠᠷ | ᠳᠡᠭᠡᠳᠦ ᠰᠤᠷᠭᠠᠭᠤᠯᠢ ᠲᠡᠭᠦᠰᠦᠭᠰᠡᠳ ᠢ 200 ᠡᠯᠰᠡᠵᠦ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ | ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠪᠠᠷ ᠳᠡᠭᠡᠳᠦ ᠰᠤᠷᠭᠠᠭᠤᠯᠢ ᠲᠡᠭᠦᠰᠦᠭᠰᠡᠳ ᠢ 400 | ᠡᠯᠰᠡᠵᠦ᠂ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠢ ᠨᠥᠭᠡᠴᠡᠯᠡᠬᠦ ᠲᠥᠯᠥᠪᠯᠡᠭᠡ ᠪᠠᠷ ᠳᠡᠭᠡᠳᠦ | ᠰᠤᠷᠭᠠᠭᠤᠯᠢ ᠲᠡᠭᠦᠰᠦᠭᠰᠡᠳ ᠢ 200 ᠡᠯᠰᠡᠵᠦ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠣᠨᠴᠠᠭᠠᠶ ᠠᠵᠢᠯ ᠤᠨ ᠪᠠᠶᠢᠷᠢ ᠳᠤ 150 ᠬᠥᠮᠦᠨ | ᠡᠯᠰᠡᠵᠦ᠂ ᠳᠠᠳᠤᠯᠭ᠎ᠠ ᠶᠢᠨ ᠠᠵᠢᠯ ᠤᠨ ᠪᠠᠶᠢᠷᠢ ᠶᠢ 1000 ᠴᠤᠭᠯᠠᠭᠤᠯᠵᠤ᠂ ᠵᠠᠯᠠᠭᠤᠴᠤᠳ ᠤᠨ ᠳᠠᠳᠤᠯᠭ᠎ᠠ ᠶᠢᠨ | 600 ᠬᠥᠮᠦᠨ ᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ | ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ᠂ 16 — 24 ᠨᠠᠰᠤᠨ ᠤ ᠠᠵᠢᠯ | ᠠᠯᠳᠠᠭᠰᠠᠨ ᠵᠠᠯᠠᠭᠤᠴᠤᠳ ᠢ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯᠯᠠᠭ᠎ᠠ ᠳᠤ ᠣᠷᠣᠯᠴᠠᠭᠤᠯᠤᠭᠰᠠᠨ | ᠳᠠᠳᠤᠯᠭ᠎ᠠ ᠶᠢᠨ ᠨᠢᠭᠡᠴᠢ ᠳᠤ᠂ ᠨᠥᠬᠦᠴᠡᠯ ᠳᠤ ᠨᠡᠶᠢᠴᠡᠪᠡᠯ ᠨᠢᠭᠡᠳᠦᠭᠡᠷ ᠲᠥᠷᠥᠯ ᠤᠨ ᠭᠠᠵᠠᠷ ᠣᠷᠣᠨ ᠤ ᠬᠠᠮᠤᠭ ᠤᠨ | ᠳᠣᠤᠷ᠎ᠠ ᠴᠠᠯᠢᠩ ᠤᠨ ᠪᠠᠷᠢᠮᠵᠢᠶ᠎ᠠ ᠶᠢᠨ 50% ᠶᠢᠨ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠥᠷᠢ ᠣᠯᠭᠤᠵᠤ | ᠂ ᠳᠠᠳᠤᠯᠭ᠎ᠠ ᠶᠢᠨ ᠬᠤᠭᠤᠴᠠᠭ᠎ᠠ ᠨᠢ ᠳᠦᠭᠦᠷᠦᠭᠡᠳ ᠦᠯᠡᠳᠡᠭᠡᠨ ᠬᠡᠷᠡᠭᠯᠡᠬᠦ ᠨᠣᠷᠮ᠎ᠠ ᠨᠢ 50% ᠠᠴᠠ ᠳᠡᠭᠡᠭᠰᠢ ᠳᠤ | ᠬᠦᠷᠦᠭᠰᠡᠨ ᠨᠢᠭᠡᠴᠢ ᠳᠤ ᠳᠠᠳᠤᠯᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠨᠢᠭᠡᠳᠦᠭᠡᠷ ᠲᠥᠷᠥᠯ ᠤᠨ ᠭᠠᠵᠠᠷ | ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ 60% ᠪᠠᠷ ᠳᠣᠭᠢᠷᠠᠭᠤᠯᠤᠨ᠎ᠠ᠃ ᠤᠶᠤᠲᠠᠳ ᠤᠨ | ᠴᠡᠷᠢᠭ ᠡᠯᠰᠡᠬᠦ ᠠᠵᠢᠯ ᠢ ᠢᠳᠡᠪᠬᠢᠲᠡᠶ ᠪᠠᠷ ᠬᠠᠮᠵᠢᠯᠴᠠᠨ ᠰᠠᠶᠢᠲᠤᠷ ᠬᠢᠵᠦ᠂ ᠤᠶᠤᠲᠠᠳ ᠪᠣᠯᠤᠨ ᠶᠡᠭᠡ ᠰᠤᠷᠭᠠᠭᠤᠯᠢ | ᠲᠡᠭᠦᠰᠦᠭᠰᠡᠳ ᠡᠯᠰᠡᠬᠦ ᠠᠵᠢᠯ ᠢ ᠴᠢᠩᠭᠠᠳᠬᠠᠨ᠂ ᠴᠡᠷᠢᠭ ᠠᠩᠬᠢ ᠶᠢᠨ ᠪᠥᠳᠥᠭᠡᠨ ᠪᠠᠶᠢᠭᠤᠯᠤᠯᠲᠠ ᠶᠢᠨ ᠬᠡᠷᠡᠭᠴᠡᠭᠡ | ᠱᠠᠭᠠᠷᠳᠠᠯᠭ᠎ᠠ ᠳᠤ ᠵᠣᠬᠢᠴᠠᠭᠤᠯᠤᠨ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠠᠴᠠ ᠲᠡᠭᠦᠰᠦᠭᠰᠡᠳ | ᠤᠨ ᠨᠡᠷ᠎ᠡ ᠮᠡᠳᠡᠭᠦᠯᠵᠦ ᠡᠯᠰᠡᠭᠳᠡᠬᠦ ᠶᠢ ᠵᠣᠷᠢᠭᠵᠢᠭᠤᠯᠵᠤ᠂ ᠮᠡᠷᠭᠡᠵᠢᠯ ᠤᠨ ᠠᠵᠢᠯᠴᠢᠨ ᠤ ᠳᠡᠭᠡᠳᠦ | ᠰᠤᠷᠭᠠᠭᠤᠯᠢ ᠠᠴᠠ ᠲᠡᠭᠦᠰᠦᠭᠰᠡᠳ ᠡᠯᠰᠡᠬᠦ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠣᠷᠣᠨ | ᠲᠤᠭ᠎ᠠ ᠶᠢᠨ ᠠᠯᠪᠠᠨ ᠬᠡᠷ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︶ | 2. ᠴᠢᠨᠠᠷ ᠰᠠᠶᠢᠲᠠᠶ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠨᠠᠷᠢᠯᠢᠭ | ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠵᠤ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ᠂ ᠠᠵᠢᠯ | ᠣᠯᠭᠤᠯᠲᠠ ᠶᠢᠨ ᠠᠵᠢᠯᠲᠠᠨ ᠡᠯᠰᠡᠬᠦ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ | ᠠᠵᠢᠯᠯᠠᠭ᠎ᠠ ᠶᠢ ᠥᠷᠨᠢᠭᠦᠯᠵᠦ᠂ ᠦᠨᠡᠨ ᠨᠡᠷ᠎ᠡ ᠶᠢᠨ ᠲᠦᠷᠢᠮ ᠤᠨ ︽131︾ ᠠᠵᠢᠯ ᠣᠯᠭᠤᠯᠲᠠ ᠶᠢᠨ | ᠦᠢᠯᠡᠴᠢᠯᠡᠭᠡ ᠶᠢ ᠪᠣᠳᠠᠲᠠᠶᠢᠵᠢᠭᠤᠯᠵᠤ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ︽ | ᠬᠤᠭᠤᠰᠣᠨ ᠠᠵᠢᠯ ᠤᠨ ᠪᠠᠶᠢᠷᠢ ᠶᠢ ᠬᠦᠷᠭᠡᠬᠦ︾ ︽ ᠸᠢᠳᠢᠤ᠋ ᠪᠠᠷ ᠨᠢᠭᠤᠷᠲᠠᠨ ᠰᠢᠯᠭᠠᠬᠤ︾ ᠵᠡᠷᠭᠡ ᠪᠦᠲᠦᠮᠵᠢᠲᠡᠶ | ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ ᠲᠡᠭᠦᠰᠬᠦ ᠰᠣᠷᠣᠭᠴᠢ ᠪᠠ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ | ᠳᠥᠭᠦᠮ ᠳᠥᠲᠡ᠂ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠤᠨ᠎ᠠ᠃ ᠠᠳᠠᠯ ᠦᠢᠯᠡᠰ | ᠴᠣᠭᠴᠠᠯᠠᠬᠤ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠩᠭᠠᠨ ᠠᠶᠢᠮᠠᠭ ᠤᠨ ᠤᠶᠤᠲᠠᠳ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠢ ᠡᠷᠭᠢᠯᠡᠨ᠂ ᠤᠶᠤᠲᠠᠳ ᠲᠤ ᠠᠳᠠᠯ ᠦᠢᠯᠡᠰ | ᠴᠣᠭᠴᠠᠯᠠᠬᠤ ᠪᠣᠯᠪᠠᠰᠤᠷᠠᠭᠤᠯᠤᠯ᠂ ᠵᠥᠪᠯᠡᠯᠭᠡ ᠥᠭᠴᠦ ᠬᠠᠪᠰᠤᠷᠤᠨ ᠵᠢᠯᠣᠭᠤᠳᠬᠤ᠂ ᠦᠷ᠎ᠡ ᠪᠦᠲᠦᠭᠡᠯ ᠢ | ᠬᠤᠪᠢᠷᠠᠭᠤᠯᠬᠤ᠂ ᠮᠥᠷᠳᠡᠨ ᠲᠡᠳᠬᠦᠬᠦ ᠵᠡᠷᠭᠡ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠵᠤ᠂ | ᠤᠶᠤᠲᠠᠳ ᠤᠨ ᠠᠳᠠᠯ ᠦᠢᠯᠡᠰ ᠴᠣᠭᠴᠠᠯᠠᠬᠤ ᠪᠣᠳᠠᠲᠠᠶ ᠪᠣᠯᠪᠠᠰᠤᠷᠠᠭᠤᠯᠤᠯ ᠢ 400 ᠬᠥᠮᠦᠨ ᠳᠤ ᠪᠡᠶᠡᠯᠡᠭᠦᠯᠦᠨ᠎ᠡ︔ | ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ ᠲᠡᠭᠦᠰᠦᠭᠰᠡᠳ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠲᠡᠭᠦᠰᠦᠭᠰᠡᠳ ᠲᠤ 1500 | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠠᠵᠢᠯ ᠡᠷᠢᠵᠦ ᠠᠳᠠᠯ ᠦᠢᠯᠡᠰ ᠴᠣᠭᠴᠠᠯᠠᠬᠤ ᠨᠥᠬᠦᠪᠥᠷᠢ | ᠣᠯᠭᠤᠨ᠎ᠠ︔ ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ ᠲᠡᠭᠦᠰᠦᠭᠰᠡᠳ ᠬᠠᠮᠤᠭ ᠤᠨ ᠥᠨᠳᠥᠷ ᠲᠡᠭᠡᠨ 20 | ᠲᠦᠮᠡᠨ ᠲᠥᠭᠦᠷᠢᠭ ᠤᠨ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠪᠠ | ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠬᠦ ᠥᠬᠡᠶ ᠵᠢᠵᠢᠭ ᠪᠢᠴᠢᠯ ᠠᠵᠤ | ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠭᠤᠶᠤᠴᠢᠯᠠᠵᠤ ᠪᠣᠯᠤᠨ᠎ᠠ︔ ᠠᠩᠬ᠎ᠠ | ᠤᠳᠠᠭ᠎ᠠ ᠠᠮᠵᠢᠯᠲᠠ ᠲᠠᠢ ᠪᠠᠷ ᠠᠳᠠᠯ ᠦᠢᠯᠡᠰ ᠴᠣᠭᠴᠠᠯᠠᠭᠰᠠᠨ ᠰᠤᠷᠭᠠᠭᠤᠯᠢ ᠠᠴᠠ ᠪᠠᠨ ᠰᠠᠯᠤᠭᠠᠳ ᠬᠤᠶᠠᠷ | ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ︵ᠰᠤᠷᠭᠠᠭᠤᠯᠢ ᠳᠤ ᠪᠠᠶᠢᠭ᠎ᠠ | ᠰᠣᠷᠣᠭᠴᠢ ᠪᠠᠭᠲᠠᠨ᠎ᠠ︶᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠪᠦᠷᠢᠳᠬᠡᠨ ᠳᠠᠩᠰᠠᠯᠠᠭᠤᠯᠤᠭᠠᠳ 1 ᠵᠢᠯ ᠠᠴᠠ | ᠳᠡᠭᠡᠭᠰᠢ ᠪᠣᠯᠤᠭᠰᠠᠨ᠂ ᠪᠤᠰᠤᠳ ᠬᠥᠳᠡᠯᠮᠦᠷᠢᠴᠢᠳ ᠢ ᠳᠠᠶᠢᠴᠢᠯᠠᠨ ᠠᠵᠢᠯ ᠣᠯᠭᠤᠭᠰᠠᠨ ᠮᠥᠷᠲᠡᠭᠡᠨ ᠬᠡᠪ ᠤᠨ | ᠪᠠᠶᠢᠳᠠᠯ ᠢᠶᠠᠷ ᠮᠡᠳᠡᠭᠦᠯᠵᠦ ᠭᠠᠶᠢᠯᠢ ᠲᠤᠰᠢᠶᠠᠭᠰᠠᠨ ᠪᠠᠶᠢᠪᠠᠯ᠂ ᠨᠥᠬᠦᠴᠡᠯ ᠳᠤ ᠨᠡᠶᠢᠴᠡᠭᠰᠡᠨ ᠪᠠᠶᠢᠪᠠᠯ 5000 | ᠲᠥᠭᠦᠷᠢᠭ ᠠᠴᠠ ᠳᠣᠤᠷ᠎ᠠ ᠥᠬᠡᠶ ᠨᠢᠭᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ | ᠣᠯᠭᠤᠨ᠎ᠠ︔ ᠲᠡᠭᠦᠰᠦᠭᠡᠳ 5 ᠵᠢᠯ ᠤᠨ ᠳᠣᠲᠣᠷ᠎ᠠ ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ | ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠡᠭᠦᠳᠦᠨ ᠡᠷᠬᠢᠯᠡᠭᠰᠡᠨ ᠨᠡᠪᠴᠢᠭᠦᠯᠬᠦ ᠠᠵᠤ ᠠᠬᠤᠶᠢᠯᠠᠯ ᠨᠢ ᠶᠡᠷᠦᠩᠬᠡᠶ | ᠡᠷᠥᠭᠡ ᠶᠢᠨ ᠲᠤᠭ᠎ᠠ ᠶᠢᠨ 50% ᠵᠢᠴᠢ ᠲᠡᠭᠦᠨ ᠠᠴᠠ ᠳᠡᠭᠡᠭᠰᠢᠬᠢ ᠶᠢ ᠡᠵᠡᠯᠡᠬᠦ ᠠᠳᠠᠯ ᠦᠢᠯᠡᠰ ᠪᠤᠰᠬᠠᠬᠤ | ᠬᠦᠷᠢᠶᠡᠯᠡᠩ ︵ᠬᠦᠮᠦᠵᠢᠭᠦᠯᠬᠦ ᠰᠠᠭᠤᠷᠢᠨ ᠭᠠᠵᠠᠷ︶ ᠨᠢ ᠤᠶᠤᠲᠠᠳ ᠤᠨ ᠠᠳᠠᠯ ᠦᠢᠯᠡᠰ ᠪᠤᠰᠬᠠᠬᠤ ᠬᠦᠷᠢᠶᠡᠯᠡᠩ ︵ | ᠬᠦᠮᠦᠵᠢᠭᠦᠯᠬᠦ ᠰᠠᠭᠤᠷᠢᠨ ᠭᠠᠵᠠᠷ︶ ᠢ ᠬᠢᠨᠠᠨ ᠦᠨᠡᠯᠡᠵᠦ ᠪᠣᠯᠤᠨ᠎ᠠ᠃ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠠᠮᠳᠠᠭᠤᠯᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ | ᠦᠨᠳᠦᠰᠦᠨ ᠱᠠᠲᠤᠨ ᠤ ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠤᠨ | ᠪᠠᠶᠢᠷᠢ ᠳᠤ ᠣᠴᠢᠵᠤ ᠠᠵᠢᠯ ᠣᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠲᠤ᠂ ᠳᠡᠭᠡᠳᠦ ᠰᠤᠷᠭᠠᠭᠤᠯᠢ | ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠠᠶᠢᠮᠠᠭ ᠤᠨ ᠬᠤᠷᠢᠶ᠎ᠠ᠂ | ᠠᠵᠢᠯᠴᠢᠨ ᠤ ᠡᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 3. ᠠᠵᠢᠯ ᠤᠯᠬᠤ ᠳᠤ ᠬᠦᠴᠢᠷᠲᠡᠶ ᠲᠡᠭᠦᠰᠬᠦ ᠰᠤᠷᠤᠭᠴᠢᠳ ᠢ ᠲᠦᠢᠯ ᠤᠨ ᠣᠨᠣᠪᠴᠢᠲᠠᠶ ᠪᠠᠷ ᠬᠠᠪᠰᠤᠷᠤᠨ | ᠲᠡᠳᠬᠦᠬᠦ ᠠᠵᠢᠯ ᠢ ᠥᠷᠨᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠬᠦ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠭᠥᠷᠳᠡᠵᠦ ᠪᠠᠶᠢᠭ᠎ᠠ ᠭᠡᠷ ᠪᠦᠯᠢ᠂ ᠨᠢᠭᠡ ᠴᠦ ᠠᠵᠢᠯ ᠣᠯᠤᠭᠠᠳᠤᠶ ᠭᠡᠷ ᠪᠦᠯᠢ ᠵᠢᠴᠢ ᠵᠡᠮᠳᠡᠭ᠂ ᠨᠡᠯᠢᠶᠡᠳ ᠤᠷᠲᠤ | ᠬᠤᠭᠤᠴᠠᠭ᠎ᠠ ᠪᠠᠷ ᠠᠵᠢᠯ ᠣᠯᠤᠭᠠᠳᠤᠶ ᠵᠡᠷᠭᠡ ᠣᠨᠴᠠ ᠬᠦᠴᠢᠷᠳᠡᠯ ᠲᠠᠢ ᠠᠵᠢᠯ ᠣᠯᠤᠭᠠᠳᠤᠶ ᠳᠡᠭᠡᠳᠦ ᠰᠤᠷᠭᠠᠭᠤᠯᠢ | ᠲᠡᠭᠦᠰᠦᠭᠰᠡᠳ ᠲᠤ ᠬᠠᠪᠰᠤᠷᠤᠨ ᠲᠡᠳᠬᠦᠬᠦ ᠡᠬᠡ ᠲᠠᠩᠰᠠ ᠪᠠᠶᠢᠭᠤᠯᠵᠤ᠂ ︽ᠨᠢᠭᠡ ᠬᠥᠮᠦᠨ ᠳᠤ ᠨᠢᠭᠡ ᠪᠣᠳᠣᠯᠭ᠎ᠠ | ᠬᠡᠷᠡᠭᠵᠢᠭᠦᠯᠬᠦ︾ ᠬᠠᠪᠰᠤᠷᠤᠨ ᠲᠡᠳᠬᠦᠬᠦ ᠲᠥᠯᠥᠪᠯᠡᠭᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠲᠤᠰᠬᠠᠶᠢᠵᠢᠭᠰᠠᠨ | ᠠᠵᠢᠯ ᠮᠡᠷᠭᠡᠵᠢᠯ ᠤᠨ ᠵᠢᠯᠣᠭᠤᠳᠣᠯᠭ᠎ᠠ ᠶᠢᠨ ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ ᠠᠵᠢᠯ ᠤᠨ | ᠪᠠᠶᠢᠷᠢ ᠶᠢ ᠤᠷᠢᠳᠠᠪᠠᠷ ᠪᠠᠲᠤᠯᠠᠨ ᠲᠠᠨᠢᠯᠴᠠᠭᠤᠯᠵᠤ᠂ ᠲᠥᠷᠥ ᠶᠢᠨ ᠪᠣᠳᠣᠯᠭ᠎ᠠ ᠶᠢ ᠤᠷᠢᠳᠠᠪᠠᠷ ᠨᠠᠶᠢᠳᠠᠪᠤᠷᠢᠵᠢᠭᠤᠯᠤᠨ᠂ | ᠪᠣᠯᠪᠠᠰᠤᠷᠠᠭᠤᠯᠤᠯ ᠳᠤ ᠳᠠᠭᠠᠵᠤ ᠰᠤᠷᠬᠤ ᠶᠢ ᠤᠷᠢᠳᠠᠪᠠᠷ ᠵᠣᠬᠢᠶᠠᠨ ᠪᠠᠶᠢᠭᠤᠯᠵᠤ᠂ ᠠᠯᠢ ᠲᠦᠷᠭᠡᠨ ᠢᠶᠠᠷ ᠠᠵᠢᠯ | ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠲᠤ ᠠᠵᠢᠯ ᠤᠯᠬᠤ ᠳᠤ ᠦᠨᠡᠬᠡᠷ | ᠬᠦᠴᠢᠷᠲᠡᠶ ᠪᠠᠶᠢᠪᠠᠯ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠬᠠᠩᠭᠠᠵᠤ ᠠᠵᠢᠯ | ᠣᠯᠭᠤᠯᠲᠠ ᠶᠢ ᠲᠤᠰᠠᠯᠠᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︶ | 4. ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠬᠥᠮᠦᠨ | ᠬᠡᠷᠡᠭᠯᠡᠬᠦ ᠨᠢᠭᠡᠴᠢ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠢᠨᠲ᠋ᠧᠷ | ᠰᠦᠯᠵᠢᠶᠡᠨ ᠤ ᠠᠵᠢᠯᠲᠠᠨ ᠡᠯᠰᠡᠬᠦ ᠲᠠᠪᠴᠠᠩ ᠤᠨ ᠠᠵᠢᠯᠲᠠᠨ ᠡᠯᠰᠡᠬᠦ ᠦᠢᠯᠡ ᠠᠵᠢᠯᠯᠠᠭ᠎ᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ︽ᠨᠢᠭᠤᠴᠠ ᠵᠠᠭᠤᠴᠢ︾᠂ ᠬᠤᠳᠠᠯ ᠬᠠᠭᠤᠷᠮᠠᠭ ᠢᠶᠠᠷ ᠠᠵᠢᠯᠲᠠᠨ ᠡᠯᠰᠡᠬᠦ᠂ | ᠳᠤᠷ᠎ᠠ ᠪᠠᠷ ᠢᠶᠠᠨ ᠰᠦᠢᠳᠭᠡᠯ ᠬᠤᠷᠢᠶᠠᠬᠤ᠂ ᠠᠵᠢᠯ ᠣᠯᠭᠤᠯᠲᠠ ᠶᠢᠨ ᠭᠠᠳᠠᠭᠤᠷᠴᠢᠯᠠᠯ ᠵᠢᠴᠢ ᠠᠵᠢᠯ ᠡᠷᠢᠬᠦ᠂ ᠠᠵᠢᠯ | ᠤᠯᠬᠤ᠂ ᠠᠳᠠᠯ ᠦᠢᠯᠡᠰ ᠴᠣᠭᠴᠠᠯᠠᠬᠤ ᠪᠠᠷ ᠨᠡᠷ᠎ᠡ ᠪᠣᠯᠭᠠᠭᠰᠠᠨ ᠢᠲᠡᠭᠡᠮᠵᠢᠲᠦ ᠵᠢᠭᠡᠯᠡᠯᠭᠡ ᠶᠢᠨ ᠮᠡᠬᠡᠯᠡᠯ ᠪᠠ | ᠳᠠᠮᠵᠢᠭᠤᠯᠤᠨ ᠪᠣᠷᠣᠯᠠᠭᠤᠯᠬᠤ᠂ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ | ᠶᠣᠰᠣᠭᠠᠷ ᠴᠣᠬᠢᠯᠲᠠ ᠥᠭᠭᠦᠨ᠎ᠡ᠃ ᠬᠥᠮᠦᠨ ᠬᠡᠷᠡᠭᠯᠡᠬᠦ ᠨᠢᠭᠡᠴᠢ ᠶᠢᠨ ᠤᠷᠢᠨ ᠬᠡᠷᠡᠭᠯᠡᠬᠦ ᠬᠠᠷ᠎ᠠ ᠲᠠᠩᠰᠠ ᠶᠢᠨ | ᠲᠦᠷᠢᠮ ᠢ ᠪᠠᠶᠢᠭᠤᠯᠵᠤ᠂ ᠠᠵᠢᠯ ᠣᠯᠭᠤᠯᠲᠠ ᠶᠢᠨ ᠭᠠᠳᠠᠭᠤᠷᠴᠢᠯᠠᠯ᠂ ᠮᠡᠬᠡᠯᠡᠯ ᠵᠡᠷᠭᠡ ᠠᠰᠠᠭᠤᠳᠠᠯ ᠣᠷᠣᠰᠢᠵᠤ | ᠪᠠᠶᠢᠬᠤ ᠶᠢ ᠮᠠᠭᠠᠳᠯᠠᠨ ᠲᠣᠭᠲᠠᠭᠠᠭᠰᠠᠨ ᠬᠥᠮᠦᠨ ᠬᠡᠷᠡᠭᠯᠡᠬᠦ ᠨᠢᠭᠡᠴᠢ ᠶᠢ ᠬᠠᠷ᠎ᠠ ᠲᠠᠩᠰᠠ ᠳᠤ ᠣᠷᠣᠭᠤᠯᠤᠨ᠂ | ᠲᠣᠭᠲᠠᠭᠰᠠᠨ ᠬᠤᠭᠤᠴᠠᠭ᠎ᠠ ᠲᠠᠢ ᠪᠠᠷ ᠲᠡᠭᠦᠰᠦᠭᠰᠡᠳ ᠲᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ | ᠲᠡᠭᠦᠰᠦᠭᠰᠡᠳ ᠤᠨ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠬᠤᠲᠠ ᠪᠠᠯᠭᠠᠰᠤᠨ ᠤ ᠨᠢᠭᠡ ᠴᠦ ᠬᠥᠮᠦᠨ ᠠᠵᠢᠯ ᠣᠯᠤᠭᠰᠠᠨ ᠥᠬᠡᠶ ᠬᠡᠷ ᠪᠦᠯᠢ ᠳᠤ ᠭᠦᠢᠴᠡᠳ | ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ | 5. ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢ ᠬᠦᠴᠦᠯᠡᠨ ᠠᠬᠢᠭᠤᠯᠤᠨ᠎ᠠ᠃ ᠵᠠᠬ᠎ᠠ ᠳᠡᠯᠭᠡᠭᠦᠷ ᠤᠨ ᠠᠵᠢᠯ | ᠣᠯᠭᠤᠯᠲᠠ ᠶᠢ ᠬᠤᠲᠠ ᠪᠠᠯᠭᠠᠰᠤ ᠶᠢᠨ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ ᠪᠦᠷᠢᠯᠳᠦᠬᠦᠨ ᠤ | ᠳᠠᠬᠢᠨ ᠠᠵᠢᠯ ᠣᠯᠭᠤᠯᠲᠠ ᠶᠢ ᠪᠡᠶᠡᠯᠡᠭᠦᠯᠬᠦ ᠬᠠᠮᠤᠭ ᠤᠨ ᠰᠢᠯᠢᠳᠡᠭ ᠠᠷᠭ᠎ᠠ ᠵᠠᠮ ᠪᠣᠯᠭᠠᠵᠤ᠂ ᠰᠦᠯᠵᠢᠶᠡᠨ ᠤ | ᠭᠠᠳᠠᠨ᠎ᠠ ᠪᠠ ᠰᠦᠯᠵᠢᠶᠡᠨ ᠠᠴᠠ ᠭᠠᠳᠠᠭᠤᠷ ᠠᠵᠢᠯᠲᠠᠨ ᠡᠯᠰᠡᠬᠦ ᠪᠠᠶᠢᠩᠭᠤ ᠶᠢᠨ ᠦᠢᠯᠡᠴᠢᠯᠡᠭᠡ ᠲᠠᠢ | ᠤᠶᠠᠯᠳᠤᠭᠤᠯᠤᠨ᠂ ︽ᠳᠥᠷᠪᠡ ᠶᠢ ᠨᠢᠭᠡ ᠴᠤᠭᠴᠠᠵᠢᠭᠤᠯᠬᠤ︾ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨ | ᠲᠠᠪᠴᠠᠩ ᠳᠤ ᠲᠦᠰᠢᠭᠯᠡᠨ᠂ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠶ ᠪᠠᠷ ᠳᠣᠭᠢᠷᠠᠭᠤᠯᠬᠤ ᠶᠢ ᠥᠷᠨᠢᠭᠦᠯᠵᠦ᠂ | ︽ᠬᠡᠷ ᠲᠤᠨᠢ ᠬᠦᠷᠴᠦ ᠠᠵᠢᠯ ᠤᠨ ᠪᠠᠶᠢᠷᠢ ᠬᠦᠷᠭᠡᠬᠦ︾ ᠦᠢᠯᠡᠴᠢᠯᠡᠭᠡ ᠬᠠᠩᠭᠠᠨ᠎ᠠ᠃ ︽ᠬᠢᠩᠭᠠᠨ︾ ᠳᠤ ᠮᠢᠩᠭᠠᠨ | ᠲᠠᠯᠠᠪᠤᠷ ᠠᠵᠢᠯᠲᠠᠨ ᠡᠯᠰᠡᠬᠦ ᠠᠵᠢᠯᠯᠠᠭ᠎ᠠ ᠶᠢ ᠬᠡᠷᠡᠭᠵᠢᠭᠦᠯᠵᠦ᠂ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ | ᠪᠦᠷᠢᠯᠳᠦᠬᠦᠨ᠂ ᠵᠡᠮᠳᠡᠭᠴᠦᠳ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠣᠷᠳᠣ | ᠬᠤᠭᠤᠴᠠᠭ᠎ᠠ ᠪᠠᠷ ᠠᠵᠢᠯ ᠠᠯᠳᠠᠭᠰᠠᠳ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠤᠯᠬᠤ ᠬᠡᠷᠡᠭᠴᠡᠭᠡ | ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠪᠥᠬᠦ ᠵᠢᠯ ᠳᠤ ᠡᠯ᠎ᠡ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢ | 1000 ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠪᠠ᠃ 2 ᠳ᠋ᠤᠭᠠᠷ ᠰᠠᠷ᠎ᠠ ᠳᠤ᠂ ᠠᠵᠢᠯ ᠣᠯᠭᠤᠯᠲᠠ ᠶᠢᠨ | ᠲᠤᠰᠠᠯᠠᠮᠵᠢ ᠶᠢᠨ ᠰᠠᠷ᠎ᠠ᠂ ᠤᠯᠠᠷᠢᠯ ᠪᠦᠷᠢ ᠶᠢᠨ ᠲᠦᠷᠦᠭᠦᠦ ᠰᠠᠷ᠎ᠠ ᠳᠤ ︽ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠠᠵᠢᠯᠲᠠᠨ ᠡᠯᠰᠡᠬᠦ ᠭᠠᠷᠠᠭ ᠵᠡᠷᠭᠡ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠦᠴᠢᠷᠳᠡᠯᠲᠡᠢ | ᠬᠥᠮᠦᠰ ᠢ ᠲᠥᠪᠯᠡᠷᠡᠭᠦᠯᠦᠨ ᠲᠡᠳᠬᠦᠵᠦ ᠠᠵᠢᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ | ᠬᠤᠯᠪᠣᠭ᠎ᠠ᠂ ᠡᠪᠯᠡᠯ ᠤᠨ ᠠᠶᠢᠮᠠᠭ ᠤᠨ ᠵᠥᠪᠯᠡᠯ᠂ ᠠᠵᠢᠯᠴᠢᠨ ᠤ ᠡᠪᠯᠡᠯ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︶ | 6. ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠃ ︽ᠬᠢᠩᠭᠠᠨ ᠤ ᠡᠳᠦᠷ ᠤᠨ ᠬᠦᠴᠦᠨ ᠤ ᠵᠠᠬ᠎ᠠ | ᠳᠡᠯᠭᠡᠭᠦᠷ︾ ᠤᠨ ᠶᠠᠰᠤ ᠴᠢᠨᠠᠷ ᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠠᠵᠢᠯ ᠢ ᠭᠦᠨᠵᠡᠭᠡᠶ ᠠᠬᠢᠭᠤᠯᠵᠤ᠂ | ᠵᠢᠯ ᠤᠨ ᠳᠣᠲᠣᠷ᠎ᠠ ᠬᠤᠰᠢᠭᠤ ᠰᠢᠶᠠᠨ ᠬᠤᠲᠠ ᠪᠣᠯᠭᠠᠨ ᠳᠤ ᠨᠠᠭᠠᠳᠤ ᠵᠠᠬ᠎ᠠ ᠳᠠᠭᠠᠨ ᠪᠣᠳᠠᠲᠠᠶ ᠶᠢ ᠡᠷᠬᠢᠮᠯᠡᠭᠰᠡᠨ | ᠬᠡᠷᠡᠭᠴᠡᠭᠡ ᠲᠠᠢ ᠰᠦᠯᠵᠢᠶᠡᠨ ᠠᠴᠠ ᠭᠠᠳᠠᠭᠤᠷᠬᠢ ᠡᠳᠦᠷ ᠤᠨ ᠬᠦᠴᠦᠨ ᠤ ᠵᠠᠬ᠎ᠠ ᠳᠡᠯᠭᠡᠭᠦᠷ ᠢ 1 ᠰᠢᠨ᠎ᠡ ᠪᠠᠷ | ᠪᠠᠶᠢᠭᠤᠯᠵᠤ᠂ ︽ᠬᠢᠩᠭᠠᠨ ᠤ ᠡᠳᠦᠷ ᠤᠨ ᠬᠦᠴᠦᠨ ᠤ ᠠᠵᠢᠯ︾ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠲᠠᠪᠴᠠᠩ ᠢᠶᠠᠷ ᠳᠠᠮᠵᠢᠭᠤᠯᠤᠨ ᠬᠤᠲᠠ ᠪᠠᠯᠭᠠᠰᠤᠨ ᠤ ᠨᠢᠭᠡ ᠴᠦ ᠬᠥᠮᠦᠨ ᠠᠵᠢᠯ ᠣᠯᠤᠭᠰᠠᠨ ᠦᠭᠡᠶ | ᠭᠡᠷ ᠪᠦᠯᠢ ᠶᠢᠨ ᠪᠦᠷᠢᠯᠳᠦᠬᠦᠨ ᠳᠤ ᠡᠳᠦᠷ ᠤᠨ ᠬᠦᠴᠦᠨ ᠤ ᠠᠵᠢᠯ ᠤᠨ ᠮᠡᠳᠡᠭᠡ ᠵᠠᠩᠭᠢ ᠬᠠᠩᠭᠠᠵᠤ᠂ ᠲᠡᠳᠡᠨ ᠤ | ᠠᠮᠢᠳᠤᠯᠢᠭ ᠢᠶᠠᠷ ᠠᠵᠢᠯ ᠤᠯᠬᠤ ᠶᠢ ᠵᠣᠷᠢᠭᠵᠢᠭᠤᠯᠵᠤ᠂ ᠠᠮᠢᠳᠤᠯᠢᠭ ᠢᠶᠠᠷ ᠠᠵᠢᠯ ᠣᠯᠤᠭᠰᠠᠨ ᠬᠤᠲᠠ ᠪᠠᠯᠭᠠᠰᠤᠨ ᠤ | ᠨᠢᠭᠡ ᠴᠦ ᠠᠵᠢᠯ ᠣᠯᠤᠭᠰᠠᠨ ᠦᠭᠡᠶ ᠭᠡᠷ ᠪᠦᠯᠢ ᠶᠢᠨ ᠪᠦᠷᠢᠯᠳᠦᠬᠦᠨ ᠢ ᠠᠵᠢᠯ ᠣᠯᠭᠤᠯᠲᠠ ᠶᠢᠨ ᠮᠡᠳᠡᠭᠡ ᠵᠠᠩᠭᠢ ᠶᠢ | ᠬᠢᠨᠠᠨ ᠰᠢᠯᠭᠠᠬᠤ ᠲᠠᠪᠴᠠᠩ ᠤᠨ ᠬᠡᠪᠴᠢᠶᠡᠨ ᠳᠤ ᠣᠷᠣᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ ᠤᠨ | ᠨᠥᠬᠦᠴᠡᠯ ᠳᠤ ᠨᠡᠶᠢᠴᠡᠪᠡᠯ᠂ ᠲᠡᠭᠦᠨ ᠤ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠦᠢᠳᠭᠡᠯ ᠳᠤ ᠨᠡᠶᠢᠭᠡᠮ ᠤᠨ | ᠳᠠᠭᠠᠳᠬᠠᠯ ᠤᠨ ᠨᠥᠬᠦᠪᠥᠷᠢ ᠣᠯᠭᠤᠵᠤ᠂ ᠨᠥᠬᠦᠪᠥᠷᠢ ᠥᠭᠬᠦ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠲᠡᠭᠦᠨ ᠤ | ᠪᠣᠳᠠᠲᠠᠶ ᠲᠤᠰᠢᠶᠠᠭᠰᠠᠨ ᠰᠦᠢᠳᠭᠡᠯ ᠤᠨ 2/3 ᠠᠴᠠ ᠬᠡᠲᠦᠷᠡᠭᠦᠯᠵᠦ ᠪᠣᠯᠬᠤ ᠥᠬᠡᠶ᠂ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠬᠦᠷᠲᠡᠯ᠎ᠡ 5 ᠵᠢᠯ ᠬᠥᠷᠬᠦ ᠥᠬᠡᠶ ᠠᠵᠢᠯ ᠤᠯᠬᠤ ᠳᠤ ᠬᠦᠴᠢᠷᠲᠡᠶ | ᠬᠥᠮᠦᠰ ᠢ ᠠᠵᠢᠯ ᠠᠴᠠ ᠪᠠᠨ ᠪᠠᠭᠤᠵᠤ ᠠᠮᠠᠷᠠᠬᠤ ᠪᠣᠯᠲᠠᠯ᠎ᠠ ᠤᠷᠲᠤᠳᠬᠠᠵᠤ ᠪᠣᠯᠬᠤ ᠶᠢ ᠭᠠᠷᠭᠠᠪᠠᠯ᠂ ᠪᠤᠰᠤᠳ | ᠬᠥᠮᠦᠰ ᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠥᠬᠡᠶ᠃ ᠡᠷᠲᠡ ᠣᠷᠣᠶ ᠶᠢᠨ | ᠬᠤᠲᠠ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ 2023 ᠣᠨ ᠳᠤ ᠪᠥᠬᠦ ᠠᠶᠢᠮᠠᠭ ᠲᠤ 5 ᠡᠷᠲᠡ | ᠣᠷᠣᠶ ᠶᠢᠨ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠣᠲᠣ ᠶᠢᠨ ᠪᠠᠶᠢᠭ᠎ᠠ | ᠵᠠᠬ᠎ᠠ ᠳᠡᠯᠭᠡᠭᠦᠷ ᠤᠨ ᠬᠡᠪᠴᠢᠶ᠎ᠡ ᠶᠢ ᠥᠷᠭᠡᠳᠬᠡᠨ᠂ ᠴᠢᠳᠠᠮᠵᠢ ᠶᠢ ᠲᠡᠭᠦᠯᠳᠡᠷᠵᠢᠭᠦᠯᠵᠦ᠂ 200 ᠳᠡᠯᠭᠡᠭᠡ ᠮᠠᠶᠢᠮᠠᠶ ᠶᠢᠨ | ᠣᠷᠣ ᠶᠢ ᠰᠢᠨ᠎ᠡ ᠪᠠᠷ ᠨᠡᠮᠡᠭᠳᠡᠭᠦᠯᠦᠨ᠂ ᠲᠣᠰ ᠵᠢᠯ ᠤᠨ ᠰᠢᠨ᠎ᠡ ᠪᠠᠷ ᠨᠡᠭᠡᠭᠡᠨ ᠬᠥᠭᠵᠢᠭᠦᠯᠬᠦ ᠡᠷᠲᠡ ᠶᠢᠨ ᠵᠠᠬ᠎ᠠ | ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ᠂ ᠠᠷᠠᠳ ᠲᠤ ᠠᠰᠢᠭᠲᠠᠶ ᠡᠳ᠋ ᠪᠣᠳᠠᠰ ᠢ ᠬᠤᠪᠢᠶᠠᠨ ᠡᠳ᠋ᠯᠡᠬᠦ ᠴᠤᠭᠯᠠᠭ᠎ᠠ | ᠮᠠᠶᠢᠮᠠᠶ ᠪᠤᠶᠤ ᠬᠦᠷᠢ ᠬᠤᠷᠣᠬᠠᠶ ᠶᠢᠨ ᠵᠠᠬ᠎ᠠ ᠳᠡᠯᠭᠡᠭᠦᠷ ᠤᠨ ᠶᠡᠷᠦᠩᠬᠡᠶ ᠲᠤᠭ᠎ᠠ ᠬᠡᠮᠵᠢᠶ᠎ᠡ ᠨᠢ 3 ᠠᠴᠠ ᠳᠡᠭᠡᠭᠰᠢ | ᠬᠤᠰᠢᠭᠤ ᠰᠢᠶᠠᠨ ᠬᠤᠲᠠ ᠶᠢᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠪᠥᠭᠡᠳ ᠪᠥᠲᠥᠭᠡᠨ ᠪᠠᠶᠢᠭᠤᠯᠬᠤ | ᠪᠠᠷᠢᠮᠵᠢᠶ᠎ᠠ ᠳᠤ ᠬᠦᠷᠦᠭᠰᠡᠨ ᠵᠠᠬ᠎ᠠ ᠳᠡᠯᠭᠡᠭᠦᠷ ᠲᠤ᠂ ᠨᠥᠬᠦᠴᠡᠯ ᠳᠤ ᠨᠡᠶᠢᠴᠡᠭᠰᠡᠨ ᠪᠠᠶᠢᠪᠠᠯ᠂ ᠪᠥᠲᠥᠭᠡᠨ ᠪᠠᠶᠢᠭᠤᠯᠬᠤ | ᠭᠤᠤᠯ ᠴᠣᠭᠴᠠ ᠳᠤ 5 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠣᠯᠭᠤᠨ᠎ᠠ᠃ ᠰᠣᠬᠤᠷ | ᠬᠥᠮᠦᠨ ᠤ ᠵᠠᠮ᠂ ᠭᠠᠯ ᠤᠨᠲᠠᠷᠠᠭᠠᠬᠤ ᠨᠡᠪᠳᠡᠷᠡᠯ ᠵᠠᠮ ᠢ ᠡᠵᠡᠯᠡᠬᠦ ᠥᠭᠡᠢ᠂ ᠶᠠᠪᠠᠭᠠᠨ ᠬᠥᠮᠦᠨ᠂ ᠲᠡᠷᠭᠡ ᠬᠥᠰᠬᠡ | ᠶᠢᠨ ᠬᠡᠪ ᠤᠨ ᠶᠣᠰᠣᠭᠠᠷ ᠨᠡᠪᠲᠡᠷᠡᠬᠦ ᠢ ᠨᠥᠯᠥᠭᠡᠯᠡᠬᠦ ᠥᠭᠡᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠣᠭᠲᠠᠭᠠᠯ ᠢ ᠵᠥᠷᠢᠴᠡᠬᠦ ᠥᠭᠡᠢ᠂ ᠪᠤᠰᠤᠳ ᠤᠨ ᠬᠠᠤᠯᠢ ᠶᠣᠰᠣᠨ ᠤ ᠠᠰᠢᠭ ᠲᠤᠰᠠ ᠢ ᠬᠤᠬᠢᠷᠠᠭᠤᠯᠬᠤ ᠥᠭᠡᠢ | ᠪᠠᠶᠢᠬᠤ ᠤᠷᠢᠲᠠᠯ ᠤᠨ ᠳᠣᠣᠷ᠎ᠠ᠂ ᠡᠯ᠎ᠡ ᠭᠠᠵᠠᠷ ᠤᠳ ᠠᠭᠤᠳᠠᠮ ᠲᠠᠯᠠᠪᠠᠢ᠂ ᠶᠠᠪᠠᠭᠠᠨ ᠵᠡᠭᠡᠯᠢ ᠵᠢᠴᠢ ᠡᠷᠬᠢᠨ | ᠲᠣᠭᠤᠷᠢᠨ᠂ ᠴᠡᠴᠡᠷᠯᠢᠭ ᠤᠨ ᠡᠷᠬᠢᠨ ᠲᠣᠭᠤᠷᠢᠨ ᠳᠤ ᠲᠥᠷ ᠴᠠᠭ ᠤᠨ ᠳᠡᠯᠭᠡᠭᠡ ᠳᠡᠯᠭᠡᠭᠦᠷ ᠤᠨ ᠲᠣᠭᠤᠷᠢᠭ | ᠨᠡᠭᠡᠭᠡᠬᠦ ᠢ ᠵᠣᠷᠢᠭᠵᠢᠭᠤᠯᠤᠨ᠎ᠠ᠃ ᠵᠢᠵᠢᠭ ᠳᠡᠯᠭᠡᠭᠦᠷ ᠵᠢᠵᠢᠭ ᠳᠡᠯᠭᠡᠭᠦᠷ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠳᠡᠩᠰᠡᠯᠡᠨ ᠲᠡᠮᠳᠡᠭᠯᠡᠬᠦ ᠴᠤᠪᠤᠷᠠᠯ ᠢ ᠳᠥᠭᠦᠮᠴᠢᠯᠡᠵᠦ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ | ᠳᠡᠩᠰᠡᠯᠡᠨ ᠲᠡᠮᠳᠡᠭᠯᠡᠬᠦ ᠶᠢ ᠳᠡᠯᠭᠡᠷᠡᠭᠦᠯᠵᠦ᠂ ᠮᠠᠲ᠋ᠧᠷᠢᠶᠠᠯ ᠨᠢ ᠪᠦᠷᠢᠨ ᠭᠦᠶ᠋ᠴᠡᠳ ᠪᠥᠭᠡᠳ ᠬᠠᠤᠯᠢ ᠳᠤ ᠨᠡᠶᠢᠴᠡᠭᠰᠡᠨ | ᠪᠠᠶᠢᠪᠠᠯ᠂ ᠲᠡᠷᠡ ᠳᠠᠷᠤᠶ ᠳᠤᠨᠢ ᠭᠦᠢᠴᠡᠳᠭᠡᠵᠦ ᠳᠠᠭᠤᠰᠬᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ | ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ︶ | 7.ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ᠎ᠠ᠃ ︽ᠬᠢᠩᠭᠠᠨ ᠠᠳᠠᠯ | ᠦᠢᠯᠡᠰ ᠴᠣᠭᠴᠠᠯᠠᠬᠤ ᠬᠦᠷᠢᠶᠡᠯᠡᠩ︾ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠯ᠎ᠡ ᠲᠥᠷᠥᠯ ᠤᠨ ᠰᠤᠯᠠ ᠪᠠᠶᠢᠭ᠎ᠠ ᠭᠠᠵᠠᠷ ᠣᠷᠣᠨ ᠭᠡᠷ ᠪᠠᠶᠢᠰᠢᠩ᠂ | ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ ᠪᠠ ᠪᠡᠯᠡ | ᠮᠥᠩᠭᠦᠨ ᠤ ᠳᠡᠮᠵᠢᠯᠭᠡ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠳᠠᠯ ᠦᠢᠯᠡᠰ | ᠴᠣᠭᠴᠠᠯᠠᠬᠤ ᠬᠦᠷᠢᠶᠡᠯᠡᠩ ᠲᠣᠭᠤᠷᠢᠭ᠂ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ᠂ ᠠᠳᠠᠯ | ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠨᠡᠪᠴᠢᠭᠦᠯᠬᠦ ᠪᠠᠭᠠᠵᠢ ᠵᠡᠷᠭᠡ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠡᠷ ᠤᠨ ᠲᠦᠷᠢᠶᠡᠰᠦ ᠶᠢ ᠱᠠᠲᠤᠯᠵᠢᠨ ᠬᠡᠯᠪᠡᠷᠢ ᠪᠠᠷ | ᠬᠠᠰᠤᠵᠤ ᠬᠡᠯᠲᠦᠷᠢᠭᠦᠯᠬᠦ᠂ ᠤᠰᠤ ᠴᠠᠬᠢᠯᠭᠠᠨ ᠤ ᠠᠳᠠᠯ ᠠᠬᠤᠶ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ᠂ | ᠲᠣᠣᠷ ᠰᠦᠯᠵᠢᠶ᠎ᠡ ᠶᠢ ᠪᠦᠬᠦᠨ ᠢ ᠬᠠᠮᠤᠷᠬᠤ ᠵᠡᠷᠭᠡ ᠰᠠᠭᠤᠷᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ | ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ | ᠵᠡᠷᠭᠡ ᠨᠡᠶᠢᠲᠡ ᠴᠣᠭᠴᠠ ᠶᠢᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠠᠳᠠᠯ ᠦᠢᠯᠡᠰ | ᠴᠣᠭᠴᠠᠯᠠᠬᠤ ᠶᠢᠨ ᠵᠢᠯᠣᠭᠤᠳᠣᠯᠭ᠎ᠠ᠂ ᠨᠡᠪᠴᠢᠭᠦᠯᠬᠦ ᠦᠢᠯᠡᠴᠢᠯᠡᠭᠡᠨ ᠢ ᠴᠢᠩᠭᠠᠳᠬᠠᠵᠤ᠂ ᠠᠳᠠᠯ ᠦᠢᠯᠡᠰ | ᠴᠣᠭᠴᠠᠯᠠᠬᠤ ᠶᠢᠨ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ᠂ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ | ᠨᠥᠬᠦᠪᠥᠷᠢ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠬᠦᠪᠥᠷᠢ᠂ ᠠᠳᠠᠯ | ᠦᠢᠯᠡᠰ ᠴᠣᠭᠴᠠᠯᠠᠬᠤ ᠶᠢᠨ ᠳᠠᠳᠤᠯᠭ᠎ᠠ ᠶᠢᠨ ᠨᠥᠬᠦᠪᠥᠷᠢ ᠪᠠ ᠰᠢᠨ᠎ᠡ ᠶᠢ ᠴᠣᠭᠴᠠᠯᠠᠭᠰᠠᠳ ᠢ ᠵᠣᠭᠤᠰ ᠢᠶᠠᠷ | ᠲᠤᠰᠠᠯᠠᠬᠤ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠯ᠎ᠡ | ᠠᠳᠠᠯ ᠦᠢᠯᠡᠰ ᠴᠣᠭᠴᠠᠯᠠᠬᠤ ᠬᠦᠷᠢᠶᠡᠯᠡᠩ ︵ ᠬᠦᠮᠦᠵᠢᠭᠦᠯᠬᠦ ᠰᠠᠭᠤᠷᠢᠨ ᠭᠠᠵᠠᠷ︶ ᠨᠢ ᠡᠩ ᠲᠡᠷᠢᠭᠦᠨ ᠳᠤ ᠠᠳᠠᠯ | ᠦᠢᠯᠡᠰ ᠴᠣᠭᠴᠠᠯᠠᠬᠤ ᠬᠦᠰᠡᠯ ᠰᠠᠨᠠᠭ᠎ᠠ ᠲᠠᠢ ᠬᠤᠲᠠ ᠪᠠᠯᠭᠠᠰᠤ ᠶᠢᠨ ᠨᠢᠭᠡ ᠴᠦ ᠠᠵᠢᠯ ᠣᠯᠤᠭᠰᠠᠨ ᠥᠬᠡᠶ ᠬᠡᠷ | ᠪᠦᠯᠢ ᠶᠢᠨ ᠪᠦᠷᠢᠯᠳᠦᠬᠦᠨ ᠳᠤ ᠣᠷᠣᠵᠤ ᠰᠠᠭᠤᠬᠤ ᠪᠠ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ | ᠲᠥᠬᠦᠷ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠢ ᠬᠠᠩᠭᠠᠨ᠎ᠠ᠃ ᠰᠥᠨᠢ ᠶᠢᠨ ᠠᠵᠤ ᠠᠬᠤᠶ᠂ ︽ᠪᠡᠯᠡᠳᠬᠡᠯ | ᠠᠪᠳᠠᠷ᠎ᠠ ᠶᠢᠨ ᠠᠵᠤ ᠠᠬᠤᠶ︾᠂ ᠵᠢᠵᠢᠭ ᠳᠡᠯᠭᠡᠭᠦᠷ ᠵᠢᠵᠢᠭ ᠳᠡᠯᠭᠡᠭᠦᠷ ᠵᠡᠷᠭᠡ ᠣᠨᠴᠠᠯᠢᠭᠲᠤ ᠡᠵᠡᠩᠨᠡᠯᠲᠡ ᠶᠢ | ᠵᠣᠷᠢᠭᠵᠢᠭᠤᠯᠤᠨ ᠬᠥᠭᠵᠢᠭᠦᠯᠵᠦ᠂ ᠪᠠᠯᠠ ᠣᠷᠣᠭᠤᠯᠤᠯᠲᠠ ᠪᠠᠷ ᠪᠠᠭ᠎ᠠ᠂ ᠲᠦᠭᠰᠢᠭᠦᠷᠢ ᠪᠠᠷ ᠪᠠᠭ᠎ᠠ ᠠᠳᠠᠯ ᠦᠢᠯᠡᠰ | ᠴᠣᠭᠴᠠᠯᠠᠬᠤ ᠲᠥᠷᠥᠯ ᠵᠦᠢᠯ ᠢ ᠡᠭᠦᠳᠦᠨ ᠪᠠᠶᠢᠭᠤᠯᠬᠤ ᠶᠢ ᠬᠥᠲᠥᠯᠦᠨ ᠵᠢᠯᠣᠭᠤᠳᠤᠨ᠎ᠠ᠃ ᠳᠠᠬᠢᠨ ᠵᠢᠭᠡᠯᠡᠯᠭᠡ | ᠲᠠᠯᠪᠢᠵᠤ ᠳᠠᠬᠢᠨ ᠪᠡᠯᠡᠨ ᠵᠣᠭᠤᠰ ᠰᠣᠯᠢᠬᠤ᠂ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠶᠢᠨ | ᠳᠡᠮᠵᠢᠯᠭᠡ ᠶᠢᠨ ᠪᠠᠭᠠᠵᠢ ᠵᠡᠷᠭᠡ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠨ᠂ | ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠠᠳᠠᠯ | ᠦᠢᠯᠡᠰ ᠴᠣᠭᠴᠠᠯᠠᠭᠴᠢ ᠳᠤ ᠤᠯᠤᠰ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ | ᠳᠡᠮᠵᠢᠯᠭᠡ ᠣᠯᠭᠤᠵᠤ᠂ ᠬᠤᠪᠢ ᠬᠥᠮᠦᠨ ᠤ ᠵᠣᠭᠤᠰ ᠵᠢᠭᠡᠯᠡᠭᠴᠢ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ | ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ᠂ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ | ᠠᠬᠤᠶᠢᠯᠠᠯ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ | ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ | ᠪᠣᠭᠤᠮᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠶ᠋ᠯᠭᠡᠭᠡᠨ ᠤ ᠠᠯᠪᠠᠨ ᠬᠡᠷ᠂ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | 8. ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠠᠵᠢᠯ ᠣᠯᠭᠤᠯᠲᠠ ᠶᠢ | ᠠᠬᠢᠭᠤᠯᠤᠨ᠎ᠠ᠃ ᠬᠤᠲᠠ ᠪᠠᠯᠭᠠᠰᠤᠨ ᠤ ᠨᠢᠭᠡ ᠴᠦ ᠠᠵᠢᠯ ᠣᠯᠤᠭᠰᠠᠨ ᠦᠭᠡᠶ ᠭᠡᠷ ᠪᠦᠯᠢ ᠶᠢᠨ ᠪᠦᠷᠢᠯᠳᠦᠬᠦᠨ ᠢ | ᠭᠤᠣᠯᠳᠠᠯᠭ᠎ᠠ ᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠡᠳᠡᠨ ᠢ ᠡᠩ ᠲᠡᠷᠢᠭᠦᠨ ᠳᠤ | ᠡᠯᠰᠡᠨ ᠠᠪᠴᠤ ᠡᠷᠬᠢᠯᠡᠵᠤ ᠬᠢᠬᠦ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠳᠤ | ᠣᠷᠣᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠷᠠᠭᠤᠯᠬᠤ ᠬᠦᠰᠡᠯ ᠰᠠᠨᠠᠭ᠎ᠠ ᠲᠠᠢ | ᠡᠲᠡᠭᠡᠳ ᠲᠤ ᠠᠳᠠᠭ ᠲᠠᠭᠠᠨ ᠨᠢᠭᠡ ᠤᠳᠠᠭ᠎ᠠ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠠᠩᠭᠠᠵᠤ᠂ | ᠨᠥᠬᠦᠴᠡᠯ ᠳᠤ ᠨᠡᠶᠢᠴᠡᠭᠰᠡᠨ᠂ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠬᠤᠲᠠ ᠪᠠᠯᠭᠠᠰᠤ ᠶᠢᠨ ᠨᠢᠭᠡ ᠴᠦ ᠠᠵᠢᠯ | ᠣᠯᠤᠭᠰᠠᠨ ᠥᠭᠡᠢ ᠭᠡᠷ ᠪᠦᠯᠢ ᠶᠢᠨ ᠪᠦᠷᠢᠯᠳᠦᠬᠦᠨ ᠳᠤ ᠡᠳᠦᠷ ᠪᠦᠷᠢ 100 ᠲᠥᠭᠦᠷᠢᠭ ᠤᠨ ᠠᠮᠢᠳᠤᠷᠠᠯ ᠤᠨ ᠵᠠᠮ | ᠬᠠᠷᠢᠯᠴᠠᠭᠠᠨ ᠤ ᠨᠥᠬᠦᠪᠥᠷᠢ ᠣᠯᠭᠤᠬᠤ ᠶᠢᠨ ᠬᠠᠮᠲᠤ 3 ᠠᠴᠠ ᠳᠡᠭᠡᠭᠰᠢ ᠠᠵᠢᠯ ᠣᠯᠭᠤᠬᠤ ᠠᠵᠢᠯ ᠤᠨ ᠪᠠᠶᠢᠷᠢ | ᠲᠠᠨᠢᠯᠴᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︶ | 9. ᠬᠥᠮᠦᠨ ᠬᠡᠷᠡᠭᠯᠡᠬᠦ ᠨᠢᠭᠡᠴᠢ ᠶᠢᠨ ᠠᠵᠢᠯ ᠤᠯᠬᠤ ᠶᠢ ᠵᠣᠷᠢᠭᠵᠢᠭᠤᠯᠤᠨ᠎ᠠ᠃ ᠬᠥᠮᠦᠨ ᠬᠡᠷᠡᠭᠯᠡᠬᠦ | ᠨᠢᠭᠡᠴᠢ ᠶᠢᠨ ᠬᠤᠲᠠ ᠪᠠᠯᠭᠠᠰᠤ ᠶᠢᠨ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ ᠪᠦᠷᠢᠯᠳᠦᠬᠦᠨ ᠢ ᠡᠯᠰᠡᠨ | ᠠᠪᠴᠤ ᠠᠵᠢᠯ ᠣᠯᠭᠤᠬᠤ ᠪᠠ ᠳᠠᠬᠢᠨ ᠠᠵᠢᠯ ᠣᠯᠭᠤᠬᠤ ᠶᠢ ᠶᠡᠬᠡᠪᠡᠷ ᠳᠡᠮᠵᠢᠵᠦ᠂ ᠨᠥᠬᠦᠴᠡᠯ ᠳᠤ ᠨᠡᠶᠢᠴᠡᠭᠰᠡᠨ | ᠪᠠᠶᠢᠪᠠᠯ 1500 ᠲᠥᠭᠦᠷᠢᠭ ᠤᠨ ︽ᠨᠢᠭᠡ ᠤᠳᠠᠭ᠎ᠠ ᠶᠢᠨ ᠴᠢᠨᠠᠷᠲᠠᠶ ᠠᠵᠢᠯ ᠣᠯᠭᠤᠬᠤ ᠨᠥᠬᠦᠪᠥᠷᠢ︾ ᠪᠤᠶᠤ ︽ | ᠨᠢᠭᠡ ᠤᠳᠠᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ︾ ᠣᠯᠭᠤᠨ᠎ᠠ︔ ᠠᠵᠢᠯ | ᠤᠯᠬᠤ ᠳᠤ ᠬᠦᠴᠢᠷᠲᠡᠶ ᠬᠥᠮᠦᠰ ᠤᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠡᠭᠦᠨ ᠲᠠᠢ ᠨᠢᠭᠡ ᠵᠢᠯ ᠠᠴᠠ ᠳᠡᠭᠡᠭᠰᠢ | ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠪᠥᠭᠡᠳ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ | ᠨᠢᠭᠡᠴᠢ ᠳᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠥᠭᠴᠦ᠂ ᠬᠥᠮᠦᠨ ᠬᠡᠷᠡᠭᠯᠡᠬᠦ ᠨᠢᠭᠡᠴᠢ ᠶᠢᠨ ᠠᠵᠢᠯ | ᠤᠯᠬᠤ ᠳᠤ ᠬᠦᠴᠢᠷᠲᠡᠶ ᠬᠥᠮᠦᠰ ᠤᠨ ᠪᠣᠳᠠᠲᠠᠶ ᠲᠤᠰᠢᠶᠠᠭᠰᠠᠨ ᠨᠠᠰᠤᠵᠢᠯ ᠤᠨ ᠦᠨᠳᠦᠰᠦᠨ ᠳᠠᠭᠠᠳᠬᠠᠯ ᠤᠨ | ᠰᠦᠢᠳᠬᠡᠯ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ᠂ ᠡᠮ ᠡᠮᠨᠡᠯᠭᠡ ᠶᠢᠨ ᠦᠨᠳᠦᠰᠦᠨ | ᠳᠠᠭᠠᠳᠬᠠᠯ ᠤᠨ ᠰᠦᠢᠳᠬᠡᠯ ᠤᠨ ᠶᠣᠰᠣᠭᠠᠷ ᠨᠢᠭᠡᠴᠢ ᠳᠤ ᠬᠡᠰᠡᠭ ᠪᠦᠬᠦ ᠲᠤᠭ᠎ᠠ ᠪᠠᠷ ᠨᠥᠬᠦᠪᠥᠷᠢ ᠥᠭᠭᠦᠨ᠎ᠡ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | 10. ᠪᠦᠬᠦᠨ ᠢ ᠳᠠᠭᠠᠭᠠᠨ ᠲᠥᠪᠬᠢᠨᠡᠭᠦᠯᠵᠦ ᠠᠵᠢᠯ ᠣᠯᠭᠤᠨ᠎ᠠ᠃ ᠬᠤᠲᠠ ᠪᠠᠯᠭᠠᠰᠤᠨ ᠤ ᠨᠢᠭᠡ ᠴᠦ ᠬᠥᠮᠦᠨ | ᠠᠵᠢᠯ ᠣᠯᠤᠭᠰᠠᠨ ᠦᠭᠡᠶ ᠭᠡᠷ ᠪᠦᠯᠢ ᠶᠢᠨ ᠪᠦᠷᠢᠯᠳᠦᠬᠦᠨ ᠤ ᠠᠵᠢᠯ ᠤᠨ ᠥᠩᠭᠡᠷᠡᠯᠲᠡ᠂ ᠤᠷ᠎ᠠ ᠮᠡᠷᠭᠡᠵᠢᠯ ᠤᠨ ᠬᠢᠷᠢ | ᠬᠡᠮᠵᠢᠶ᠎ᠡ ᠪᠠ ᠰᠤᠷᠭᠠᠨ ᠬᠥᠮᠦᠵᠢᠯ ᠬᠦᠷᠲᠡᠭᠰᠡᠨ ᠬᠢᠷᠢ ᠬᠡᠮᠵᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠬᠠᠨᠳᠤᠯᠭ᠎ᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ | ᠠᠷᠭ᠎ᠠ︾ ︵ᠥᠪᠥᠷ ᠬᠥᠮᠦᠨ ᠨᠡᠶᠢᠭᠡᠮ ᠠᠴᠠ ᠠᠯᠪᠠᠨ ᠲᠠᠷᠬᠠᠭᠠᠭᠰᠠᠨ ︹ 2020 ︺ 58 ᠳ᠋ᠤᠭᠠᠷ ᠲᠣᠭᠠᠲᠤ︶ | ᠶᠢᠨ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ᠂ ᠵᠠᠬ᠎ᠠ ᠳᠡᠯᠭᠡᠭᠦᠷ ᠲᠤ ᠠᠵᠢᠯ ᠣᠯᠭᠤᠬᠤ ᠶᠢ | ᠪᠡᠶᠡᠯᠡᠭᠦᠯᠬᠦ ᠳᠤ ᠬᠦᠴᠢᠷᠲᠡᠶ ᠬᠤᠲᠠ ᠪᠠᠯᠭᠠᠰᠤ ᠶᠢᠨ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ | ᠪᠦᠷᠢᠯᠳᠦᠬᠦᠨ ᠤ ᠦᠨᠳᠦᠰᠦᠨ ᠵᠦᠢᠯ ᠢ ᠪᠠᠲᠤᠯᠠᠵᠤ ᠠᠵᠢᠯ ᠣᠯᠭᠤᠯᠲᠠ ᠶᠢ ᠲᠤᠰᠠᠯᠠᠬᠤ ᠶᠢ ᠪᠡᠶᠡᠯᠡᠭᠦᠯᠵᠦ᠂ | ᠡᠭᠦᠨ ᠤ ᠬᠠᠮᠲᠤ ᠲᠡᠭᠦᠨ ᠳᠤ ᠠᠵᠢᠯ ᠤᠨ ᠪᠠᠶᠢᠷᠢ ᠶᠢᠨ ᠨᠥᠬᠦᠪᠥᠷᠢ ᠪᠠ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠶᠢ | ᠴᠠᠭ ᠲᠤᠬᠠᠶ ᠳᠤᠨᠢ ᠣᠯᠭᠤᠵᠤ᠂ ᠠᠵᠢᠯ ᠤᠨ ᠪᠠᠶᠢᠷᠢ ᠶᠢᠨ ᠨᠥᠬᠦᠪᠥᠷᠢ ᠶᠢ ᠲᠤᠬᠠᠶ ᠶᠢᠨ ᠭᠠᠵᠠᠷ ᠤᠨ ᠬᠠᠮᠤᠭ ᠤᠨ | ᠳᠣᠤᠷ᠎ᠠ ᠴᠠᠯᠢᠩ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠣᠳᠣᠬᠠᠨ ᠳᠤ ᠤᠯᠠᠭᠠᠨᠬᠤᠲᠠ ᠣᠷᠣᠨ ᠳᠤ 1910 | ᠲᠥᠭᠦᠷᠢᠭ / ᠰᠠᠷ᠎ᠠ᠂ ᠪᠤᠰᠤᠳ ᠬᠤᠰᠢᠭᠤ ᠰᠢᠶᠠᠨ ᠬᠤᠲᠠ ᠳᠤ 1850 ᠲᠥᠭᠦᠷᠢᠭ / ᠰᠠᠷ᠎ᠠ︔ ᠨᠡᠶᠢᠭᠡᠮ ᠤᠨ | ᠳᠠᠭᠠᠳᠬᠠᠯ ᠤᠨ ᠨᠥᠬᠦᠪᠥᠷᠢ ᠶᠢ ᠪᠣᠳᠠᠲᠠᠶ ᠲᠤᠰᠢᠶᠠᠭᠰᠠᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠡᠮ | ᠡᠮᠨᠡᠯᠭᠡ ᠶᠢᠨ ᠦᠨᠳᠦᠰᠦᠨ ᠳᠠᠭᠠᠳᠬᠠᠯ ᠤᠨ ᠵᠠᠷᠤᠳᠠᠯ ᠢᠶᠠᠷ ᠨᠢᠭᠡᠴᠢ ᠶᠢᠨ ᠬᠡᠰᠡᠭ ᠲᠤ ᠪᠦᠬᠦ ᠲᠤᠭ᠎ᠠ ᠪᠠᠷ ᠨᠥᠬᠦᠪᠥᠷᠢ | ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︶ | ︵ᠭᠤᠷᠪᠠ︶ ᠰᠤᠷᠤᠯᠴᠠᠬᠤ ᠬᠦᠰᠡᠯ ᠲᠠᠢ ᠰᠠᠭᠤᠭᠠᠯᠢ ᠠᠷᠠᠳ ᠲᠤ ᠰᠦᠢᠳᠭᠡᠯ ᠬᠤᠷᠢᠶᠠᠬᠤ ᠥᠬᠡᠶ ᠪᠠᠷ | ᠪᠣᠯᠪᠠᠰᠤᠷᠠᠭᠤᠯᠤᠯ ᠬᠢᠵᠦ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ | 11. ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠵᠢᠷᠤᠮᠵᠢᠭᠤᠯᠤᠨ ᠴᠡᠭᠴᠡᠯᠡᠨ᠎ᠡ᠃ ᠨᠢᠭᠡᠳᠦᠭᠡᠷ ᠤᠯᠠᠷᠢᠯ ᠳᠤ ᠠᠷᠠᠳ ᠠᠴᠠ ᠡᠷᠭᠢᠯᠡᠭᠰᠡᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠥᠪᠡᠷ ᠢ ᠪᠠᠨ ᠪᠠᠶᠢᠴᠠᠭᠠᠬᠤ᠂ ᠬᠤᠰᠢᠭᠤ ᠰᠢᠶᠠᠨ ᠬᠤᠲᠠ ᠶᠢ ᠳᠠᠬᠢᠨ | ᠪᠠᠶᠢᠴᠠᠭᠠᠬᠤ ᠪᠠ ᠠᠶᠢᠮᠠᠭ ᠤᠨ ᠱᠠᠲᠤᠨ ᠤ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ | ᠂ ᠪᠥᠬᠦ ᠠᠶᠢᠮᠠᠭ ᠤᠨ ᠠᠷᠠᠳ ᠠᠴᠠ ᠡᠷᠭᠢᠯᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠢᠯᠭᠠᠷᠠᠭᠤᠯᠤᠨ | ᠴᠡᠭᠴᠡᠯᠡᠬᠦ ᠠᠵᠢᠯ ᠢ ᠪᠡᠶᠡᠯᠡᠭᠦᠯᠦᠨ᠎ᠡ᠃ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ | ᠨᠥᠬᠦᠴᠡᠯ᠂ ᠪᠠᠭᠰᠢ ᠶᠢᠨ ᠬᠦᠴᠦᠨ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠪᠣᠯᠪᠠᠰᠤᠷᠠᠭᠤᠯᠤᠯ ᠤᠨ ᠶᠠᠰᠤ | ᠴᠢᠨᠠᠷ ᠵᠢᠴᠢ ᠰᠤᠷᠤᠭᠴᠢᠳ ᠤᠨ ᠠᠵᠢᠯ ᠤᠯᠬᠤ ᠨᠣᠷᠮ᠎ᠠ ᠵᠡᠷᠭᠡ ᠭᠦᠢᠴᠡᠳᠭᠡᠯ ᠲᠤᠭ᠎ᠠ ᠳᠤ ᠭᠤᠤᠯᠳᠠᠯᠭ᠎ᠠ ᠲᠠᠢ | ᠬᠢᠨᠠᠨ ᠰᠢᠯᠭᠠᠯᠲᠠ ᠬᠢᠨ᠎ᠠ᠃ ᠪᠣᠯᠪᠠᠰᠤᠷᠠᠭᠤᠯᠤᠯ ᠤᠨ ᠶᠠᠰᠤ ᠴᠢᠨᠠᠷ ᠢᠶᠠᠷ ᠥᠨᠳᠥᠷ᠂ ᠰᠣᠷᠣᠭᠴᠢ ᠶᠢᠨ ᠠᠵᠢᠯ ᠤᠯᠬᠤ | ᠨᠣᠷᠮ᠎ᠠ ᠪᠠᠷ ᠥᠨᠳᠥᠷ᠂ ᠰᠣᠷᠣᠭᠴᠢ ᠶᠢᠨ ᠣᠷᠣᠯᠭ᠎ᠠ ᠪᠠᠷ ᠥᠨᠳᠥᠷ ᠪᠠᠶᠢᠳᠠᠭ ᠳᠠᠭᠠᠭᠠᠨ ᠪᠣᠯᠪᠠᠰᠤᠷᠠᠭᠤᠯᠬᠤ | ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠡᠮᠵᠢᠯᠭᠡ ᠦᠵᠡᠭᠦᠯᠵᠦ᠂ ᠪᠣᠯᠪᠠᠰᠤᠷᠠᠭᠤᠯᠤᠯ ᠤᠨ | ᠡᠭᠦᠷᠭᠡ ᠶᠢ ᠭᠤᠤᠯᠳᠠᠯᠭ᠎ᠠ ᠲᠠᠢ ᠬᠡᠯᠪᠠᠶᠢᠯᠭᠡᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 12. ᠪᠣᠯᠪᠠᠰᠤᠷᠠᠭᠤᠯᠤᠯ ᠤᠨ ᠬᠦᠰᠡᠯ ᠰᠠᠨᠠᠭ᠎ᠠ ᠶᠢ ᠴᠤᠭᠯᠠᠭᠤᠯᠬᠤ ᠶᠢ ᠰᠠᠶᠢᠲᠤᠷ ᠬᠢᠵᠦ᠂ ᠬᠡᠷᠡᠭᠴᠡᠭᠡ ᠶᠣᠰᠣᠭᠠᠷ | ᠲᠥᠷᠥᠯ ᠬᠤᠪᠢᠶᠠᠨ ᠪᠣᠯᠪᠠᠰᠤᠷᠠᠭᠤᠯᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃ ᠤᠯᠠᠷᠢᠯ ᠪᠦᠷᠢ ᠳᠤ ᠨᠢᠭᠡ | ᠤᠳᠠᠭᠠᠨ ᠤ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ | ᠲᠥᠪᠯᠡᠷᠡᠭᠦᠯᠦᠨ ᠬᠢᠵᠦ᠂ ᠨᠡᠶᠢᠭᠡᠮ ᠲᠣᠭᠤᠷᠢᠭ ᠤᠨ ᠰᠦᠯᠵᠢᠶᠡᠨ ᠤ ᠪᠦᠯᠦᠭᠯᠡᠯ᠂ ᠦᠨᠳᠦᠰᠦᠨ ᠱᠠᠲᠤᠨ ᠤ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠠᠪᠴᠠᠩ᠂ ︽ᠳᠥᠷᠪᠡ ᠶᠢ ᠨᠢᠭᠡ ᠴᠤᠭᠴᠠᠵᠢᠭᠤᠯᠬᠤ︾ ᠠᠵᠢᠯ | ᠣᠯᠭᠤᠯᠲᠠ ᠶᠢᠨ ᠦᠢᠯᠡᠴᠢᠯᠡᠭᠡᠨ ᠤ ᠡᠭᠦᠯᠡᠨ ᠲᠠᠪᠴᠠᠩ ᠢᠶᠠᠷ ᠳᠠᠮᠵᠢᠭᠤᠯᠤᠨ᠂ ᠠᠵᠢᠯ ᠣᠯᠭᠤᠯᠲᠠ ᠶᠢᠨ | ᠬᠠᠮᠲᠤᠯᠢᠭ ᠤᠨ ᠪᠣᠯᠪᠠᠰᠤᠷᠠᠭᠤᠯᠤᠯ ᠤᠨ ᠬᠦᠰᠡᠯ ᠰᠠᠨᠠᠭ᠎ᠠ ᠶᠢ ᠣᠶᠢᠯᠠᠭᠠᠬᠤ ᠬᠡᠷᠡᠭᠲᠡᠶ᠃ ᠪᠣᠯᠪᠠᠰᠤᠷᠠᠭᠤᠯᠤᠯ ᠤᠨ | ᠬᠡᠷᠡᠭᠴᠡᠭᠡ ᠱᠠᠭᠠᠷᠳᠠᠯᠭ᠎ᠠ ᠶᠣᠰᠣᠭᠠᠷ᠂ ︽ᠤᠯᠠᠭᠠᠨᠮᠥ᠋ᠴᠢᠷ ᠤᠨ ᠮᠠᠶ᠋ᠢᠭ︾᠂ ︽ᠢᠨᠲ᠋ᠧᠷ ᠰᠦᠯᠵᠢᠶ᠎ᠡ +︾ ᠵᠡᠷᠭᠡ | ᠠᠮᠢᠳᠤᠯᠢᠭ ᠪᠥᠭᠡᠳ ᠣᠯᠠᠨ ᠶᠠᠩᠵᠤ ᠶᠢᠨ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢ ᠠᠪᠴᠤ᠂ ᠬᠠᠮ | ᠵᠠᠭᠤᠴᠢᠯᠠᠭᠤᠷ ᠤᠨ ᠡᠵᠡᠩᠨᠡᠭᠴᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠡᠷᠭᠡᠵᠢᠯᠲᠡᠨ᠂ ᠣᠷᠣᠨ ᠬᠡᠰᠡᠭ ᠤᠨ | ᠬᠡᠯᠬᠢᠶᠡᠰᠦ ᠶᠢᠨ ᠬᠡᠷᠡᠭᠯᠡᠭᠡᠨ ᠤ ᠠᠵᠢᠯᠯᠠᠭᠴᠢ ᠪᠠ ᠰᠦᠯᠵᠢᠶ᠎ᠡ ᠪᠠᠷ ᠪᠣᠯᠵᠣᠵᠤ ᠳᠣᠭᠢᠷᠠᠭᠤᠯᠤᠨ ᠬᠦᠷᠭᠡᠭᠴᠢ᠂ | ᠰᠦᠯᠵᠢᠶ᠎ᠡ ᠪᠠᠷ ᠪᠣᠯᠵᠣᠬᠤ ᠲᠡᠷᠭᠡᠨ ᠤ ᠵᠢᠯᠣᠭᠤᠴᠢ᠂ ᠢᠨᠲ᠋ᠧᠷ ᠰᠦᠯᠵᠢᠶᠡᠨ ᠤ ᠡᠵᠡᠩᠨᠡᠨ ᠪᠣᠷᠣᠯᠠᠭᠤᠯᠤᠭᠴᠢ ᠵᠡᠷᠭᠡ | ᠰᠢᠨ᠎ᠡ ᠪᠠᠷ ᠪᠣᠶ ᠪᠣᠯᠤᠭᠰᠠᠨ ᠠᠵᠢᠯ ᠮᠡᠷᠭᠡᠵᠢᠯ ᠤᠨ ᠲᠥᠷᠥᠯ ᠤᠨ ᠪᠣᠯᠪᠠᠰᠤᠷᠠᠭᠤᠯᠤᠯ ᠢ ᠭᠤᠤᠯᠳᠠᠯᠭ᠎ᠠ ᠲᠠᠢ | ᠥᠷᠨᠢᠭᠦᠯᠵᠦ᠂ ᠬᠤᠲᠠ ᠪᠠᠯᠭᠠᠰᠤ ᠶᠢᠨ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ | ᠤᠯᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ | ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 13. ᠪᠣᠯᠪᠠᠰᠤᠷᠠᠭᠤᠯᠤᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠨᠠᠷᠠᠲᠤ ᠲᠥᠷᠥᠯ | ᠲᠡᠮᠳᠡᠭᠴᠢᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠬᠡᠷᠡᠭᠵᠢᠭᠦᠯᠦᠨ᠎ᠡ᠃ ᠵᠠᠰᠠᠭ | ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠢᠯ ᠮᠡᠷᠭᠡᠵᠢᠯ ︵ᠮᠡᠷᠭᠡᠵᠢᠯ ᠤᠨ | ᠠᠵᠢᠯᠴᠢᠨ︶ ᠤᠨ ᠳᠡᠭᠡᠳᠦ ᠰᠤᠷᠭᠠᠭᠤᠯᠢ᠂ ᠠᠷᠠᠳ ᠠᠴᠠ ᠡᠷᠭᠢᠯᠡᠭᠰᠡᠨ ᠪᠠᠶᠢᠭᠤᠯᠤᠮᠵᠢ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ ᠦᠨᠡᠯᠡᠬᠦ ᠠᠵᠢᠯ ᠢ ᠪᠡᠶ᠎ᠡ ᠪᠠᠨ ᠳᠠᠭᠠᠭᠠᠨ | ᠥᠷᠨᠢᠭᠦᠯᠬᠦ ᠶᠢ ᠳᠡᠮᠵᠢᠵᠦ᠂ ᠣᠯᠠᠨ ᠲᠦᠮᠡᠨ ᠤ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ | ᠪᠣᠯᠪᠠᠰᠤᠷᠠᠭᠤᠯᠤᠯ ᠤᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠯᠢᠶᠡᠳ ᠥᠨᠳᠥᠷ ᠵᠠᠬ᠎ᠠ | ᠳᠡᠯᠭᠡᠭᠦᠷ ᠤᠨ ᠠᠯᠳᠠᠷᠰᠢᠯ ᠪᠠ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠢ ︽ᠬᠢᠩᠭᠠᠨ ᠤ | ᠨᠢᠷᠠᠢ ᠶᠢᠨ ᠠᠰᠠᠷᠠᠭᠴᠢ︾ ᠵᠡᠷᠭᠡ ᠪᠣᠯᠪᠠᠰᠤᠷᠠᠭᠤᠯᠤᠯ ᠤᠨ ᠨᠠᠷᠠᠲᠤ ᠲᠥᠷᠥᠯ ᠲᠡᠮᠳᠡᠭᠲᠦ ᠶᠢ ᠰᠦᠪᠡᠭᠴᠢᠯᠡᠨ | ᠪᠤᠶᠢᠵᠢᠭᠤᠯᠵᠤ᠂ ᠪᠣᠯᠪᠠᠰᠤᠷᠠᠭᠤᠯᠤᠯ ᠤᠨ ᠲᠥᠷᠥᠯ ᠢᠯᠭᠠᠯ ᠢ ᠪᠣᠯᠪᠠᠰᠤᠷᠠᠭᠤᠯᠤᠯ ᠤᠨ ᠦᠶᠡᠯᠡᠯ ᠤᠨ ᠬᠤᠭᠤᠴᠠᠭ᠎ᠠ ᠪᠠᠷ | ᠣᠬᠤᠷ᠂ ᠠᠵᠢᠯ ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢᠶᠠᠷ ᠲᠦᠷᠭᠡᠨ C ᠲᠥᠷᠥᠯ ᠢᠶᠠᠷ ᠭᠤᠤᠯ ᠪᠣᠯᠭᠠᠨ᠎ᠠ᠃ | ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︶ | 14. ᠰᠢᠨ᠎ᠡ ᠶᠢ ᠡᠭᠦᠳᠬᠦ ᠪᠣᠯᠪᠠᠰᠤᠷᠠᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦᠳᠡ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠪᠥᠬᠦ | ᠠᠶᠢᠮᠠᠭ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠦᠰᠢᠭᠯᠡᠨ᠂ ᠠᠳᠠᠯ | ᠦᠢᠯᠡᠰ ᠴᠣᠭᠴᠠᠯᠠᠬᠤ ᠬᠦᠰᠡᠯ ᠰᠠᠨᠠᠭ᠎ᠠ ᠲᠠᠢ ᠬᠥᠳᠡᠯᠮᠦᠷᠢᠴᠢᠳ ᠲᠤ ᠴᠢᠭᠯᠡᠭᠦᠯᠦᠨ ᠠᠳᠠᠯ ᠦᠢᠯᠡᠰ ᠴᠣᠭᠴᠠᠯᠠᠬᠤ | ᠦᠵᠡᠯ ᠤᠬᠠᠮᠰᠠᠷ ᠢ ᠥᠷᠨᠢᠭᠦᠯᠵᠦ᠂ ᠠᠵᠤ ᠠᠬᠤᠶᠢᠯᠠᠯ᠂ ᠰᠦᠯᠵᠢᠶ᠎ᠡ ᠪᠠᠷ ᠠᠳᠠ᠊ ᠦᠢᠡᠯᠰ ᠴᠣᠭᠴᠠᠯᠠᠬᠤ᠂ ᠠᠵᠤ | ᠠᠬᠤᠶᠢᠯᠠᠯ ᠢ ᠰᠠᠶᠢᠵᠢᠷᠠᠭᠤᠯᠬᠤ ᠵᠡᠷᠭᠡ ᠪᠣᠯᠪᠠᠰᠤᠷᠠᠭᠤᠯᠤᠯ ᠤᠨ ᠬᠢᠴᠢᠶᠡᠯ ᠢ ᠡᠭᠦᠳᠦᠨ ᠡᠷᠭᠢᠯᠡᠵᠦ᠂ ᠲᠡᠳᠡᠨ ᠤ ᠠᠳᠠᠯ | ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠵᠦ᠂ ᠪᠣᠯᠪᠠᠰᠤᠷᠠᠭᠤᠯᠤᠭᠰᠠᠨ ᠤ ᠳᠠᠷᠠᠭ᠎ᠠ ᠠᠳᠠᠯ ᠦᠢᠯᠡᠰᠴᠣᠭᠴᠠᠯᠠᠭᠠᠳ ᠠᠮᠵᠢᠯᠲᠠ ᠣᠯᠤᠭᠰᠠᠨ | ᠨᠣᠷᠮ᠎ᠠ ᠶᠢ 40% ᠠᠴᠠ ᠳᠡᠭᠡᠭᠰᠢ ᠳᠤ ᠬᠦᠷᠦᠭᠦᠯᠵᠦ᠂ ᠠᠵᠢᠯ ᠣᠯᠭᠤᠯᠲᠠ ᠶᠢ ᠳᠠᠶᠢᠴᠢᠯᠠᠨ 3.5 ᠳᠠᠬᠢᠨ ᠠᠴᠠ | ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | ︵ᠳᠥᠷᠪᠡ︶ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠠᠮᠲᠤᠯᠢᠭ ᠢ ᠬᠥᠳᠡᠯᠦᠩᠭᠦᠶ ᠪᠠᠷ ᠬᠢᠨᠠᠨ | ᠬᠡᠮᠵᠢᠵᠦ ᠣᠷᠣᠯᠭ᠎ᠠ ᠪᠠᠨ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ | 15. ᠬᠤᠲᠠ ᠪᠠᠯᠭᠠᠰᠤ ᠶᠢᠨ ᠪᠣᠳᠠᠲᠠᠶ ᠬᠦᠴᠢᠷᠳᠡᠯ ᠲᠠᠢ ᠬᠥᠮᠦᠰ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ | ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠠᠮᠲᠤᠯᠢᠭ ᠲᠤ ᠭᠤᠤᠯᠳᠠᠭᠤ ᠭᠤᠷᠪᠠᠨ ᠲᠥᠷᠥᠯ ᠤᠨ ᠬᠥᠮᠦᠰ | ᠪᠠᠭᠲᠠᠨ᠎ᠠ᠂ ᠲᠤᠬᠠᠶᠢᠯᠠᠪᠠᠯ ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠬᠤᠲᠠ ᠪᠠᠯᠭᠠᠰᠤᠨ ᠤ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠪᠣᠯᠪᠠᠴᠤ ᠬᠡᠷ ᠪᠦᠯᠢ ᠶᠢᠨ ᠡᠳ᠋ ᠬᠥᠷᠥᠩᠭᠡ ᠨᠢ | ᠪᠠᠷᠢᠮᠵᠢᠶ᠎ᠠ ᠠᠴᠠ ᠬᠡᠲᠦᠷᠡᠭᠰᠡᠨ ᠠᠴᠠ ᠪᠣᠯᠵᠣ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠲᠤ ᠬᠡᠷ ᠪᠦᠯᠢ ᠶᠢᠨ | ᠬᠥᠮᠦᠨ ᠳᠤᠮᠳᠠᠴᠢ ᠶᠢᠨ ᠣᠷᠣᠯᠭ᠎ᠠ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ | ᠥᠨᠳᠥᠷ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠤᠷ᠎ᠠ | ᠪᠠᠶᠢᠭ᠎ᠠ ᠨᠠᠭᠠᠳᠤ ᠵᠠᠬ᠎ᠠ ᠶᠢᠨ ᠠᠮᠢᠳᠤᠷᠠᠯ ᠤᠨ ᠬᠡᠳᠦ᠋ᠢᠪᠡᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ | ᠣᠷᠣᠭᠤᠯᠤᠭᠰᠠᠨ ᠪᠣᠯᠪᠠᠴᠤ ᠬᠡᠷ ᠪᠦᠯᠢ ᠶᠢᠨ ᠵᠠᠶᠢᠯᠠᠰᠢ ᠥᠬᠡᠶ ᠵᠠᠷᠤᠯᠭ᠎ᠠ ᠨᠢ ᠨᠡᠯᠢᠶᠡᠳ ᠶᠡᠭᠡ ᠪᠠᠶᠢᠵᠤ᠂ | ᠠᠮᠢᠳᠤᠷᠠᠯ ᠨᠢ ᠮᠥᠨ ᠬᠦ ᠨᠡᠯᠢᠶᠡᠳ ᠬᠦᠴᠢᠷᠳᠡᠯᠲᠡᠶ ᠬᠥᠮᠦᠰ ᠲᠤ ᠪᠠᠭᠲᠠᠨ᠎ᠠ᠃ ᠰᠢ ᠠᠨ ᠤ ᠡᠳ᠋ ᠤᠨ ᠵᠠᠰᠠᠭ ᠠᠵᠤ | ᠠᠬᠤᠶ ᠶᠢᠨ ᠶᠡᠭᠡ ᠰᠤᠷᠭᠠᠭᠤᠯᠢ ᠲᠠᠢ ᠬᠠᠮᠲᠤᠷᠠᠨ ᠠᠵᠢᠯᠯᠠᠵᠤ᠂ ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ ᠵᠢᠵᠢᠭ | ᠳᠡᠰ ᠳᠠᠷᠠᠭᠠᠯᠠᠯ ᠢ ᠰᠤᠳᠤᠯᠤᠨ ᠨᠡᠭᠡᠭᠡᠵᠦ᠂ ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ | ᠬᠠᠮᠲᠤᠯᠢᠭ ᠤᠨ ᠬᠡᠷ ᠪᠦᠯᠢ ᠶᠢᠨ ᠣᠷᠣᠯᠭ᠎ᠠ ᠶᠢ ᠨᠠᠷᠢᠯᠢᠭ ᠣᠨᠣᠴᠠᠲᠠᠶ ᠪᠠᠷ ᠲᠣᠭᠠᠴᠠᠭ᠎ᠠ ᠬᠢᠬᠦ ᠲᠣᠮᠢᠶ᠎ᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠠᠮᠲᠤᠯᠢᠭ ᠤᠨ | ᠳ᠋ᠠᠶᠢᠲ᠋ᠠ ᠬᠥᠮᠥᠷᠭᠡ ᠶᠢ ᠪᠠᠶᠢᠭᠤᠯᠤᠨ᠂ ᠸᠢᠴᠠᠲ ᠤᠨ ᠵᠢᠵᠢᠭ ᠫᠷᠤᠭ᠍ᠷᠠᠮ ᠢᠶᠠᠷ ᠭᠤᠶᠤᠴᠢᠯᠠᠬᠤ ᠪᠤᠶᠤ ᠨᠡᠶᠢᠭᠡᠮ | ᠲᠣᠭᠤᠷᠢᠭ ᠤᠨ ᠠᠷᠠᠳ ᠤᠨ ᠶᠠᠪᠤᠳᠠᠯ ᠤᠨ ᠲᠤᠰᠠᠯᠠᠭᠴᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠠᠷ ᠳᠡᠮᠵᠢᠨ᠂ | ᠢᠯᠭᠠᠨ ᠲᠠᠨᠢᠭᠰᠠᠨ ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠠᠮᠲᠤᠯᠢᠭ ᠢ ᠳ᠋ᠠᠶᠢᠲ᠋ᠠ ᠶᠢᠨ | ᠬᠥᠮᠥᠷᠭᠡ ᠳᠤ ᠣᠷᠣᠭᠤᠯᠤᠨ ᠬᠥᠳᠡᠯᠦᠩᠭᠦᠶ ᠬᠢᠨᠠᠨ ᠬᠡᠮᠵᠢᠯᠲᠡ ᠬᠢᠵᠦ᠂ ᠨᠥᠬᠦᠴᠡᠯ ᠳᠤ ᠨᠡᠶᠢᠴᠡᠭᠰᠡᠨ ᠢ ᠨᠢ ᠴᠠᠭ | ᠲᠤᠬᠠᠶ ᠳᠤᠨᠢ ᠦᠨᠳᠦᠰᠦᠨ ᠵᠦᠢᠯ ᠢ ᠪᠠᠲᠤᠯᠠᠬᠤ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︶ | 16. ᠬᠤᠲᠠ ᠪᠠᠯᠭᠠᠰᠤ ᠶᠢᠨ ᠪᠣᠳᠠᠲᠠᠶ ᠪᠠᠷ ᠬᠦᠴᠢᠷᠳᠡᠯᠲᠡᠶ ᠬᠥᠮᠦᠰ ᠤᠨ ᠦᠨᠳᠦᠰᠦᠨ ᠵᠦᠢᠯ ᠢ ᠪᠠᠲᠤᠯᠠᠬᠤ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠤᠰᠬᠠᠶ ᠪᠠᠯᠠ ᠮᠥᠩᠭᠦ ᠶᠢᠨ ᠲᠣᠭᠲᠠᠴᠠ ᠶᠢ ᠪᠠᠶᠢᠭᠤᠯᠤᠨ᠎ᠠ᠃ | ᠠᠶᠢᠮᠠᠭ᠂ ᠬᠤᠰᠢᠭᠤ ᠰᠢᠶᠠᠨ ᠬᠤᠲᠠ ᠨᠢ 3᠄ 7 ᠶᠢᠨ ᠬᠠᠷᠢᠴᠠᠯ ᠢᠶᠠᠷ ᠬᠤᠪᠢᠶᠠᠨ ᠡᠭᠦᠷᠭᠡᠯᠡᠵᠦ᠂ ᠬᠤᠲᠠ | ᠪᠠᠯᠭᠠᠰᠤ ᠶᠢᠨ ᠪᠣᠳᠠᠲᠠᠶ ᠪᠠᠷ ᠬᠦᠴᠢᠷᠳᠡᠯᠲᠡᠶ ᠬᠠᠮᠲᠤᠯᠢᠭ ᠤᠨ ᠦᠨᠳᠦᠰᠦᠨ ᠵᠦᠢᠯ ᠢ ᠪᠠᠲᠤᠯᠠᠬᠤ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢᠨ ᠲᠤᠰᠬᠠᠶ ᠪᠠᠯᠠ ᠮᠥᠩᠭᠦ ᠶᠢ ᠪᠠᠶᠢᠭᠤᠯᠵᠤ᠂ ᠬᠤᠲᠠ ᠪᠠᠯᠭᠠᠰᠤ ᠶᠢᠨ ᠪᠣᠳᠠᠲᠠᠶ ᠪᠠᠷ | ᠬᠦᠴᠢᠷᠳᠡᠯᠲᠡᠶ ᠬᠠᠮᠲᠤᠯᠢᠭ ᠤᠨ ᠦᠨᠳᠦᠰᠦᠨ ᠵᠦᠢᠯ ᠢ ᠪᠠᠲᠤᠯᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠳᠤ | ᠲᠤᠰᠬᠠᠶ ᠵᠦᠢᠯ ᠢᠶᠠᠷ ᠬᠡᠷᠡᠭᠯᠡᠵᠦ᠂ 2023 ᠣᠨ ᠳᠤ ᠠᠶᠢᠮᠠᠭ ᠤᠨ ᠲᠣᠰ ᠱᠠᠲᠤᠨ ᠤ ᠲᠥᠰᠦᠪ ᠤᠨ ᠪᠠᠯᠠ | ᠮᠥᠩᠭᠦ ᠶᠢ 300 ᠲᠦᠮᠡᠨ ᠲᠥᠭᠦᠷᠢᠭ ᠳᠣᠭᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︶ | 17᠂ ᠦᠨᠳᠦᠰᠦᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠯᠠᠪᠳᠠᠭᠤᠨ ᠪᠠᠲᠤᠲᠠᠶ | ᠰᠠᠶᠢᠲᠤᠷ ᠬᠢᠬᠦ ᠬᠡᠷᠡᠭᠲᠡᠶ᠃ ᠭᠡᠷ ᠪᠦᠯᠢ ᠶᠢᠨ ᠭᠡᠷ ᠤᠨ ᠬᠡᠷᠡᠭᠯᠡᠭᠡᠨ ᠤ ᠮᠠᠰᠢᠨ ᠲᠡᠷᠭᠡ᠂ ᠡᠭᠦᠳᠡᠨ ᠭᠡᠷ᠂ ᠬᠤᠶᠠᠷ ᠠᠴᠠ | ᠳᠡᠭᠡᠭᠰᠢᠬᠢ ᠣᠷᠣᠨ ᠰᠠᠭᠤᠴᠠ᠂ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠡᠳ᠋ ᠤᠨ | ᠵᠠᠰᠠᠭ ᠠᠴᠠ ᠲᠡᠵᠢᠭᠡᠵᠦ ᠪᠠᠶᠢᠭ᠎ᠠ ᠬᠥᠮᠦᠰ ᠵᠡᠷᠭᠡ ᠪᠠᠶᠢᠳᠠᠯ ᠳᠤ᠂ ᠭᠡᠪᠡᠴᠦ ᠬᠡᠷ ᠪᠦᠯᠢ ᠶᠢᠨ ᠬᠥᠮᠦᠨ ᠳᠤᠮᠳᠠᠴᠢ ᠶᠢᠨ | ᠣᠷᠣᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ᠂ ᠪᠣᠳᠠᠲᠠᠶ ᠠᠮᠢᠳᠤᠷᠠᠯ ᠳᠤᠨᠢ ᠬᠦᠨᠳᠦ | ᠶᠡᠭᠡ ᠬᠦᠴᠢᠷᠳᠡᠯ ᠣᠷᠣᠰᠢᠵᠤ ᠪᠠᠶᠢᠭ᠎ᠠ ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠥᠮᠦᠰ ᠢ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠤᠶᠤ ᠬᠤᠰᠢᠭᠤ ᠰᠢᠶᠠᠨ ᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠲᠠᠢ ᠬᠠᠮᠲᠤᠷᠠᠨ ︽ᠨᠢᠭᠡ ᠬᠡᠷᠡᠭ ᠢ ᠨᠢᠭᠡ | ᠵᠥᠪᠯᠡᠬᠦ︾ ᠵᠡᠷᠭᠡ ᠠᠷᠭ᠎ᠠ ᠮᠠᠶ᠋ᠢᠭ ᠢᠶᠠᠷ ᠵᠥᠪᠯᠡᠨ ᠲᠣᠭᠲᠠᠭᠠᠵᠤ᠂ ᠲᠣᠭᠲᠠᠭᠠᠯ ᠶᠣᠰᠣᠭᠠᠷ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠲᠤᠯᠠᠭ᠎ᠠ ᠳᠤ ᠣᠷᠣᠭᠤᠯᠤᠨ᠂ ᠲᠡᠳᠡᠨ ᠤ ᠦᠨᠳᠦᠰᠦᠨ ᠠᠮᠢᠳᠤᠷᠠᠯ ᠢ ᠪᠠᠲᠤᠯᠠᠵᠤ ᠪᠣᠯᠤᠨ᠎ᠠ︔ ︽ | ᠨᠢᠭᠡ ᠬᠡᠷᠡᠭ ᠢ ᠨᠢᠭᠡ ᠵᠥᠪᠯᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠲᠤᠯᠠᠭ᠎ᠠ ᠳᠤ ᠣᠷᠣᠭᠤᠯᠬᠤ ᠶᠢᠨ ᠠᠷᠭ᠎ᠠ ᠥᠬᠡᠶ ᠪᠠᠶᠢᠪᠠᠯ᠂ ᠲᠣᠰ ᠬᠥᠮᠦᠨ ᠤ ᠭᠤᠶᠤᠴᠢᠯᠠᠯ ᠢᠶᠠᠷ ᠳᠡᠮᠵᠢᠨ᠂ | ᠣᠲᠣ ᠶᠢᠨ ᠬᠡᠷᠡᠭᠵᠢᠭᠦᠯᠵᠦ ᠪᠠᠶᠢᠭ᠎ᠠ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ | ᠲᠣᠭᠲᠠᠭᠠᠯ ᠳᠤ ᠨᠡᠶᠢᠴᠡᠪᠡᠯ᠂ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠭᠡᠬᠦ ᠪᠠᠶᠢᠭᠤᠯᠤᠮᠵᠢ ᠠᠴᠠ ᠬᠢᠨᠠᠨ | ᠬᠠᠷᠭᠤᠭᠤᠯᠤᠭᠰᠠᠨ ᠤ ᠳᠠᠷᠠᠭ᠎ᠠ ᠣᠲᠣ ᠶᠢᠨ ᠬᠡᠷᠡᠭᠵᠢᠭᠦᠯᠵᠦ ᠪᠠᠶᠢᠭ᠎ᠠ ᠲᠦᠷ ᠴᠠᠭ ᠤᠨ ᠠᠪᠤᠷᠠᠨ ᠲᠤᠰᠠᠯᠠᠬᠤ | ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠵᠤ᠂ | ᠦᠨᠳᠦᠰᠦᠨ ᠠᠮᠢᠳᠤᠷᠠᠯ ᠤᠨ ᠨᠥᠬᠦᠪᠥᠷᠢ ᠳᠤ ᠬᠡᠷᠡᠭᠯᠡᠨ᠎ᠡ᠃ ᠬᠡᠳᠦ᠋ᠢᠪᠡᠷ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠳᠤ ᠣᠷᠣᠭᠤᠯᠤᠭᠰᠠᠨ ᠪᠣᠯᠪᠠᠴᠤ ᠬᠡᠷ ᠪᠦᠯᠢ ᠶᠢᠨ ᠵᠠᠶᠢᠯᠠᠰᠢ ᠥᠬᠡᠶ ᠵᠠᠷᠤᠯᠭ᠎ᠠ ᠨᠢ ᠨᠡᠯᠢᠶᠡᠳ ᠶᠡᠭᠡ᠂ | ᠠᠮᠢᠳᠤᠷᠠᠯ ᠨᠢ ᠮᠥᠨ ᠬᠦ ᠨᠡᠯᠢᠶᠡᠳ ᠬᠦᠴᠢᠷᠳᠡᠯᠲᠡᠶ ᠬᠥᠮᠦᠰ ᠪᠠ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠥᠮᠦᠨ ᠠᠮᠠ ᠳᠤ ᠪᠣᠳᠠᠲᠠᠶ ᠪᠠᠶᠢᠳᠠᠯ ᠢ ᠦᠨᠳᠦᠰᠦᠯᠡᠨ᠂ ᠲᠦᠷ ᠴᠠᠭ ᠤᠨ | ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠪᠡᠯ ᠲᠦᠷ ᠴᠠᠭ ᠤᠨ ᠠᠪᠤᠷᠠᠨ ᠲᠤᠰᠠᠯᠠᠯᠲᠠ ᠣᠯᠭᠤᠨ᠎ᠠ᠃ ︵ | ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | 18. ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠶᠢᠨ ᠲᠤᠰᠬᠠᠶ | ᠵᠦᠢᠯ ᠤᠨ ᠲᠡᠩᠬᠡᠷᠡᠭᠦᠯᠦᠨ ᠲᠤᠰᠠᠯᠠᠬᠤ ᠶᠢ ᠴᠢᠩᠭᠠᠳᠬᠠᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ | ᠲᠠᠯ᠎ᠠ ᠪᠠᠷ᠂ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠠᠮᠲᠤᠯᠢᠭ ᠤᠨ ᠳᠣᠲᠣᠷᠠᠬᠢ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠲᠡᠭᠡᠳ ᠤᠨ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠭᠰᠠᠨ ᠠᠴᠠ ᠪᠣᠯᠤᠭᠰᠠᠨ ᠡᠮ ᠡᠮᠨᠡᠯᠭᠡ ᠶᠢᠨ | ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠢᠶᠠᠷ ᠲᠠᠩᠰᠠ | ᠲᠠᠶᠢᠯᠤᠭᠰᠠᠨ ᠤ ᠳᠠᠷᠠᠭᠠᠬᠢ ᠲᠣᠭᠲᠠᠭᠠᠯ ᠳᠤ ᠨᠡᠶᠢᠴᠡᠭᠰᠡᠨ ᠬᠤᠪᠢ ᠬᠥᠮᠦᠨ ᠤ ᠥᠪᠡᠷᠲᠡᠭᠡᠨ ᠲᠤᠰᠢᠶᠠᠭᠰᠠᠨ ᠡᠮ | ᠡᠮᠨᠡᠯᠭᠡ ᠶᠢᠨ ᠵᠠᠷᠤᠳᠠᠯ ᠳᠤ ᠵᠣᠬᠢᠬᠤ ᠬᠠᠷᠢᠴᠠᠯ ᠤᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠣᠯᠭᠤᠨ᠎ᠠ ᠬᠤᠲᠠ | ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠠᠮᠲᠤᠯᠢᠭ ᠤᠨ ᠡᠮᠨᠡᠯᠭᠡ ᠳᠤ ᠰᠠᠭᠤᠵᠤ ᠥᠪᠡᠷᠲᠡᠭᠡᠨ | ᠲᠤᠰᠢᠶᠠᠭᠰᠠᠨ ᠡᠮᠴᠢᠯᠡᠭᠡᠨ ᠤ ᠵᠠᠷᠤᠳᠠᠯ ᠨᠢ 3 ᠲᠦᠮᠡᠨ ᠲᠥᠭᠦᠷᠢᠭ ᠠᠴᠠ ᠬᠡᠲᠦᠷᠡᠭᠰᠡᠨ ᠪᠠᠶᠢᠪᠠᠯ᠂ ᠲᠣᠰ ᠬᠥᠮᠦᠨ ᠤ | ᠭᠤᠶᠤᠴᠢᠯᠠᠯ ᠢᠶᠠᠷ ᠳᠡᠮᠵᠢᠨ᠂ ᠲᠦᠷ ᠴᠠᠭ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ | ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠠᠮᠲᠤᠯᠢᠭ ᠤᠨ ᠦᠨᠳᠦᠰᠦᠨ ᠵᠦᠢᠯ ᠢ ᠪᠠᠲᠤᠯᠠᠬᠤ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠤᠰᠬᠠᠶ ᠪᠠᠯᠠ ᠮᠥᠩᠭᠦ ᠶᠢᠨ ᠳᠣᠲᠣᠷ᠎ᠠ ᠲᠣᠭᠲᠠᠭᠠᠯ ᠳᠤ ᠨᠡᠶᠢᠴᠡᠬᠦ | ᠲᠤᠭ᠎ᠠ ᠨᠤᠷᠮ᠎ᠠ ᠠᠴᠠ ᠳᠠᠪᠠᠭᠰᠠᠨ ᠬᠡᠰᠡᠭ ᠤᠨ 10% ᠪᠠᠷ ᠲᠦᠷ ᠴᠠᠭ ᠤᠨ ᠠᠪᠤᠷᠠᠨ ᠲᠤᠰᠠᠯᠠᠬᠤ ᠶᠢ | ᠬᠡᠷᠡᠭᠵᠢᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ ᠲᠤᠭ᠎ᠠ ᠬᠡᠮᠵᠢᠶ᠎ᠡ ᠨᠢ ᠬᠠᠮᠤᠭ ᠥᠨᠳᠥᠷ ᠲᠡᠭᠡᠨ 5000 | ᠲᠥᠭᠦᠷᠢᠭ ᠠᠴᠠ ᠬᠡᠲᠦᠷᠡᠵᠦ ᠪᠣᠯᠬᠤ ᠥᠬᠡᠶ᠃ ᠰᠤᠷᠭᠠᠨ ᠬᠥᠮᠦᠵᠢᠯ ᠤᠨ ᠲᠡᠩᠬᠡᠷᠡᠭᠦᠯᠦᠨ ᠲᠤᠰᠠᠯᠠᠬᠤ ᠲᠠᠯ᠎ᠠ ᠪᠠᠷ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠬᠢᠨᠠᠨ ᠵᠥᠪᠰᠢᠶᠡᠷᠡᠯ ᠢᠶᠠᠷ ᠳᠡᠮᠵᠢᠨ ᠪᠠᠶᠢᠭᠤᠯᠤᠭᠰᠠᠨ ᠠᠶᠢᠮᠠᠭ ᠤᠨ ᠳᠣᠲᠣᠷᠠᠬᠢ ᠠᠯᠪᠠᠨ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ ︵ᠬᠡᠤᠬᠡᠳ ᠰᠠᠭᠠᠲᠠᠭᠤᠯᠬᠤ ᠭᠠᠵᠠᠷ᠂ ᠲᠥᠷᠥᠭᠰᠡᠨ ᠬᠡᠤᠬᠡᠳ ᠤᠨ ᠴᠡᠴᠡᠷᠯᠢᠭ ᠵᠡᠷᠭᠡ ᠠᠩᠬᠠᠨ ᠤ ᠰᠤᠷᠭᠠᠨ | ᠬᠥᠮᠦᠵᠢᠯ ᠤᠨ ᠪᠠᠶᠢᠭᠤᠯᠤᠮᠵᠢ ᠪᠠᠭᠲᠠᠬᠤ ᠥᠬᠡᠶ︶ ᠢ ᠭᠥᠯᠢᠶᠡᠨ ᠠᠪᠴᠤ ᠰᠤᠷᠤᠯᠴᠠᠵᠤ ᠪᠠᠶᠢᠭ᠎ᠠ ᠬᠤᠲᠠ | ᠪᠠᠯᠭᠠᠰᠤ ᠶᠢᠨ ᠪᠣᠳᠠᠲᠠᠶ ᠬᠦᠴᠢᠷᠳᠡᠯ ᠲᠠᠢ ᠬᠡᠷ ᠪᠦᠯᠢ ᠶᠢᠨ ᠬᠡᠤᠬᠡᠳ ᠤᠨ ᠠᠰᠠᠷᠠᠨ ᠬᠥᠮᠦᠵᠢᠭᠦᠯᠬᠦ ᠵᠠᠷᠤᠳᠠᠯ ᠢ | ᠬᠠᠰᠤᠵᠤ ᠭᠡᠯᠳᠦᠷᠢᠭᠦᠯᠦᠨ᠎ᠡ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠬᠤᠲᠠ ᠪᠠᠯᠭᠠᠰᠤᠨ ᠤ | ᠪᠣᠳᠠᠲᠠᠶ ᠬᠦᠴᠢᠷᠳᠡᠯ ᠲᠠᠢ ᠬᠡᠷ ᠪᠦᠯᠢ ᠶᠢᠨ ᠰᠤᠷᠤᠭᠴᠢᠳ ᠲᠤ ᠠᠮᠢᠳᠤᠷᠠᠯ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠡᠷ ᠪᠦᠯᠢ ᠶᠢᠨ ᠰᠤᠷᠤᠭᠴᠢᠳ ᠲᠤ | ᠤᠯᠤᠰ ᠤᠨ ᠲᠣᠭᠲᠠᠭᠠᠯ ᠶᠣᠰᠣᠭᠠᠷ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠡᠩ ᠤᠨ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠱᠠᠲᠤ ᠦᠶ᠎ᠡ ᠶᠢᠨ ᠬᠤᠲᠠ ᠪᠠᠯᠭᠠᠰᠤ ᠶᠢᠨ ᠪᠣᠳᠠᠲᠤ ᠶᠠᠪᠤᠳᠠᠯ ᠨᠢ ᠬᠦᠴᠢᠷᠳᠡᠯᠲᠡᠶ ᠬᠡᠷ | ᠪᠦᠯᠢ ᠶᠢᠨ ᠰᠤᠷᠤᠭᠴᠢᠳ ᠲᠤ ᠤᠯᠤᠰ ᠤᠨ ᠰᠣᠷᠣᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢᠲᠦ | ᠰᠤᠷᠤᠯᠭ᠎ᠠ ᠶᠢᠨ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠶᠢᠨ ᠲᠠᠯ᠎ᠠ ᠪᠠᠷ᠂ ᠬᠤᠲᠠ ᠪᠠᠯᠭᠠᠰᠤ ᠶᠢᠨ ᠪᠣᠳᠠᠲᠠᠶ | ᠬᠦᠴᠢᠷᠳᠡᠯ ᠲᠠᠢ ᠬᠡᠷ ᠪᠦᠯᠢ ᠳᠤ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠪᠠᠶᠢᠪᠠᠯ᠂ ᠪᠣᠳᠠᠲᠤ | ᠶᠠᠭᠤᠮ᠎ᠠ ᠪᠠᠷ ᠲᠦᠷᠢᠶᠡᠰᠦᠯᠡᠭᠦᠯᠬᠦ ᠪᠠ ᠨᠡᠶᠢᠲᠡ ᠶᠢᠨ ᠲᠦᠷᠢᠶᠡᠰᠦᠯᠡᠯ ᠤᠨ ᠬᠡᠷ ᠪᠠᠶᠢᠰᠢᠩ ᠤᠨ ᠲᠦᠷᠢᠶᠡᠰᠦᠯᠡᠯ ᠤᠨ | ᠨᠥᠬᠦᠪᠥᠷᠢ ᠣᠯᠭᠤᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠣᠷᠣᠨ ᠰᠠᠭᠤᠴᠠ ᠶᠢᠨ ᠪᠠᠲᠤᠯᠠᠭ᠎ᠠ | ᠣᠯᠭᠤᠨ᠎ᠠ᠃ ᠠᠵᠢᠯ ᠣᠯᠭᠤᠯᠲᠠ ᠶᠢᠨ ᠠᠪᠤᠷᠠᠨ ᠲᠤᠰᠠᠯᠠᠯᠲᠠ ᠶᠢᠨ ᠲᠠᠯ᠎ᠠ ᠪᠠᠷ᠂ ᠬᠤᠲᠠ ᠪᠠᠯᠭᠠᠰᠤ ᠶᠢᠨ ᠪᠣᠳᠠᠲᠠᠶ | ᠬᠦᠴᠢᠷᠳᠡᠯ ᠲᠠᠢ ᠬᠠᠮᠲᠤᠯᠢᠭ ᠤᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠠᠵᠢᠯ ᠠᠯᠳᠠᠭᠰᠠᠨ | ᠪᠠᠶᠢᠳᠠᠯ ᠳᠤ ᠪᠠᠶᠢᠭ᠎ᠠ ᠪᠦᠷᠢᠯᠳᠦᠬᠦᠨ ᠢ ᠠᠵᠢᠯ ᠣᠯᠭᠤᠯᠲᠠ ᠶᠢᠨ ᠲᠤᠰᠠᠯᠠᠮᠵᠢ ᠶᠢᠨ ᠬᠡᠪᠴᠢᠶᠡᠨ ᠳᠤ ᠣᠷᠣᠭᠤᠯᠵᠤ᠂ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠤᠷᠢᠳᠠᠪᠠᠷ ᠬᠠᠩᠭᠠᠵᠤ᠂ ᠨᠥᠬᠦᠴᠡᠯ ᠳᠤ ᠨᠡᠶᠢᠴᠡᠪᠡᠯ | ᠵᠢᠭᠡᠯᠡᠯᠭᠡ ᠶᠢᠨ ᠳᠠᠮ ᠬᠦᠤ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠡᠳᠡᠨ ᠢ ᠬᠠᠪᠰᠤᠷᠤᠨ | ᠠᠵᠢᠯ ᠣᠯᠭᠤᠯᠲᠠ ᠶᠢ ᠪᠡᠶᠡᠯᠡᠭᠦᠯᠦᠨ᠎ᠡ᠃ ᠠᠵᠢᠯᠴᠢᠨ ᠤ ᠡᠪᠯᠡᠯ ᠤᠨ ᠠᠪᠤᠷᠠᠨ ᠲᠤᠰᠠᠯᠠᠬᠤ ᠲᠠᠯ᠎ᠠ ᠪᠠᠷ᠂ ᠬᠤᠲᠠ | ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠡᠷ ᠪᠦᠯᠢ ᠶᠢᠨ ᠠᠵᠢᠯᠲᠠᠨ ᠠᠵᠢᠯᠴᠢᠨ ᠡᠪᠡᠳᠴᠢᠨ ᠡᠮᠭᠡᠭ᠂ ᠦᠷ᠎ᠡ | ᠬᠡᠤᠬᠡᠳ ᠤᠨ ᠰᠤᠷᠭᠠᠨ ᠬᠥᠮᠦᠵᠢᠯ ᠪᠤᠶᠤ ᠰᠠᠨᠠᠭᠠᠨ ᠳᠤ ᠥᠬᠡᠶ ᠭᠠᠶ ᠭᠠᠮᠰᠢᠭ ᠵᠡᠷᠭᠡ ᠰᠢᠯᠲᠠᠭᠠᠨ ᠠᠴᠠ ᠪᠣᠯᠵᠣ᠂ | ᠦᠨᠳᠦᠰᠦᠨ ᠠᠮᠢᠳᠤᠷᠠᠯ ᠢᠶᠠᠨ ᠠᠷᠭᠠᠴᠠᠵᠤ ᠳᠡᠶᠢᠯᠬᠦ ᠥᠬᠡᠶ ᠬᠦᠴᠢᠷᠳᠡᠯ ᠲᠠᠢ ᠠᠵᠢᠯᠲᠠᠨ ᠠᠵᠢᠯᠴᠢᠨ ᠪᠠ ᠡᠯ᠎ᠡ | ᠵᠦᠶ᠋ᠯ ᠤᠨ ᠭᠠᠶ ᠭᠠᠮᠰᠢᠭ ᠪᠤᠶᠤ ᠬᠦᠨᠳᠦ ᠶᠡᠭᠡ ᠰᠠᠨᠠᠭᠠᠨ ᠳᠤ ᠥᠬᠡᠶ ᠠᠳᠡᠯ ᠠᠴᠠ ᠪᠣᠯᠵᠣ ᠠᠮᠢᠳᠤᠷᠠᠯ ᠨᠢ ᠣᠨᠴᠠᠭᠠᠶ | ᠬᠦᠴᠢᠷᠳᠡᠯ ᠲᠠᠢ ᠪᠣᠯᠤᠭᠰᠠᠨ ᠠᠵᠢᠯᠲᠠᠨ ᠠᠵᠢᠯᠴᠢᠨ ᠳᠤ ᠨᠥᠬᠦᠴᠡᠯ ᠳᠤ ᠨᠡᠶᠢᠴᠡᠭᠰᠡᠨ ᠪᠠᠶᠢᠪᠠᠯ ᠬᠦᠴᠢᠷᠳᠡᠯ ᠲᠠᠢ | ᠠᠵᠢᠯᠲᠠᠨ ᠠᠵᠢᠯᠴᠢᠨ ᠳᠤ ᠲᠤᠰᠬᠠᠶ ᠬᠠᠪᠰᠤᠷᠤᠨ ᠲᠡᠳᠬᠦᠬᠦ ᠪᠠᠯᠠ ᠮᠥᠩᠭᠦ ᠣᠯᠭᠤᠨ᠎ᠠ᠃ ᠨᠡᠶᠢᠭᠡᠮ ᠤᠨ | ᠬᠦᠴᠦᠨ ᠢᠶᠠᠷ ᠲᠡᠩᠬᠡᠷᠡᠭᠦᠯᠦᠨ ᠲᠤᠰᠠᠯᠠᠬᠤ ᠲᠠᠯ᠎ᠠ ᠪᠠᠷ᠂ ᠵᠠᠰᠠᠭ ᠤᠨ ᠣᠷᠳᠣᠨ ᠠᠴᠠ ᠲᠡᠩᠬᠡᠷᠡᠭᠦᠯᠦᠨ | ᠲᠤᠰᠠᠯᠠᠭᠰᠠᠨ ᠤ ᠳᠠᠷᠠᠭ᠎ᠠ ᠮᠥᠨ ᠬᠦ ᠬᠦᠴᠢᠷᠳᠡᠯ ᠠᠴᠠ ᠠᠩᠭᠢᠵᠢᠷᠠᠵᠤ ᠳᠡᠶᠢᠯᠦᠭᠡᠳᠦᠶ ᠪᠤᠶᠤ ᠵᠠᠰᠠᠭ ᠤᠨ ᠣᠷᠳᠣᠨ ᠤ | ᠡᠯ᠎ᠡ ᠵᠦᠢᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠬᠤᠲᠠ | ᠪᠠᠯᠭᠠᠰᠤ ᠶᠢᠨ ᠪᠣᠳᠠᠲᠤ ᠬᠦᠴᠢᠷᠳᠡᠯ ᠲᠠᠢ ᠣᠯᠠᠨ ᠲᠦᠮᠡᠨ ᠢ ᠠᠶᠢᠮᠠᠭ᠂ ᠬᠤᠰᠢᠭᠤ ᠬᠤᠶᠠᠷ ᠱᠠᠲᠤᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ | ᠮᠥᠴᠢᠷ ᠠᠴᠠ ᠬᠦᠴᠢᠷᠳᠡᠯ ᠤᠨ ᠬᠡᠮᠵᠢᠶ᠎ᠡ ᠪᠠ ᠬᠦᠴᠢᠷᠳᠡᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠠᠮᠢᠶ᠎ᠠ | ᠪᠥᠬᠦᠶ ᠲᠣᠭᠲᠠᠭᠠᠯ ᠶᠣᠰᠣᠭᠠᠷ ᠲᠡᠩᠬᠡᠷᠡᠭᠦᠯᠦᠨ ᠲᠤᠰᠠᠯᠠᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠬᠢᠩᠭᠠᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ ᠮᠠᠨ ᠤ ᠠᠶᠢᠮᠠᠭ ᠤᠨ ᠬᠤᠲᠠ | ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯ ᠢ ᠠᠶᠢᠮᠠᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠲᠦᠷᠦᠭᠦᠯᠡᠨ ᠵᠣᠬᠢᠶᠠᠨ ᠪᠠᠶᠢᠭᠤᠯᠤᠨ ᠠᠬᠢᠭᠤᠯᠤᠨ ᠨᠠᠶᠢᠳᠠᠪᠤᠷᠢᠵᠢᠭᠤᠯᠵᠤ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠥᠬᠦᠶ ᠲᠥᠬᠦᠷ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠨ᠂ ᠠᠵᠢᠯ ᠤᠨ ᠨᠡᠶᠢᠯᠡᠮᠡᠯ | ᠬᠦᠴᠦᠨ ᠢ ᠠᠬᠢᠭᠤᠯᠤᠨ᠎ᠠ᠃ | ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠤᠭᠤᠳ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠪᠠᠯᠠ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠵᠦ᠂ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠵᠢᠯ ᠣᠯᠭᠤᠯᠲᠠ ᠶᠢᠨ ᠨᠥᠬᠦᠪᠥᠷᠢ᠂ ᠲᠦᠷ ᠴᠠᠭ ᠤᠨ | ᠠᠪᠤᠷᠠᠨ ᠲᠤᠰᠠᠯᠠᠯᠲᠠ ᠵᠡᠷᠭᠡ ᠡᠯ᠎ᠡ ᠲᠥᠷᠥᠯ ᠤᠨ ᠲᠤᠰᠠᠯᠠᠮᠵᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠰᠠᠯᠭᠠᠨ | ᠥᠭᠴᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠨᠡᠮᠡᠭᠳᠡᠭᠦᠯᠬᠦ ︽ᠳᠥᠷᠪᠡᠨ ᠶᠡᠭᠡ ᠠᠵᠢᠯᠯᠠᠭ᠎ᠠ︾ ᠶᠢ ᠬᠡᠷᠡᠭᠵᠢᠭᠦᠯᠬᠦ ᠶᠢ ᠪᠦᠲᠦᠮᠵᠢᠲᠡᠶ | ᠠᠬᠢᠭᠤᠯᠬᠤ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠭᠰᠢ ᠪᠠᠯᠠ | ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠵᠢᠯ ᠳᠤ ᠬᠦᠴᠦᠨ ᠨᠡᠮᠡᠷᠢᠯᠡᠬᠦ ᠬᠡᠷᠡᠭᠲᠡᠶ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠬᠤ ᠠᠵᠢᠯ ᠤᠨ ᠲᠤᠰᠬᠠᠶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠵᠤ᠂ ︽ | ᠵᠢᠯ ᠤᠨ ᠡᠬᠢᠨ ᠳᠤ ᠬᠠᠷᠠᠯᠲᠠ ᠲᠠᠢ᠂ ᠰᠠᠷ᠎ᠠ ᠪᠦᠷᠢ ᠲᠣᠬᠢᠷᠠᠭᠤᠯᠤᠯᠲᠠ ᠲᠠᠢ᠂ ᠤᠯᠠᠷᠢᠯ ᠳᠤ ᠮᠡᠳᠡᠭᠳᠡᠯ ᠲᠠᠢ᠂ | ᠵᠢᠯ ᠤᠨ ᠰᠡᠭᠦᠯᠴᠢ ᠳᠤ ᠰᠢᠯᠭᠠᠨ ᠬᠢᠨᠠᠬᠤ ᠲᠠᠢ︾ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠠᠵᠢᠯ ᠢᠶᠠᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠦᠶ᠋ᠯᠡᠴᠢᠯᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ | ᠴᠢᠩᠭᠠᠷᠠᠭᠤᠯᠤᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠬᠤᠯᠠᠴᠢᠯᠠᠨ᠎ᠠ᠃ ᠤᠬᠠᠭᠤᠯᠭ᠎ᠠ ᠶᠢᠨ ᠬᠡᠯᠪᠡᠷᠢ ᠶᠢᠨ | ᠰᠢᠨ᠎ᠡ ᠶᠢ ᠢᠳᠡᠪᠬᠢᠲᠡᠶ ᠪᠠᠷ ᠡᠭᠦᠳᠴᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ | ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠶᠠᠷᠢᠶ᠎ᠠ ᠬᠡᠯᠡᠯᠴᠡᠭᠡ ᠪᠠᠷ | ᠬᠥᠲᠥᠯᠦᠨ ᠵᠢᠯᠣᠭᠤᠳᠬᠤ ᠶᠢ ᠦᠨᠡᠨᠬᠦ ᠰᠠᠶᠢᠲᠤᠷ ᠬᠢᠵᠦ᠂ ᠣᠷᠣᠯᠭ᠎ᠠ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠰᠠᠶᠢᠨ ᠠᠷᠭ᠎ᠠ ᠰᠠᠶᠢᠨ ᠲᠤᠷᠰᠢᠯᠭ᠎ᠠ ᠶᠢ ᠳᠡᠯᠭᠡᠷᠡᠭᠦᠯᠦᠨ᠂ ᠠᠵᠢᠯᠴᠢ ᠬᠥᠳᠡᠯᠮᠦᠷᠢᠴᠢ ᠪᠠᠷ | ᠪᠠᠶᠠᠵᠢᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ | ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2023﹈ 10 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ︾ ᠢ ᠲᠠᠨᠠᠷ ᠲᠤ | ᠳᠠᠷᠤᠮᠠᠯᠯᠠᠨᠲ᠋ᠠᠷᠬᠠᠭᠠᠯᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠶ᠃ | 2023 ᠣᠨ ᠤ 2 ᠰᠠᠷ᠎ᠠ ᠶᠢᠨ 17 | ︵ᠲᠣᠰ ᠮᠠᠲ᠋ᠧᠷᠢᠶᠠᠯ ᠢ ᠢᠯᠡ | ᠨᠡᠶᠢᠲᠡᠯᠡᠨ᠎ᠡ︶ | ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠠᠵᠢᠯ ᠤᠨ ᠲᠦᠰᠦᠯ | ᠪᠦᠬᠦ ᠤᠯᠤᠰ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ | ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺ 43 ᠳ᠋ᠤᠭᠠᠷ ᠲᠣᠭᠠᠲᠤ︶ ᠢ | ᠨᠠᠷᠢᠨ ᠨᠠᠶᠢᠳᠠᠪᠤᠷᠢᠵᠢᠭᠤᠯᠤᠨ᠂ ᠮᠠᠨ ᠤ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠵᠤ᠂ ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠪᠦᠬᠦ | ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠥᠭᠵᠢᠯᠲᠡ ᠳᠤ ᠦᠢᠯᠡᠴᠢᠯᠡᠬᠦ ᠪᠠᠷ ᠦᠨᠳᠦᠰᠦ ᠪᠣᠯᠭᠠᠵᠤ᠂ | ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠪᠠᠷᠢᠮᠲᠠᠯᠠᠨ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠪᠠᠶᠢᠭᠤᠯᠬᠤ᠂ | ᠬᠠᠩᠭᠠᠯᠭ᠎ᠠ ᠶᠢ ᠨᠡᠮᠡᠭᠳᠡᠭᠦᠯᠬᠦ᠂ ᠠᠭᠤᠯᠤᠭᠳᠠᠬᠤᠨ ᠢ ᠴᠢᠩᠭᠠᠷᠠᠭᠤᠯᠬᠤ᠂ ᠵᠣᠬᠢᠴᠠᠯᠳᠤᠯ ᠢ ᠨᠡᠮᠡᠭᠳᠡᠭᠦᠯᠬᠦ᠂ ᠶᠠᠰᠤ | ᠴᠢᠨᠠᠷ ᠢ ᠳᠡᠭᠡᠭᠰᠢᠯᠡᠭᠦᠯᠬᠦ᠂ ᠳᠦᠷᠢ ᠲᠥᠷᠬᠦ ᠶᠢ ᠱᠤᠭᠤᠬᠤ ᠪᠠᠷ ᠬᠦᠴᠦᠯᠡᠨ ᠴᠢᠷᠮᠠᠶᠢᠵᠤ᠂ ᠭᠤᠯᠳᠤ ᠪᠠᠷ ᠨᠡᠪᠲᠡᠷᠡᠭᠰᠡᠨ | ᠂ ᠬᠥᠨᠳᠡᠯᠡᠨ ᠢᠶᠠᠷ ᠠᠭᠤᠰᠤᠯᠴᠠᠭᠰᠠᠨ᠂ ᠰᠤᠷᠭᠠᠭᠤᠯᠢ ᠠᠵᠤ ᠠᠬᠤᠶᠢᠯᠠᠯ ᠬᠤᠯᠪᠣᠭᠠᠯᠠᠨ ᠨᠡᠪᠲᠡᠷᠡᠭᠰᠡᠨ ᠣᠲᠣ | ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠪᠣᠯᠪᠠᠰᠤᠷᠠᠭᠤᠯᠤᠯ ᠤᠨ ᠰᠢᠰᠲ᠋ᠧᠮᠵᠢ ᠶᠢ ᠢᠳᠡᠪᠬᠢᠲᠡᠶ | ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠣᠷᠣᠨ ᠪᠦᠰᠡ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ᠮᠡᠷᠭᠡᠵᠢᠯ ᠴᠢᠳᠠᠪᠤᠷᠢ ᠪᠥᠬᠦᠶ ᠥᠪᠥᠷ | ᠮᠣᠩᠭᠤᠯ︾ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | ᠬᠤᠶᠠᠷ᠂ ᠶᠡᠷᠦᠩᠬᠡᠶ ᠬᠠᠷᠠᠯᠲᠠ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ | ᠦᠷᠭᠦᠯᠵᠢᠯᠡᠨ ᠰᠢᠯᠢᠳᠡᠭᠵᠢᠭᠦᠯᠵᠦ᠂ ᠣᠨᠴᠠᠯᠢᠭ ᠰᠢᠨᠵᠢ ᠶᠢ ᠨᠠᠩ ᠢᠯᠡ ᠲᠣᠳᠣ ᠪᠣᠯᠭᠠᠵᠤ᠂ ᠲᠥᠷᠥᠯ ᠬᠤᠪᠢᠶᠠᠨ | ᠰᠢᠯᠭᠠᠵᠤ ᠰᠣᠷᠣᠭᠴᠢ ᠡᠯᠰᠡᠬᠦ᠂ ᠣᠲᠣ ᠦᠶ᠎ᠡ ᠶᠢᠨ ᠱᠠᠪᠢ ᠣᠷᠣᠬᠤ ᠲᠦᠷᠢᠮ ᠵᠡᠷᠭᠡ ᠲᠥᠷᠥᠯ ᠬᠡᠯᠪᠡᠷᠢ ᠶᠢᠨ | ᠴᠢᠨᠠᠷᠲᠠᠶ ᠲᠦᠷᠢᠮ ᠢ ᠭᠦᠨᠵᠡᠭᠡᠶ ᠬᠡᠷᠡᠭᠵᠢᠭᠦᠯᠪᠡ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠤᠷᠭᠠᠨ ᠬᠥᠮᠦᠵᠢᠯ ᠤᠨ ᠬᠡᠪᠴᠢᠶ᠎ᠡ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠶᠢᠷᠢᠰᠢᠯ ᠢ ᠨᠡᠩ | ᠰᠢᠨᠵᠢᠯᠡᠬᠦ ᠤᠬᠠᠭᠠᠨᠴᠢ ᠪᠣᠯᠭᠠᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠷᠳᠡᠮ ᠤᠨ | ᠴᠣᠯᠠ ᠶᠢᠨ ᠬᠠᠩᠭᠠᠯᠭ᠎ᠠ ᠶᠢ ᠭᠦᠢᠴᠡᠳ ᠬᠠᠩᠭᠠᠵᠤ᠂ ᠨᠡᠶᠢᠭᠡᠮ ᠪᠠ ᠰᠤᠷᠭᠠᠨ ᠬᠥᠮᠦᠵᠢᠯ ᠤᠨ ᠬᠡᠷᠡᠭᠴᠡᠭᠡ ᠶᠢ | ᠬᠠᠩᠭᠠᠵᠤ ᠴᠢᠳᠠᠨ᠎ᠠ︔ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠪᠦᠲᠦᠮᠵᠢᠲᠡᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠮᠡᠷᠭᠡᠵᠢᠯ ᠢ ᠵᠡᠷᠭᠡᠪᠡᠷ ᠵᠠᠰᠠᠬᠤ ᠶᠢ ᠤᠷᠳᠤ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ︔ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ | ᠮᠡᠷᠭᠡᠵᠢᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠭᠤᠤᠯᠳᠠᠯᠭ᠎ᠠ ᠨᠢ ᠲᠣᠪᠤᠶᠢᠮ᠎ᠠ᠂ | ᠣᠨᠴᠠᠯᠢᠭ ᠨᠢ ᠢᠯᠡ ᠲᠣᠳᠣ᠂ ᠪᠠᠶᠢᠷᠢ ᠪᠠᠨ ᠠᠯᠳᠠᠵᠤ ᠬᠥᠭᠵᠢᠭᠰᠡᠨ ᠲᠤᠰᠬᠠᠶ ᠮᠡᠷᠭᠡᠵᠢᠯ ᠤᠨ ᠪᠠᠶᠢᠷᠢᠰᠢᠯ ᠢ ᠠᠩᠬ᠎ᠠ | ᠠᠯᠬᠤᠮ ᠪᠣᠶ ᠪᠣᠯᠭᠠᠵᠤ᠂ ᠰᠤᠷᠭᠠᠨ ᠬᠥᠮᠦᠵᠢᠯ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢ ᠠᠵᠤ ᠦᠢᠯᠡᠰ ᠤᠨ | ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠲᠠᠢ ᠨᠢᠭᠲᠠ ᠵᠣᠯᠭᠠᠭᠤᠯᠪᠠ︔ ᠳᠤᠮᠳᠠᠳᠤ ᠤᠯᠤᠰ ᠤᠨ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠬᠤᠯᠪᠣᠭᠠᠨ ᠤ ᠪᠠᠶᠢᠭᠤᠯᠤᠯ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠴᠢᠳᠠᠪᠤᠷᠢᠲᠠᠨ ᠢ ᠬᠥᠮᠦᠵᠢᠭᠦᠯᠬᠦ ᠶᠢ ᠪᠦᠲᠦᠮᠵᠢᠲᠡᠶ ᠵᠣᠯᠭᠠᠭᠤᠯᠵᠤ᠂ ᠭᠤᠯᠳᠤ ᠪᠠᠷ ᠨᠡᠪᠲᠡᠷᠡᠭᠰᠡᠨ᠂ ᠬᠥᠨᠳᠡᠯᠡᠨ ᠢᠶᠠᠷ | ᠠᠭᠤᠰᠤᠯᠴᠠᠭᠰᠠᠨ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ | ᠦᠨᠳᠦᠰᠦᠨ ᠳᠡᠭᠡᠨ ᠪᠠᠶᠢᠭᠤᠯᠤᠨ᠎ᠠ︔ ᠠᠵᠤ ᠦᠢᠯᠡᠰ ᠪᠠ ᠰᠤᠷᠭᠠᠨ ᠬᠥᠮᠦᠵᠢᠯ ᠢ ᠭᠦᠨᠵᠡᠭᠡᠢ ᠠᠭᠤᠰᠤᠯᠴᠠᠭᠤᠯᠵᠤ᠂ | ᠰᠤᠷᠭᠠᠭᠤᠯᠢ ᠪᠠ ᠠᠵᠤ ᠠᠬᠤᠶᠢᠯᠠᠯ ᠨᠢᠭᠲᠠ ᠬᠠᠮᠲᠤᠷᠠᠯᠴᠠᠨ᠎ᠠ︔ ︽ᠭᠤᠷᠪᠠᠨ ᠪᠦᠷᠢᠨ︾ ᠢᠶᠠᠷ ᠬᠥᠮᠦᠨ ᠢ | ᠬᠥᠮᠦᠵᠢᠭᠦᠯᠬᠦ᠂ ︽ᠭᠤᠷᠪᠠᠨ ᠰᠤᠷᠭᠠᠨ ᠬᠥᠮᠦᠵᠢᠯ︾ ᠤᠨ ᠥᠭᠡᠷᠡᠴᠢᠯᠡᠯᠲᠡ ᠪᠠ ︽1+X︾ ᠦᠨᠡᠮᠯᠡᠯ ᠤᠨ | ᠲᠦᠷᠢᠮ ᠤᠨ ᠲᠤᠷᠰᠢᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠦᠨᠵᠡᠭᠡᠶ ᠳᠥᠯᠭᠢᠨ ᠠᠬᠢᠭᠤᠯᠵᠤ᠂ ᠮᠡᠷᠭᠡᠵᠢᠯ | ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ︔ | ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠷᠭᠡ ᠪᠠᠷ | ᠡᠷᠬᠢᠮᠯᠡᠨ ᠬᠡᠷᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ | ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠢ ᠵᠣᠬᠢᠴᠠᠯᠳᠤᠭᠤᠯᠤᠨ ᠬᠥᠭᠵᠢᠭᠦᠯᠵᠦ᠂ ᠪᠦᠬᠦ ᠠᠷᠠᠳ ᠤᠨ | ᠨᠠᠰᠤᠨ ᠲᠤᠷᠰᠢᠳᠠ ᠶᠢᠨ ᠰᠤᠷᠤᠯᠴᠠᠯᠭ᠎ᠠ ᠬᠥᠮᠦᠵᠢᠯ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ᠃ | ᠭᠤᠷᠪᠠ᠂ ᠠᠵᠢᠯ ᠤᠨ ᠡᠭᠦᠷᠭᠡ ᠵᠢᠴᠢ ᠠᠷᠭ᠎ᠠ ᠬᠡᠮᠵᠢᠶ᠎ᠡ | ︵ᠨᠢᠭᠡ︶ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠤᠨ᠎ᠠ | ᠰᠤᠷᠭᠠᠭᠤᠯᠢ ᠡᠷᠬᠢᠯᠡᠬᠦ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠰᠤᠷᠭᠠᠭᠤᠯᠢ ᠡᠷᠬᠢᠯᠡᠬᠦ ᠬᠡᠪᠴᠢᠶ᠎ᠡ ᠶᠢ | ᠦᠷᠭᠦᠯᠵᠢᠯᠡᠨ ᠥᠷᠭᠡᠳᠬᠡᠨ᠎ᠡ᠃ ᠨᠢᠭᠡ ᠳᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠷᠳᠡᠮ ᠤᠨ ᠴᠣᠯᠠ | ᠪᠣᠯᠤᠨ ᠳᠠᠳᠤᠯᠭ᠎ᠠ ᠪᠣᠯᠪᠠᠰᠤᠷᠠᠯ ᠤᠨ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠦᠨᠡᠨᠬᠦ ᠨᠡᠮᠡᠭᠳᠡᠭᠦᠯᠵᠦ᠂ ᠬᠢᠩᠭᠠᠨ | ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠳᠠᠳᠤᠯᠭ᠎ᠠ ᠶᠢᠨ | ᠳᠠᠳᠤᠯᠭ᠎ᠠ ᠪᠣᠯᠪᠠᠰᠤᠷᠠᠯ ᠤᠨ ᠠᠰᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠯ ᠤᠨ ᠠᠰᠠᠷ ᠤᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ | ᠠᠰᠢᠭᠯᠠᠯᠲᠠ ᠳᠤ ᠣᠷᠣᠭᠤᠯᠵᠤ᠂ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠲᠥᠯᠥᠪᠵᠢᠭᠦᠯᠭᠡ᠂ ᠲᠥᠷᠥᠯ ᠵᠦᠢᠯ ᠲᠣᠭᠲᠠᠭᠠᠬᠤ᠂ | ᠪᠥᠲᠥᠭᠡᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ 2023 ᠣᠨ ᠤ ᠰᠡᠭᠦᠯᠴᠢ ᠪᠣᠯᠬᠤ ᠳᠤ᠂ 3 | ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢᠳᠡᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ | ᠦᠨᠳᠦᠰᠦᠨ ᠳᠡᠭᠡᠨ ᠪᠠᠶᠢᠭᠤᠯᠤᠨ᠎ᠠ︔ 2025 ᠣᠨ ᠪᠣᠯᠬᠤ ᠳᠤ᠂ ᠪᠥᠬᠦ ᠠᠶᠢᠮᠠᠭ ᠤᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠪᠦᠬᠦᠨ ᠢ ᠪᠠᠷᠢᠮᠵᠢᠶ᠎ᠠ ᠳᠤ | ᠬᠦᠷᠦᠭᠦᠯᠦᠨ᠎ᠡ᠃ ᠬᠤᠶᠠᠷ ᠲᠤ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠦᠬᠦᠯᠢ | ᠴᠣᠭᠴᠠ ᠪᠠᠷ ᠨᠢ ᠨᠡᠭᠦᠯᠭᠡᠬᠦ ᠵᠢᠴᠢ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠪᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠨᠢᠭᠡᠳᠦᠭᠡᠷ ᠲᠤ | ᠵᠢᠭᠰᠠᠭᠠᠭᠳᠠᠭᠰᠠᠨ ᠨᠢ ᠲᠦᠷᠦᠭᠦᠯᠡᠨ ᠬᠢᠬᠦ ᠨᠢᠭᠡᠴᠢ᠂ ᠪᠤᠰᠤᠳ ᠨᠢ ᠬᠠᠮᠵᠢᠯᠴᠠᠬᠤ ᠨᠢᠭᠡᠴᠢ︶︶ | ︵ᠬᠤᠶᠠᠷ︶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢᠨ | ᠰᠢᠯᠢᠳᠡᠭ ᠢ ᠳᠣᠭᠢᠷᠠᠭᠤᠯᠤᠨ ᠶᠠᠰᠤ ᠴᠢᠨᠠᠷ ᠢ ᠲᠡᠭᠡᠭᠰᠢᠯᠡᠭᠦᠯᠦᠨ᠎ᠡ | ᠲᠤᠰᠬᠠᠶ ᠮᠡᠷᠭᠡᠵᠢᠯ ᠢ ᠨᠢᠭᠡᠳᠦᠯᠲᠡᠶ ᠲᠥᠯᠥᠪᠯᠡᠬᠦ᠂ ᠰᠢᠯᠢᠳᠡᠭᠵᠢᠭᠦᠯᠬᠦ᠂ ᠲᠣᠬᠢᠷᠠᠭᠤᠯᠬᠤ᠂ ᠲᠡᠰ ᠳᠡᠪᠰᠢᠭᠦᠯᠬᠦ | ᠠᠵᠢᠯ ᠢ ᠢᠳᠡᠪᠬᠢᠲᠡᠶ ᠥᠷᠨᠢᠭᠦᠯᠦᠨ᠎ᠡ᠃ ᠨᠢᠭᠡ ᠳᠤ ᠨᠢᠭᠡᠳᠦᠯᠲᠡᠶ ᠲᠥᠯᠥᠪᠵᠢᠭᠦᠯᠬᠦ᠂ ᠣᠨᠴᠠᠯᠢᠭ ᠢ ᠳᠣᠪᠤᠶᠢᠯᠭᠠᠬᠤ᠂ | ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠵᠠᠷᠴᠢᠮ ᠶᠣᠰᠣᠭᠠᠷ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ | ᠬᠥᠲᠥᠯᠥᠨ ᠵᠢᠯᠣᠭᠤᠳᠴᠤ ᠪᠠᠶᠢᠭᠠᠳ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠢ | ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠪᠥᠬᠦ ᠠᠶᠢᠮᠠᠭ ᠤᠨ ᠣᠲᠣ ᠦᠶ᠎ᠡ ᠶᠢᠨ ᠪᠣᠬᠢᠷᠲᠤᠯ ᠥᠬᠡᠶ | ᠲᠠᠷᠢᠶᠠᠯᠠᠩ ᠮᠠᠯ ᠠᠵᠤ ᠠᠬᠤᠶ᠂ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠳᠪᠦᠷᠢ ︵ | ᠰᠦ ᠶᠢᠨ ᠦᠢᠯᠡᠰ᠂ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠴᠡᠪᠡᠷ | ᠡᠨᠧᠷᠭᠢ᠂ ᠲᠡᠮᠦᠷᠯᠢᠭ ᠪᠣᠯᠪᠠᠰᠤᠷᠠᠭᠤᠯᠬᠤ ᠵᠢᠴᠢ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠬᠡᠯᠪᠡᠷᠢ ᠶᠢᠨ | ᠬᠢᠮᠢ ᠶᠢᠨ ᠠᠵᠤ ᠦᠢᠯᠡᠳᠪᠦᠷᠢ︶᠂ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠦᠢᠯᠡᠰ᠂ ᠤᠨᠴᠠᠯᠢᠬᠳᠤ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠵᠡᠷᠭᠡ ᠳᠥᠷᠪᠡᠨ ᠶᠡᠭᠡ ᠠᠵᠤ ᠦᠢᠯᠡᠰ ᠢ ᠴᠢᠩᠭ᠎ᠠ ᠠᠳᠬᠤᠨ᠎ᠠ᠃ | ᠮᠠᠨ ᠤ ᠠᠶᠢᠮᠠᠭ ᠤᠨ ᠠᠵᠤ ᠦᠢᠯᠡᠰ ᠤᠨ ᠬᠥᠭᠵᠢᠯᠲᠡ ᠯᠦᠭᠡ ᠨᠠᠷᠢᠯᠢᠭ ᠣᠨᠣᠴᠠᠲᠠᠶ ᠪᠠᠷ ᠵᠣᠯᠭᠠᠭᠤᠯᠤᠭᠰᠠᠨ ᠨᠢᠭᠡ | ᠪᠦᠯᠦᠭ ᠨᠠᠷᠠᠲᠤ ᠲᠥᠷᠥᠯ ᠲᠡᠮᠳᠡᠭᠲᠦ ᠶᠢᠨ ᠵᠢᠱᠢᠶ᠎ᠡ ᠦᠵᠡᠭᠦᠯᠬᠦ ᠲᠤᠰᠬᠠᠶ ᠮᠡᠷᠭᠡᠵᠢᠯ ᠢ ᠪᠤᠶᠢᠵᠢᠭᠤᠯᠤᠨ ᠪᠣᠶ ᠪᠣᠯᠭᠠᠵᠤ | ᠂ ᠪᠠᠶᠢᠷᠢ ᠲᠣᠭᠲᠠᠭᠠᠯᠲᠠ ᠨᠢ ᠣᠨᠣᠪᠴᠢᠲᠠᠶ᠂ ᠭᠤᠤᠯᠳᠠᠯᠭ᠎ᠠ ᠨᠢ ᠲᠣᠪᠤᠶᠢᠮ᠎ᠠ᠂ ᠣᠨᠴᠠᠯᠢᠭ ᠨᠢ ᠢᠯᠡ ᠲᠣᠳᠣ᠂ | ᠪᠠᠶᠢᠷᠢ ᠰᠤᠯᠢᠨ ᠬᠥᠭᠵᠢᠭᠰᠡᠨ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ | ᠃ ᠬᠤᠶᠠᠷ ᠲᠤ ᠲᠤᠰᠬᠠᠶ ᠮᠡᠷᠭᠡᠵᠢᠯ ︵ᠣᠯᠠᠨ ᠲᠦᠮᠡᠨ︶ ᠢ ᠦᠨᠡᠯᠡᠨ ᠵᠢᠱᠢᠵᠦ ᠨᠤᠲᠠᠯᠠᠬᠤ ᠠᠵᠢᠯ ᠢ ᠥᠷᠨᠢᠭᠦᠯᠵᠦ᠂ | ︽ᠰᠢᠯᠢᠳᠡᠭ ᠢ ᠨᠢ ᠲᠡᠳᠬᠦᠵᠦ ᠰᠢᠨ᠎ᠡ ᠪᠠᠷ ᠪᠠᠶᠢᠭᠤᠯᠬᠤ᠂ ᠵᠣᠭᠰᠣᠭᠠᠬᠤ ᠬᠠᠰᠤᠬᠤ᠂ ᠥᠭᠡᠷᠡᠴᠢᠯᠡᠨ ᠳᠡᠭᠡᠭᠰᠢᠯᠡᠭᠦᠯᠬᠦ | ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠵᠣᠬᠢᠴᠠᠬᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ | ᠵᠢᠱᠢᠯᠲᠡ ᠳᠤ ᠨᠡᠶᠢᠴᠡᠬᠦ ᠲᠤᠰᠬᠠᠶ ᠮᠡᠷᠭᠡᠵᠢᠯ ᠢ ᠳᠣᠭᠢᠷᠠᠭᠤᠯᠤᠨ ᠳᠣᠭᠢᠷᠠᠭᠤᠯᠬᠤ ᠶᠢ ᠳᠡᠮᠵᠢᠵᠦ᠂ ᠰᠢᠨ᠎ᠡ ᠪᠠᠷ ᠨᠡᠮᠡᠵᠦ | ᠪᠠᠶᠢᠭᠤᠯᠤᠭᠰᠠᠨ ᠪᠠᠴᠢᠮ ᠬᠡᠷᠡᠭᠴᠡᠭᠡ ᠲᠠᠢ ᠲᠤᠰᠬᠠᠶ ᠮᠡᠷᠭᠡᠵᠢᠯ ᠪᠠ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠳᠤ | ᠲᠤᠰᠬᠠᠶ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ | ᠮᠡᠷᠭᠡᠵᠢᠯ ᠢ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠦᠷᠢᠮ ᠢ ᠲᠡᠭᠦᠯᠳᠡᠷᠵᠢᠭᠦᠯᠵᠦ᠂ ᠬᠠᠩᠭᠠᠯᠭ᠎ᠠ | ᠢᠯᠡᠭᠦᠳᠡᠭᠰᠡᠨ᠂ ᠠᠵᠢᠯ ᠣᠯᠭᠤᠯᠲᠠ ᠶᠢᠨ ᠨᠤᠷᠮ᠎ᠠ ᠳᠣᠣᠷ᠎ᠠ᠂ ᠠᠵᠢᠯ ᠮᠡᠷᠭᠡᠵᠢᠯ ᠤᠨ ᠠᠵᠢᠯ ᠤᠨ ᠪᠠᠶᠢᠷᠢ ᠦᠭᠡᠢ | ᠪᠣᠯᠤᠭᠰᠠᠨ ᠲᠤᠰᠬᠠᠶ ᠮᠡᠷᠭᠡᠵᠢᠯ ᠢ ᠬᠠᠰᠤᠵᠤ ᠨᠡᠶᠢᠯᠡᠭᠦᠯᠬᠦ ᠪᠠ ᠵᠠᠭᠠᠵᠠᠯᠠᠨᠠ᠃ ᠭᠤᠷᠪᠠ ᠳᠤ ᠬᠡᠤᠬᠡᠳ ᠰᠠᠭᠠᠲᠠᠭᠤᠯᠬᠤ | ᠂ ᠡᠷᠡᠭᠦᠯ ᠮᠡᠨᠳᠦ ᠠᠰᠠᠷᠠᠨ ᠲᠡᠵᠢᠭᠡᠬᠦ᠂ ᠬᠡᠷ ᠠᠬᠤᠶ ᠶᠢᠨ ᠠᠵᠢᠯ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠬᠠᠮᠢᠶ᠎ᠠ ᠪᠥᠬᠦᠶ ᠲᠤᠰᠬᠠᠶ ᠮᠡᠷᠭᠡᠵᠢᠯ ᠢ ᠲᠦᠷᠭᠡᠳᠬᠡᠨ ᠪᠠᠶᠢᠭᠤᠯᠤᠨ᠎ᠠ᠃ 2025 ᠣᠨ ᠪᠣᠯᠬᠤ ᠳᠤ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ | ᠳᠣᠭᠢᠷᠠᠭᠤᠯᠬᠤ ᠶᠢ ᠪᠡᠶᠡᠯᠡᠭᠦᠯᠦᠨ᠎ᠡ᠃ ᠲᠦᠷᠪᠡ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠢᠯᠢᠳᠡᠭ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠰᠤᠷᠭᠠᠭᠤᠯᠢ ᠡᠷᠬᠢᠯᠡᠬᠦ ᠶᠠᠰᠤ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠥᠬᠦ ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠨᠠᠭᠠᠳᠤ ᠵᠠᠬ᠎ᠠ ᠳᠠᠭᠠᠨ 3 ᠰᠢᠯᠢᠳᠡᠭ ᠲᠤᠰᠬᠠᠶ ᠮᠡᠷᠭᠡᠵᠢᠯ ᠢ ᠪᠣᠶ ᠪᠣᠯᠭᠠᠵᠤ᠂ ᠳᠤᠮᠳᠠᠳᠤ | ᠤᠯᠤᠰ ᠤᠨ ᠣᠨᠴᠠᠯᠢᠭ ᠪᠥᠬᠦᠶ ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠲᠤᠰᠬᠠᠶ ᠮᠡᠷᠭᠡᠵᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠯᠠᠪᠳᠠᠭᠤᠨ ᠪᠠᠲᠤᠲᠠᠶ ᠠᠬᠢᠭᠤᠯᠵᠤ᠂ | ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ | ᠪᠠ ᠮᠠᠯ ᠠᠵᠤ ᠠᠬᠤᠶ ᠮᠠᠯ ᠡᠮᠨᠡᠯᠭᠡ ᠶᠢᠨ 2 ᠥᠨᠳᠥᠷ ᠬᠢᠷᠢ ᠲᠦᠪᠰᠢᠨ ᠪᠥᠬᠦᠶ ᠲᠤᠰᠬᠠᠶ ᠮᠡᠷᠭᠡᠵᠢᠯ ᠤᠨ | ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠨᠢᠭᠡ ᠰᠤᠷᠭᠠᠭᠤᠯᠢ ᠨᠢᠭᠡ ᠲᠥᠷᠥᠯ ᠤᠨ᠂ ᠲᠤᠰᠬᠠᠶ | ᠮᠡᠷᠭᠡᠵᠢᠯ ᠤᠨ ᠣᠨᠴᠠᠯᠢᠭ ᠢᠶᠠᠷ ᠢᠯᠡᠷᠬᠡᠶ ᠰᠤᠷᠭᠠᠭᠤᠯᠢ ᠡᠷᠭᠢᠯᠡᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ | ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ︶ | ︵ᠭᠤᠷᠪᠠ︶ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠤᠨ᠎ᠠ | ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽ᠭᠦᠨᠵᠡᠭᠡᠶᠢᠷᠡᠨ ᠬᠥᠭᠵᠢᠬᠦ | ︾ ᠶᠢ ᠲᠦᠯᠬᠢᠨ ᠠᠬᠢᠭᠤᠯᠤᠨ᠎ᠠ᠃ ᠨᠢᠭᠡ ᠳᠤ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠩᠬᠢᠨᠢ | ᠠᠩᠭᠢ ᠶᠢᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠶᠢᠭᠤᠯᠬᠤ ᠪᠠᠷ ᠭᠤᠶᠤᠴᠢᠯᠠᠬᠤ | ᠪᠤᠶᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠭᠤᠶᠤᠴᠢᠯᠠᠨ | ᠡᠷᠭᠢᠯᠡᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠪᠥᠬᠦ ᠠᠶᠢᠮᠠᠭ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠦᠮᠦᠵᠢᠯ ᠤᠨ ᠰᠢᠨ᠎ᠡ ᠨᠡᠷ᠎ᠡ ᠬᠠᠭᠤᠳᠠᠰᠤ ᠶᠢ ᠪᠤᠢ ᠪᠤᠯᠭᠠᠨ᠎ᠠ᠃ ᠬᠤᠶᠠᠷ ᠲᠤ ᠠᠶᠢᠮᠠᠭ ᠤᠨ ᠳᠤᠮᠳᠠ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠬᠤᠯᠪᠣᠭᠠᠨ ᠤ ᠪᠠᠶᠢᠭᠤᠯᠤᠯᠲᠠ ᠶᠢ ᠠᠬᠢᠭᠤᠯᠵᠤ᠂ ᠬᠢᠩᠭᠠᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ | ᠪᠠᠳᠠᠷᠠᠭᠤᠯᠵᠤ᠂ ᠪᠦᠬᠦ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠨᠢᠭᠡ ᠴᠣᠭᠴᠠᠵᠢᠭᠤᠯᠤᠨ | ᠵᠢᠷᠤᠵᠤ ᠲᠥᠯᠥᠪᠯᠡᠬᠦ᠂ ᠰᠤᠷᠤᠯᠭ᠎ᠠ ᠪᠠ ᠱᠠᠲᠤ ᠦᠶ᠎ᠡ ᠶᠢ ᠵᠣᠯᠭᠠᠭᠤᠯᠬᠤ᠂ ᠤᠷ᠎ᠠ ᠮᠡᠷᠭᠡᠵᠢᠯ ᠢ ᠠᠬᠢᠭᠤᠯᠬᠤ︾ | ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠠᠬᠢᠭᠤᠯᠵᠤ᠂ | ᠠᠶᠢᠮᠠᠭ ᠤᠨ ᠳᠣᠲᠣᠷᠠᠬᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠢᠭᠡᠳ ᠬᠢᠩᠭᠠᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠰᠤᠪᠢᠯᠠᠯᠲᠠ᠂ | ᠮᠠᠯ ᠠᠵᠤ ᠠᠬᠤᠶ ᠮᠠᠯ ᠡᠮᠨᠡᠯᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠵᠣᠬᠢᠶᠠᠮᠠᠯ ᠣᠶᠤᠨᠯᠢᠭ ᠤᠨ | ᠮᠡᠷᠭᠡᠵᠢᠯ ᠤᠨ ᠬᠡᠷᠡᠭᠯᠡᠭᠡᠨ᠂ ᠵᠢᠭᠤᠯᠴᠢᠯᠠᠯ ᠤᠨ ᠬᠠᠮᠢᠶᠠᠷᠤᠯᠲᠠ ᠵᠡᠷᠭᠡ 6 ᠲᠤᠰᠬᠠᠶ ᠮᠡᠷᠭᠡᠵᠢᠯ ᠤᠨ ᠪᠠᠭᠰᠢ ᠶᠢᠨ | ᠪᠣᠯᠪᠠᠰᠤᠷᠠᠭᠤᠯᠤᠯ᠂ ᠴᠢᠳᠠᠪᠤᠷᠢᠲᠠᠨ ᠤ ᠬᠥᠮᠦᠵᠢᠭᠦᠯᠦᠯ᠂ ᠬᠢᠴᠢᠶᠡᠯ ᠤᠨ ᠰᠢᠰᠲ᠋ᠧᠮᠵᠢ᠂ ᠵᠢᠭᠠᠨ ᠰᠤᠷᠭᠠᠯᠲᠠ ᠶᠢᠨ ᠡᠬᠢ | ᠪᠠᠶᠠᠯᠢᠭ᠂ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠲᠠᠯ᠎ᠠ ᠪᠠᠷ ᠪᠦᠲᠦᠮᠵᠢᠲᠡᠶ ᠵᠣᠯᠭᠠᠭᠤᠯᠬᠤ ᠪᠠ | ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠭᠤᠷᠪᠠ ᠳᠤ ᠠᠶᠢᠮᠠᠭ ᠤᠨ ᠬᠡᠪᠴᠢᠶᠡᠨ ᠳᠠᠬᠢ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠯᠪᠣᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠭᠤᠰᠤᠯᠴᠠᠨ ᠬᠠᠮᠲᠤᠪᠠᠷ ᠭᠥᠷᠳᠡᠬᠦ ᠬᠥᠭᠵᠢᠯᠲᠡ ᠶᠢ | ᠠᠬᠢᠭᠤᠯᠵᠤ᠂ ᠰᠤᠷᠭᠠᠭᠤᠯᠢ ᠨᠢᠭᠡᠪᠦᠷᠢ ᠲᠣᠰ ᠲᠣᠰ ᠤᠨ ᠰᠢᠯᠢᠳᠡᠭ ᠲᠤᠰᠬᠠᠶ ᠮᠡᠷᠭᠡᠵᠢᠯ ᠤᠨ ᠣᠨᠴᠠᠯᠢᠭ ᠢᠶᠠᠨ | ᠦᠨᠳᠦᠰᠦᠯᠡᠨ᠂ 1 — 2 ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠬᠤᠭᠤᠷᠣᠨᠳᠣᠬᠢ ᠣᠯᠠᠨ ᠲᠥᠷᠥᠯ | ᠬᠡᠯᠪᠡᠷᠢ᠂ ᠣᠯᠠᠨ ᠬᠡᠯᠪᠡᠷᠢ ᠮᠠᠶ᠋ᠢᠭ᠂ ᠥᠨᠳᠥᠷ ᠪᠠᠷᠢᠮᠵᠢᠶ᠎ᠠ᠂ ᠭᠦᠨᠵᠡᠭᠡᠶ ᠠᠭᠤᠰᠤᠯᠴᠠᠭᠰᠠᠨ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠥᠷᠨᠢᠭᠦᠯᠦᠨ᠎ᠡ᠃ ᠲᠦᠷᠪᠡ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ | ᠰᠤᠷᠭᠠᠨ ᠬᠥᠮᠦᠵᠢᠯ ᠤᠨ ᠨᠡᠪᠴᠢᠨ ᠠᠭᠤᠰᠤᠯᠴᠠᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠶᠡᠭᠡ ᠳᠡᠭᠡᠳᠦ | ᠰᠤᠷᠭᠠᠭᠤᠯᠢ ᠶᠢᠨ ᠡᠩ ᠤᠨ ᠳᠤᠮᠳᠠᠳᠤ ᠪᠠᠭ᠎ᠠ ᠰᠤᠷᠭᠠᠭᠤᠯᠢ ᠲᠠᠢ ᠬᠤᠯᠪᠣᠭᠠᠯᠠᠨ ᠠᠵᠢᠯ ᠮᠡᠷᠭᠡᠵᠢᠯ ᠤᠨ ᠰᠡᠬᠡᠭᠡᠷᠡᠭᠦᠯᠬᠦ | ᠰᠤᠷᠭᠠᠨ ᠬᠥᠮᠦᠵᠢᠯ ᠥᠷᠨᠢᠭᠦᠯᠬᠦ ᠶᠢ ᠵᠣᠷᠢᠭᠵᠢᠭᠤᠯᠤᠨ ᠲᠡᠮᠵᠢᠨ᠎ᠠ᠃ ᠠᠵᠢᠯ ᠮᠡᠷᠭᠡᠵᠢᠯ ᠤᠨ ᠰᠤᠷᠭᠠᠭᠤᠯᠢ ᠶᠢ | ᠪᠦᠬᠦᠨ ᠢ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠦᠢᠯᠡᠳᠦᠯᠭᠡ ᠶᠢᠨ ᠰᠠᠭᠤᠷᠢᠨ ᠭᠠᠵᠠᠷ ︵ᠲᠠᠯᠠᠪᠤᠷ︶ | ᠲᠤ ᠣᠷᠣᠭᠤᠯᠵᠤ᠂ ︽ᠨᠢᠭᠡ ᠬᠤᠰᠢᠭᠤ ᠰᠢᠶᠠᠨ ᠬᠤᠲᠠ ᠳᠤ ᠨᠢᠭᠡ ᠰᠠᠭᠤᠷᠢᠨ ᠭᠠᠵᠠᠷ︾ ᠢ ᠦᠨᠡᠨᠬᠦ ᠪᠠᠲᠤᠯᠠᠨ᠎ᠠ᠃ | ᠠᠵᠢᠯ ᠮᠡᠷᠭᠡᠵᠢᠯ ᠤᠨ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠮᠦᠵᠢᠭᠦᠯᠬᠦ ᠵᠠᠭᠪᠤᠷ ᠢ | ᠰᠦᠪᠡᠭᠴᠢᠯᠡᠵᠦ᠂ ︽ᠠᠵᠢᠯ ᠮᠡᠷᠭᠡᠵᠢᠯ ᠤᠨ ᠪᠠ ᠡᠩ ᠤᠨ ᠪᠠ ᠡᠩ ᠤᠨ ᠰᠤᠷᠭᠠᠨ ᠬᠥᠮᠦᠵᠢᠯ ᠢ ᠬᠠᠮᠲᠤᠪᠠᠷ | ᠪᠠᠶᠢᠭᠤᠯᠬᠤ︾ ᠠᠩᠭᠢ ᠭᠠᠷᠭᠠᠨ᠎ᠠ᠃ ᠲᠠᠪᠤ ᠳᠤ ᠰᠤᠷᠭᠠᠭᠤᠯᠢ ᠪᠠ ᠠᠵᠤ ᠠᠬᠤᠶᠢᠯᠠᠯ ᠤᠨ ᠬᠤᠤᠰ ᠴᠢᠭᠯᠡᠯ ᠢᠶᠠᠷ | ᠣᠷᠣᠯᠴᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢᠶᠠᠨ ᠬᠠᠷᠢᠯᠴᠠᠨ ᠬᠡᠷᠡᠭᠯᠡᠬᠦ᠂ ᠠᠰᠢᠭ | ᠲᠤᠰᠠ ᠪᠠᠨ ᠬᠠᠮᠲᠤ ᠪᠠᠷ ᠡᠳ᠋ᠯᠡᠬᠦ ᠶᠢ ᠵᠣᠷᠢᠭᠵᠢᠭᠤᠯᠵᠤ᠂ ᠨᠡᠶᠢᠭᠡᠮ ᠬᠢᠭᠡᠳ ᠵᠠᠬ᠎ᠠ ᠳᠡᠯᠭᠡᠭᠦᠷ ᠲᠤ ᠬᠡᠷᠡᠭᠴᠡᠭᠡ ᠲᠠᠢ | ᠴᠢᠳᠠᠪᠤᠷᠢᠲᠠᠨ ᠢ ᠬᠠᠮᠲᠤ ᠪᠠᠷ ᠬᠥᠮᠦᠵᠢᠭᠦᠯᠦᠨ᠎ᠡ᠃ ᠵᠢᠷᠭᠤᠭ᠎ᠠ ᠳᠤ ᠬᠤᠳᠠ ᠬᠥᠳᠡᠭᠡ ᠶᠢ ᠬᠠᠮᠤᠷᠤᠭᠰᠠᠨ ᠨᠠᠰᠤᠨ | ᠲᠤᠷᠰᠢᠳᠠ ᠶᠢᠨ ᠰᠤᠷᠤᠯᠴᠠᠯᠭ᠎ᠠ ᠶᠢᠨ ᠦᠢᠯᠡᠴᠢᠯᠡᠭᠡᠨ ᠤ ᠲᠣᠣᠷ ᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠵᠡᠷᠭᠡ ᠶᠢᠨ | ᠬᠠᠮᠵᠢᠯᠴᠠᠨ ᠬᠥᠭᠵᠢᠬᠦ ᠶᠢ ᠠᠬᠢᠭᠤᠯᠵᠤ᠂ ᠨᠡᠭᠡᠭᠡᠯᠲᠡᠲᠡᠢ ᠪᠥᠭᠡᠳ ᠠᠮᠢᠳᠤᠯᠢᠭ᠂ ᠡᠬᠢ ᠪᠠᠶᠠᠯᠢᠭ ᠡᠯᠪᠡᠭ ᠳᠡᠯᠪᠡᠭ᠂ | ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠳᠤ ᠦᠢᠯᠡᠴᠢᠯᠡᠬᠦ ᠰᠤᠷᠭᠠᠨ ᠬᠥᠮᠦᠵᠢᠯ ᠤᠨ ᠰᠢᠰᠲ᠋ᠧᠮ ᠢ | ᠪᠠᠶᠢᠭᠤᠯᠤᠨ᠎ᠠ᠃ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠲᠦᠴᠢᠦᠸᠠᠨ | ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ | ᠨᠢᠭᠡᠳᠦᠭᠡᠷ ᠪᠦᠯᠦᠭ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠴᠢᠬ ᠤᠨ ᠳᠡᠭᠡᠳᠦ ᠰᠤᠷᠭᠠᠭᠤᠯᠢ ᠪᠣᠯᠤᠭᠰᠠᠨ ᠤ | ᠬᠤᠪᠢ ᠳᠤ ᠥᠨᠳᠥᠷ ᠪᠠᠷᠢᠮᠵᠢᠶ᠎ᠠ ᠪᠠᠷ ᠪᠣᠯᠪᠠᠰᠤᠷᠠᠭᠤᠯᠤᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠶ᠃ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ᠂ ᠲᠠᠯᠠᠪᠤᠷ ᠭᠠᠵᠠᠷ᠂ ᠵᠢᠭᠠᠨ ᠰᠤᠷᠭᠠᠬᠤ ᠲᠥᠬᠦᠭᠡᠷᠦᠮᠵᠢ ᠶᠢᠨ | ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠤᠷᠤᠯᠴᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ 2025 ᠣᠨ ᠪᠣᠯᠬᠤ ᠳᠤ᠂ ᠭᠤᠯᠳᠤ ᠪᠠᠷ ᠨᠡᠪᠲᠡᠷᠡᠭᠰᠡᠨ᠂ ᠬᠥᠨᠳᠡᠯᠡᠨ ᠢᠶᠠᠷ | ᠠᠭᠤᠰᠤᠯᠴᠠᠭᠰᠠᠨ᠂ ᠰᠤᠷᠭᠠᠭᠤᠯᠢ ᠠᠵᠤ ᠠᠬᠤᠶᠢᠯᠠᠯ ᠬᠤᠯᠪᠣᠭᠠᠯᠠᠨ ᠨᠡᠪᠲᠡᠷᠡᠭᠰᠡᠨ ᠤᠳᠤ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠵᠢᠴᠢ ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ | ᠬᠥᠮᠦᠵᠢᠯ ᠤᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠯᠪᠣᠭᠳᠠᠯ ᠪᠥᠬᠦᠶ ᠡᠩ ᠤᠨ ᠳᠤᠮᠳᠠᠳᠤ ᠪᠠᠭ᠎ᠠ ᠰᠤᠷᠭᠠᠭᠤᠯᠢ︶ | | ︵ᠳᠥᠷᠪᠡ︶ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠤᠨ | ᠳᠡᠭᠡᠭᠰᠢᠯᠡᠯᠲᠡ ᠶᠢ ᠠᠬᠢᠭᠤᠯᠤᠨ᠎ᠠ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ | ᠪᠤᠶᠢᠵᠢᠭᠤᠯᠬᠤ︾ ᠠᠵᠢᠯᠯᠠᠭᠠᠨ ᠤ ᠲᠥᠯᠥᠪᠯᠡᠭᠡ ᠶᠢ ᠴᠢᠨᠠᠷ ᠰᠠᠶᠢᠲᠠᠶ ᠬᠡᠷᠡᠭᠵᠢᠭᠦᠯᠦᠨ᠎ᠡ᠃ ᠨᠢᠭᠡ ᠳᠤ᠂ ᠨᠠᠮ ᠤᠨ | ᠤᠳᠤᠷᠢᠳᠤᠯᠭ᠎ᠠ ᠶᠢ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ᠂ ᠶᠣᠰᠣ ᠰᠤᠷᠲᠠᠬᠤᠨ ᠢ ᠪᠣᠶ ᠪᠣᠯᠭᠠᠵᠤ | ᠬᠥᠮᠦᠨ ᠢ ᠬᠥᠮᠦᠵᠢᠭᠦᠯᠬᠦ ᠪᠥᠬᠦ ᠶᠠᠪᠤᠴᠠ ᠳᠤ ᠲᠤᠭᠤᠰᠢᠯᠠᠭᠤᠯᠵᠦ᠂ ︽ᠨᠢᠭᠡ ᠰᠤᠷᠭᠠᠭᠤᠯᠢ ᠨᠢᠭᠡ ᠲᠠᠰ︾ ᠤᠨ | ᠶᠣᠰᠣ ᠰᠤᠷᠲᠠᠬᠤᠨ ᠤ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠬᠡᠷᠡᠭᠵᠢᠭᠦᠯᠦᠨ᠂ ︽ᠭᠤᠷᠪᠠᠨ ᠪᠦᠷᠢᠨ ᠬᠥᠮᠦᠨ ᠬᠥᠮᠦᠵᠢᠭᠦᠯᠬᠦ︾ ᠰᠢᠨ᠎ᠡ ᠪᠠᠶᠢᠷᠢᠰᠢᠯ ᠢ ᠪᠣᠶ | ᠪᠣᠯᠭᠠᠨ᠎ᠠ᠃ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠣᠷᠣᠨ ᠤ ᠲᠠᠰ ᠤᠨ ᠦᠵᠡᠯ ᠰᠠᠨᠠᠭ᠎ᠠ ᠤᠯᠤᠰ | ᠲᠥᠷᠥ ᠶᠢᠨ ᠤᠨᠴᠠᠯᠢᠭᠳᠤ ᠶᠡᠭᠡ ᠳᠡᠭᠡᠳᠦ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠨᠢ ᠪᠣᠶ ᠪᠥᠬᠦᠶ ᠳᠡᠭᠡᠳᠦ ᠰᠤᠷᠭᠠᠭᠤᠯᠢ ᠰᠠᠯᠪᠤᠷᠢ᠂ ᠪᠣᠶ ᠪᠥᠬᠦᠶ ᠪᠠᠭᠰᠢ | ᠰᠤᠷᠤᠭᠴᠢᠳ ᠢ ᠬᠠᠮᠤᠷᠪᠠ᠃ 2025 ᠣᠨ ᠪᠣᠯᠬᠤ ᠳᠤ᠂ 2 — 3 ᠥᠪᠡᠷᠲᠡᠭᠡᠨ ᠵᠠᠰᠠᠬᠤ ᠣᠷᠣᠨ ᠤ ᠲᠠᠰ ᠤᠨ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ︽ᠭᠤᠷᠪᠠᠨ ᠪᠦᠷᠢᠨ ᠬᠥᠮᠦᠨ ᠬᠥᠮᠦᠵᠢᠭᠦᠯᠬᠦ︾ ᠨᠡᠶᠢᠲᠡᠯᠢᠭ | ᠰᠤᠷᠭᠠᠭᠤᠯᠢ ᠶᠢ ᠪᠤᠶᠢᠵᠢᠭᠤᠯᠵᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠥᠪᠡᠷᠲᠡᠭᠡᠨ ᠵᠠᠰᠠᠬᠤ | ᠣᠷᠣᠨ ᠤ ᠲᠠᠰ ᠤᠨ ᠦᠵᠡᠯ ᠰᠠᠨᠠᠭ᠎ᠠ ᠤᠯᠤᠰ ᠲᠥᠷᠥ ᠶᠢᠨ ᠣᠨᠴᠠᠯᠢᠭ ᠲᠠᠢ ᠬᠢᠴᠢᠶᠡᠯ ᠤᠨ ᠳᠡᠭᠡᠳᠦ ᠰᠤᠷᠭᠠᠭᠤᠯᠢ ᠶᠢ | ᠡᠭᠦᠳᠦᠨ ᠪᠠᠶᠢᠭᠤᠯᠤᠨ᠎ᠠ᠃ ᠬᠤᠶᠠᠷ ᠲᠤ᠂ ︽ᠵᠠᠩ ᠰᠤᠷᠲᠠᠯ ᠰᠢᠯᠢᠳᠡᠭ ᠰᠠᠶᠢᠨ + ᠰᠣᠶᠣᠯ ᠢᠷᠭᠡᠨᠰᠢᠯ ᠯᠠᠪᠳᠠᠭᠤᠨ | ᠪᠠᠲᠤᠲᠠᠢ + ᠤᠷ᠎ᠠ ᠴᠢᠳᠠᠪᠤᠷᠢ ᠨᠠᠷᠢᠯᠢᠭ + ᠪᠡᠶ᠎ᠡ ᠰᠡᠳᠬᠢᠯ ᠤᠨ ᠡᠷᠡᠭᠦᠯ ᠮᠠᠨᠳᠤ︾ ᠬᠥᠮᠦᠵᠢᠭᠦᠯᠬᠦ ᠵᠠᠭᠪᠤᠷ ᠢ | ᠪᠠᠶᠢᠭᠤᠯᠵᠤ᠂ ︽ᠲᠠᠪᠤᠨ ᠬᠥᠮᠦᠵᠢᠯ ᠢ ᠵᠡᠷᠭᠡᠪᠡᠷ ᠠᠳᠬᠤᠬᠤ︾ ᠰᠤᠷᠤᠭᠴᠢᠳ ᠤᠨ ᠪᠦᠬᠦ ᠶᠠᠪᠤᠴᠠ ᠪᠦᠬᠦ | ᠡᠯᠧᠮᠧᠨ᠋ᠲ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ | ᠭᠤᠷᠪᠠ ᠳᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠥᠷᠥᠯ ᠵᠦᠢᠯ ᠤᠨ ᠵᠢᠭᠠᠨ ᠰᠤᠷᠭᠠᠯᠲᠠ᠂ ᠠᠬᠤᠶ | ᠪᠠᠶᠢᠳᠠᠯ ᠤᠨ ᠵᠢᠭᠠᠨ ᠰᠤᠷᠭᠠᠯᠲᠠ᠂ ᠬᠡᠰᠡᠭᠴᠢᠯᠡᠭᠰᠡᠨ ᠵᠢᠭᠠᠨ ᠰᠤᠷᠭᠠᠯᠲᠠ ᠪᠠᠷ ᠭᠤᠤᠯ ᠴᠣᠭᠴᠠ ᠪᠣᠯᠭᠠᠭᠰᠠᠨ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠭᠪᠤᠷ ᠢ ᠳᠡᠯᠭᠡᠷᠡᠭᠦᠯᠦᠨ᠂ ᠰᠡᠩᠬᠡᠷᠡᠭᠦᠯᠬᠦ ᠮᠠᠶ᠋ᠢᠭ ᠤᠨ᠂ | ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠵᠢᠭᠠᠨ ᠰᠤᠷᠭᠠᠯᠲᠠ ᠶᠢ | ᠥᠷᠭᠡᠨ ᠢᠶᠠᠷ ᠬᠡᠷᠡᠭᠯᠡᠵᠦ᠂ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠦᠷᠪᠡ ᠳᠤ᠂ | ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠎ᠠ᠃ ᠵᠢᠯ ᠪᠦᠷᠢ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠴᠢᠳᠠᠪᠤᠷᠢ᠂ ᠵᠢᠭᠠᠨ ᠰᠤᠷᠭᠠᠬᠤ ᠴᠢᠳᠠᠪᠤᠷᠢ ᠪᠠ | ᠠᠩᠭᠢ ᠶᠢᠨ ᠡᠷᠬᠢᠯᠡᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠶᠡᠭᠡ ᠤᠷᠤᠯᠳᠤᠭᠠᠨ ᠢ ᠡᠷᠭᠢᠯᠡᠵᠦ᠂ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠡᠭᠡ ᠤᠷᠤᠯᠳᠤᠭᠠᠨ᠂ ᠳᠡᠯᠡᠬᠡᠶ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠮᠡᠷᠭᠡᠵᠢᠯ ᠴᠢᠳᠠᠪᠤᠷᠢ ᠶᠢᠨ ᠶᠡᠭᠡ ᠤᠷᠤᠯᠳᠤᠭᠠᠨ᠂ ᠳᠡᠯᠡᠬᠡᠶ ᠶᠢᠨ ᠮᠡᠷᠭᠡᠵᠢᠯ ᠴᠢᠳᠠᠪᠤᠷᠢ ᠶᠢᠨ | ᠶᠡᠭᠡ ᠤᠷᠤᠯᠳᠤᠭᠠᠨ ᠵᠢᠴᠢ ᠪᠥᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠷᠭᠡᠵᠢᠯ | ᠴᠢᠳᠠᠪᠤᠷᠢ ᠶᠢᠨ ᠶᠡᠭᠡ ᠤᠷᠤᠯᠳᠤᠭᠠᠨ ᠳᠤ ᠤᠷᠤᠯᠴᠠᠭᠤᠯᠤᠨ᠎ᠠ᠃ ︵ᠮᠡᠷᠭᠡᠵᠢᠯ ᠤᠨ ᠠᠵᠢᠯᠴᠢᠨ ᠤ ᠲᠥᠷᠥᠯ ᠤᠨ | ᠮᠡᠷᠭᠡᠵᠢᠯ ᠴᠢᠳᠠᠪᠤᠷᠢ ᠶᠢᠨ ᠶᠡᠭᠡ ᠤᠷᠤᠯᠳᠤᠭᠠᠨ ᠪᠠᠭᠳᠠᠨ᠎ᠠ︶ ᠲᠠᠪᠤ ᠳᠤ᠂ ︽ᠠᠵᠢᠯ ᠤᠨ ᠪᠠᠶᠢᠷᠢ ᠶᠢᠨ ᠬᠢᠴᠢᠶᠡᠯ | ᠤᠷᠤᠯᠳᠤᠭᠠᠨ ᠤ ᠦᠨᠡᠮᠯᠡᠯ︾ ᠤᠨ ᠶᠡᠷᠦᠩᠬᠡᠶᠢᠯᠡᠭᠰᠡᠨ ᠬᠥᠮᠦᠵᠢᠯ ᠢ ᠴᠢᠩᠭᠠᠳᠬᠠᠵᠤ᠂ ᠪᠣᠶ ᠪᠥᠬᠦᠶ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠴᠥᠮ ︽1+X︾ ︵ᠰᠤᠷᠤᠯᠭ᠎ᠠ ᠶᠢᠨ ᠨᠠᠮᠲᠠᠷ ᠤᠨ ᠦᠨᠡᠮᠯᠡᠯ + ᠡᠳᠦᠶ | ᠲᠡᠳᠦᠶ ᠮᠡᠷᠭᠡᠵᠢᠯ ᠴᠢᠳᠠᠪᠤᠷᠢ ᠶᠢᠨ ᠲᠠᠰ ᠤᠨ ᠦᠨᠡᠮᠯᠡᠯ︶ ᠤᠨ ᠦᠨᠡᠮᠯᠡᠯ ᠤᠨ ᠲᠦᠷᠢᠮ ᠤᠨ ᠲᠤᠷᠰᠢᠯᠲᠠ ᠳᠤ | ᠣᠷᠣᠯᠴᠠᠵᠤ᠂ ︽1+X︾ ᠦᠨᠡᠮᠯᠡᠯ ᠤᠨ ᠲᠦᠷᠢᠮ ᠤᠨ ᠲᠤᠷᠰᠢᠯᠲᠠ ᠶᠢᠨ ᠴᠡᠭ ᠤᠨ ᠬᠤᠯᠪᠣᠭ᠎ᠠ ᠶᠢ ᠪᠠᠶᠢᠭᠤᠯᠵᠤ | ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠬᠢᠭᠡᠳ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠲᠠᠰ ᠤᠨ | ᠦᠨᠡᠮᠯᠡᠯ ᠤᠨ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ︽1+X︾ ᠦᠨᠡᠮᠯᠡᠯ ᠤᠨ ᠲᠦᠷᠢᠮ ᠤᠨ 8 ᠲᠥᠷᠥᠯ | ᠵᠦᠢᠯ ᠢ ᠭᠤᠤᠯᠳᠠᠯᠭ᠎ᠠ ᠲᠠᠢ ᠪᠠᠶᠢᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠰᠣᠷᠣᠭᠴᠢ ᠶᠢᠨ ᠠᠵᠢᠯ | ᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠰᠤᠷᠭᠠᠨ ᠬᠥᠮᠦᠵᠢᠯ ᠤᠨ | ᠲᠣᠪᠴᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠠᠶᠢᠮᠠᠭ ᠤᠨ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ︶ | ︵ᠲᠠᠪᠤ︶ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ | ᠬᠠᠷᠠᠯᠲᠠ ᠶᠢᠨ ᠴᠢᠭᠯᠡᠯ ᠢᠶᠠᠷ ᠬᠦᠴᠦᠯᠡᠨ ᠴᠢᠷᠮᠠᠶᠢᠵᠤ ᠪᠠᠶᠢᠭᠠᠳ ︽ᠬᠤᠤᠰ ᠬᠢᠷᠢ ᠬᠡᠮ ᠲᠠᠢ︾ ᠪᠠᠭᠰᠢ ᠶᠢᠨ | ᠡᠩᠨᠡᠭᠡ ᠶᠢᠨ ᠲᠦᠪᠰᠢᠨ ᠪᠣᠯᠤᠨ ᠬᠠᠷᠢᠴᠠᠯ ᠢ ᠳᠡᠭᠡᠭᠰᠢᠯᠡᠭᠦᠯᠦᠨ᠎ᠡ᠃ ᠨᠢᠭᠡ ᠳᠤ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢᠨ ᠶᠡᠷᠦᠩᠬᠡᠶ ᠲᠤᠭ᠎ᠠ ᠶᠢᠨ ᠡᠵᠡᠮᠳᠡᠯ ᠢ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠬᠢᠨᠠᠨ ᠲᠣᠭᠲᠠᠭᠠᠬᠤ ᠪᠠᠷᠢᠮᠵᠢᠶ᠎ᠠ | ᠶᠣᠰᠣᠭᠠᠷ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢ ᠪᠦᠷᠢᠨ ᠪᠥᠭᠡᠳ ᠴᠢᠩᠭ᠎ᠠ | ᠳᠣᠭᠢᠷᠠᠭᠤᠯᠤᠨ᠎ᠠ᠃ ᠬᠤᠶᠠᠷ ᠲᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠡᠯᠰᠡᠬᠦ ᠡᠵᠡᠨ ᠮᠡᠳᠡᠬᠦ | ᠡᠷᠬᠡ ᠶᠢ ᠥᠷᠭᠡᠳᠬᠡᠵᠦ᠂ ᠲᠡᠳᠡᠨ ᠤ ᠪᠡᠶ᠎ᠡ ᠪᠠᠨ ᠳᠠᠭᠠᠭᠠᠵᠤ ᠤᠷᠢᠬᠤ ᠪᠤᠶᠤ ᠳᠡᠭᠡᠳᠦ ᠲᠠᠰ ᠳᠠᠪᠬᠤᠷᠭ᠎ᠠ ᠶᠢᠨ᠂ | ᠳᠡᠭᠡᠳᠦ ᠮᠡᠷᠭᠡᠵᠢᠯ ᠤᠨ᠂ ᠪᠠᠴᠢᠮ ᠬᠡᠷᠡᠭᠴᠡᠭᠡ ᠲᠠᠢ ᠪᠠ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠶᠢ ᠵᠥᠪᠰᠢᠶᠡᠷᠡᠨ᠎ᠡ᠃ ᠠᠯᠪᠠᠨ ᠠᠴᠠ ᠡᠷᠭᠢᠯᠡᠭᠰᠡᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠠᠵᠤ ᠠᠬᠤᠶᠢᠯᠠᠯ ᠠᠴᠠ ᠪᠠᠭᠰᠢ ᠣᠷᠣᠭᠤᠯᠤᠨ ᠠᠪᠴᠢᠷᠠᠬᠤ ᠠᠷᠭ᠎ᠠ ᠶᠢ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠵᠢᠷᠭᠤᠭᠠᠨ ᠰᠠᠯᠠᠭ᠎ᠠ ᠮᠥᠴᠢᠷ ᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ︾ ︵ᠥᠪᠥᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠬᠢᠳᠠᠯ ︹ 2022 ︺ 69 | ᠳ᠋ᠦ᠋ᠭᠡᠷ ᠲᠣᠭᠠᠲᠤ︶ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠬᠢᠩᠭᠠᠨ ᠠᠶᠢᠮᠠᠭ ᠤᠨ ᠵᠠᠬᠢᠷᠭ᠎ᠠ ᠶᠢᠨ ︽ᠬᠢᠩᠭᠠᠨ | ᠠᠶᠢᠮᠠᠭ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠭᠠᠳᠠᠨ᠎ᠠ ᠠᠴᠠ ᠤᠷᠢᠯᠭ᠎ᠠ ᠮᠡᠷᠭᠡᠵᠢᠯ ᠴᠢᠳᠠᠪᠤᠷᠢ ᠶᠢᠨ | ᠬᠡᠯᠪᠡᠷᠢ ᠶᠢᠨ ᠪᠠᠭᠰᠢ ᠶᠢ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠢᠩᠭᠠᠨ | ᠵᠠᠬᠢᠷᠭ᠎ᠠ ᠲᠠᠷᠬᠠᠭᠠᠭᠰᠠᠨ ︹ 2017 ︺ 87 ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠵᠤ᠂ ᠠᠵᠢᠯ | ᠮᠡᠷᠭᠡᠵᠢᠯ ᠤᠨ ᠰᠤᠷᠭᠠᠭᠤᠯᠢ ᠨᠢ ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠶᠢᠨ ᠬᠡᠷᠡᠭᠴᠡᠭᠡ ᠪᠠᠨ ᠦᠨᠳᠦᠰᠦᠯᠡᠨ᠂ | ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠣᠷᠣᠨ ᠲᠤᠭ᠎ᠠ ᠶᠢᠨ ᠶᠡᠷᠦᠩᠬᠡᠶ ᠲᠤᠭ᠎ᠠ ᠶᠢᠨ | ᠳᠣᠲᠣᠷ᠎ᠠ ᠬᠤᠭᠤᠰᠣᠨ ᠣᠷᠣᠨ ᠲᠤᠭ᠎ᠠ ᠲᠠᠢ ᠪᠠᠶᠢᠬᠤ ᠤᠷᠢᠲᠠᠯ ᠳᠣᠤᠷ᠎ᠠ᠂ ᠣᠷᠣᠨ ᠲᠤᠭ᠎ᠠ ᠶᠢᠨ ᠲᠣᠭᠠᠨ ᠤ | 20% ᠠᠴᠠ ᠬᠡᠲᠦᠷᠡᠭᠦᠯᠬᠦ ᠥᠬᠡᠶ ᠪᠠᠷ ᠨᠡᠶᠢᠭᠡᠮ ᠳᠤ ᠬᠠᠨᠳᠤᠭᠤᠯᠤᠨ ᠲᠦᠷ ᠴᠠᠭ ᠪᠣᠳᠠᠲᠠᠶ ᠪᠣᠯᠪᠠᠰᠤᠷᠠᠭᠤᠯᠤᠯ ᠤᠨ | ᠵᠢᠭᠠᠨ ᠵᠢᠯᠣᠭᠤᠳᠬᠤ ᠪᠠᠭᠰᠢ ᠪᠤᠶᠤ ︽ᠬᠤᠤᠰ ᠬᠢᠷᠢ ᠬᠡᠮ ᠲᠠᠢ︾ ᠪᠠᠭᠰᠢ ᠶᠢ ᠤᠷᠢᠨ ᠲᠣᠮᠢᠯᠠᠵᠤ᠂ ᠪᠠᠭᠰᠢ | ᠨᠢᠭᠡᠪᠦᠷᠢ ᠶᠢ ᠵᠢᠯ ᠪᠦᠷᠢ 6 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠲᠣᠰ ᠱᠠᠲᠤᠨ ᠤ ᠡᠳ᠋ ᠤᠨ ᠵᠠᠰᠠᠭ ᠤᠨ | ᠲᠥᠰᠦᠪ ᠲᠤ ᠵᠢᠭᠰᠠᠭᠠᠨ ᠣᠷᠣᠭᠤᠯᠵᠤ᠂ ︽ᠲᠣᠭᠲᠠᠮᠠᠯ ᠠᠵᠢᠯ ᠤᠨ ᠪᠠᠶᠢᠷᠢ + ᠨᠡᠭᠦᠳᠡᠯ ᠠᠵᠢᠯ ᠤᠨ ᠪᠠᠶᠢᠷᠢ︾ | ᠶᠢᠨ ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠶᠢᠨ ᠪᠦᠯᠬᠦᠮ ᠨᠡᠶᠢᠲᠡ ᠶᠢ ᠪᠦᠷᠢᠯᠳᠦᠭᠦᠯᠦᠨ᠎ᠡ᠃ ᠭᠤᠷᠪᠠ ᠳᠤ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠵᠢᠴᠢ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠪᠦᠯᠬᠦᠮ᠂ ᠨᠠᠷᠠᠲᠤ ᠪᠠᠭᠰᠢ ︵ᠨᠠᠷᠠᠲᠤ ᠳᠠᠷᠬᠠᠨ | ︶ ᠨᠠᠷᠠᠲᠤ ᠰᠤᠷᠭᠠᠭᠤᠯᠢ ᠶᠢᠨ ᠵᠠᠬᠢᠷᠤᠯ᠂ ᠶᠡᠭᠡ ᠪᠠᠭᠰᠢ ᠶᠢᠨ ᠠᠵᠢᠯᠯᠠᠬᠤ ᠲᠠᠰᠤᠭ ᠢ ᠬᠥᠮᠦᠵᠢᠭᠦᠯᠬᠦ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠪᠣᠳᠠᠲᠠᠶ ᠬᠥᠮᠦᠵᠢᠭᠦᠯᠦᠭᠰᠡᠨ ᠦᠷ᠎ᠡ ᠪᠦᠲᠦᠮᠵᠢ ᠶᠢ | ᠦᠨᠳᠦᠰᠦᠯᠡᠨ ᠠᠵᠢᠯ ᠤᠨ ᠵᠠᠷᠤᠳᠠᠯ ᠤᠨ ᠳᠡᠮᠵᠢᠯᠭᠡ ᠦᠵᠡᠭᠦᠯᠵᠦ᠂ ᠴᠢᠳᠠᠪᠤᠷᠢᠲᠠᠨ ᠤ ︽ᠦᠢᠯᠡᠳᠪᠦᠷᠢᠯᠡᠬᠦ ᠵᠢᠭᠠᠬᠤ | ᠰᠤᠳᠤᠯᠬᠤ ᠡᠭᠦᠳᠦᠨ ᠪᠦᠲᠦᠭᠡᠬᠦ ᠪᠠ ᠬᠡᠷᠡᠭᠯᠡᠬᠦ︾ ᠲᠠᠯ᠎ᠠ ᠪᠠᠷ ᠬᠢ ᠲᠤᠯᠭᠠᠭᠤᠷᠢᠯᠠᠬᠤ ᠦᠢᠯᠡᠳᠦᠯ ᠢ ᠲᠠᠰᠤᠷᠠᠯᠲᠠ | ᠥᠬᠡᠶ ᠭᠦᠨᠵᠡᠭᠡᠶᠢᠷᠡᠭᠦᠯᠦᠨ᠎ᠡ᠃ 2025 ᠣᠨ ᠪᠣᠯᠬᠤ ᠳᠤ᠂ 20 ᠠᠶᠢᠮᠠᠭ ᠤᠨ ᠲᠠᠰ ᠤᠨ ᠮᠡᠷᠭᠡᠵᠢᠯ | ᠴᠢᠳᠠᠪᠤᠷᠢ ᠶᠢᠨ ᠨᠠᠷᠠᠲᠤ ᠪᠠᠭᠰᠢ᠂ 10 ᠲᠣᠭᠤᠷᠢᠭ ᠤᠨ ᠲᠠᠰ ᠤᠨ ᠵᠢᠭᠠᠨ ᠰᠤᠷᠭᠠᠯᠲᠠ ᠶᠢᠨ ᠴᠢᠳᠠᠪᠤᠷᠢᠲᠠᠨ᠂ 10 | ᠮᠡᠷᠭᠡᠵᠢᠯ ᠮᠡᠷᠭᠡᠵᠢᠯ ᠴᠢᠳᠠᠪᠤᠷᠢ ᠶᠢ ᠤᠯᠠᠮᠵᠢᠯᠠᠨ ᠰᠢᠨ᠎ᠡ ᠶᠢ ᠡᠭᠦᠳᠬᠦ ᠠᠵᠢᠯ ᠤᠨ ᠲᠠᠰᠤᠭ ︵ᠳ᠋ᠣᠺᠲ᠋ᠣᠷ᠂ ᠮᠡᠷᠭᠡᠵᠢᠯ | ᠴᠢᠳᠠᠪᠤᠷᠢ ᠶᠢᠨ ᠶᠡᠭᠡ ᠪᠠᠭᠰᠢ᠂ ᠨᠠᠷᠠᠲᠤ ᠳᠠᠷᠬᠠᠨ᠂ ᠵᠢᠭᠠᠨ ᠰᠤᠷᠭᠠᠯᠲᠠ ᠶᠢᠨ ᠨᠠᠷᠠᠲᠤ ᠪᠠᠭᠰᠢ᠂ ᠠᠳᠠᠯ ᠦᠢᠯᠡᠰ | ᠴᠣᠭᠴᠠᠯᠠᠬᠤ ᠵᠢᠯᠣᠭᠤᠳᠣᠭᠴᠢ ᠪᠠᠭᠰᠢ᠂ ᠨᠠᠷᠠᠲᠤ ᠰᠢᠯᠢᠳᠡᠭ ᠠᠩᠭᠢ ᠶᠢᠨ ᠡᠷᠬᠢᠯᠡᠭᠴᠢ᠂ ᠰᠤᠳᠤᠯᠤᠨ ᠨᠡᠭᠡᠭᠡᠬᠦ ᠨᠠᠷᠠᠲᠤ | ᠪᠠᠭᠰᠢ ᠪᠠᠭᠲᠠᠨ᠎ᠠ︶᠂ 3 ᠥᠨᠳᠥᠷ ᠬᠢᠷᠢ ᠲᠦᠪᠰᠢᠨ ᠪᠥᠬᠦᠶ ᠵᠢᠭᠠᠨ ᠰᠤᠷᠭᠠᠯᠲᠠ ᠶᠢᠨ ᠪᠦᠯᠬᠦᠮ ᠢ ᠬᠥᠮᠦᠵᠢᠭᠦᠯᠦᠨ᠎ᠡ | ᠃ ᠳᠥᠷᠪᠡ ᠳᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠤᠤᠰ ᠬᠢᠷᠢ ᠬᠡᠮ ᠲᠠᠢ︾ ᠪᠠᠭᠰᠢ ᠶᠢ 5 | ᠵᠢᠯ ᠳᠤ ᠨᠢᠭᠡ ᠤᠳᠠᠭ᠎ᠠ ᠡᠭᠡᠯᠵᠢᠯᠡᠨ ᠪᠣᠯᠪᠠᠰᠤᠷᠠᠭᠤᠯᠬᠤ ᠲᠦᠷᠢᠮ ᠵᠢᠴᠢ ᠲᠤᠰᠬᠠᠶ ᠮᠡᠷᠭᠡᠵᠢᠯ ᠤᠨ ᠪᠠᠭᠰᠢ ᠶᠢ ᠵᠢᠯ | ᠪᠦᠷᠢ ᠨᠠᠭᠠᠳᠤ ᠵᠠᠬ᠎ᠠ ᠳᠠᠭᠠᠨ 1 ᠰᠠᠷ᠎ᠠ ᠠᠵᠤ ᠠᠬᠤᠶᠢᠯᠠᠯ ᠪᠤᠶᠤ ᠪᠣᠳᠠᠲᠠᠶ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠲᠤ ᠳᠠᠪᠲᠠᠨ ᠪᠣᠯᠪᠠᠰᠤᠷᠠᠭᠤᠯᠬᠤ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠬᠤᠤᠰ ᠬᠢᠷᠢ | ᠬᠡᠮ ᠲᠠᠢ︾ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠪᠠ ᠦᠶ᠋ᠯᠡᠳᠦᠯᠭᠡ ᠶᠢᠨ ᠴᠢᠳᠠᠪᠤᠷᠢ ᠶᠢᠨ | ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠤᠨ᠎ᠠ᠃ 2025 ᠣᠨ ᠪᠣᠯᠬᠤ ᠳᠤ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ︽ᠬᠤᠤᠰ ᠬᠢᠷᠢ ᠬᠡᠮ ᠲᠠᠢ︾ ᠪᠠᠭᠰᠢ ᠶᠢᠨ ᠡᠵᠡᠯᠡᠬᠦ ᠬᠠᠷᠢᠴᠠᠯ ᠢ 50% ᠳᠤ ᠬᠦᠷᠦᠭᠦᠯᠵᠦ᠂ | ᠴᠢᠨᠠᠷ ᠰᠠᠶᠢᠲᠠᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠤᠤᠰ ᠬᠢᠷᠢ ᠬᠡᠮ ᠲᠠᠢ︾ | ᠪᠠᠭᠰᠢ ᠶᠢᠨ ᠡᠵᠡᠯᠡᠬᠦ ᠬᠠᠷᠢᠴᠠᠯ ᠢ 60% ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ︵ᠵᠢᠷᠭᠤᠭ᠎ᠠ︶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠲᠣᠭᠠᠴᠢᠯᠠᠨ ᠴᠢᠳᠠᠪᠤᠷᠢ ᠣᠯᠭᠤᠬᠤ ᠶᠢ | ᠠᠬᠢᠭᠤᠯᠤᠨ᠎ᠠ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠳᠡᠭᠡ | ᠵᠠᠩᠭᠢ ᠶᠢᠨ ᠬᠡᠷᠡᠭᠯᠡᠯᠲᠡ ᠬᠢᠭᠡᠳ ᠦᠢᠯᠡᠴᠢᠯᠡᠭᠡᠨ ᠤ ᠬᠢᠷᠢ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ | ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ 5G᠂ ᠲᠣᠮᠣ | ᠳ᠋ᠠᠶᠢᠲ᠋ᠠ᠂ ᠵᠣᠬᠢᠶᠠᠮᠠᠯ ᠣᠶᠤᠨᠴᠢ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠣᠲᠣ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠢ ᠭᠦᠢᠴᠡᠳ ᠬᠡᠷᠡᠭᠯᠡᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ | ᠳᠠᠭᠤᠷᠢᠶᠠᠮᠠᠯ ᠳᠠᠳᠤᠯᠭ᠎ᠠ ᠪᠣᠯᠪᠠᠰᠤᠷᠠᠭᠤᠯᠤᠯ ᠤᠨ ᠲᠥᠪ ᠢ 3 ᠪᠠᠶᠢᠭᠤᠯᠵᠤ᠂ ᠲᠤᠰᠬᠠᠶ ᠮᠡᠷᠭᠡᠵᠢᠯ ᠤᠨ ᠬᠢᠴᠢᠶᠡᠯ ᠳᠠᠬᠢ | ᠳᠠᠭᠤᠷᠢᠶᠠᠮᠠᠯ ᠵᠢᠭᠠᠨ ᠰᠤᠷᠭᠠᠯᠲᠠ᠂ ᠲᠤᠭᠠᠵᠢᠭᠤᠯᠤᠭᠰᠠᠨ ᠳᠠᠳᠤᠯᠭ᠎ᠠ ᠪᠣᠯᠪᠠᠰᠤᠷᠠᠭᠤᠯᠤᠯ᠂ ᠠᠯᠤᠰ ᠠᠴᠠ ᠲᠤᠬᠠᠶ ᠶᠢᠨ | ᠴᠠᠭ ᠤᠨ ᠰᠤᠷᠭᠠᠨ ᠬᠥᠮᠦᠵᠢᠯ ᠵᠡᠷᠭᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠮᠡᠳᠡᠭᠡ | ᠵᠠᠩᠭᠢ ᠶᠢᠨ ᠮᠡᠷᠭᠡᠵᠢᠯ ᠤᠨ ᠬᠢᠴᠢᠶᠡᠯ ᠢ ᠪᠣᠶ ᠪᠥᠬᠦᠶ ᠲᠤᠰᠬᠠᠶ ᠮᠡᠷᠭᠡᠵᠢᠯ ᠳᠤ ᠣᠷᠣᠭᠤᠯᠵᠤ᠂ ᠰᠤᠷᠤᠭᠴᠢᠳ ᠤᠨ | ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠪᠠ ᠰᠢᠨ᠎ᠡ ᠶᠢ ᠡᠭᠦᠳᠬᠦ ᠦᠵᠡᠯ ᠤᠬᠠᠮᠰᠠᠷ ᠢ ᠬᠦᠴᠦᠯᠡᠨ | ᠳᠡᠭᠡᠭᠰᠢᠯᠡᠭᠦᠯᠦᠨ᠎ᠡ᠃ ᠪᠠᠭᠰᠢ ᠶᠢᠨ ᠲᠣᠭᠠᠴᠢᠯᠠᠭᠰᠠᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠲᠣᠭᠠᠴᠢᠯᠠᠭᠰᠠᠨ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢ ᠲᠠᠰᠤᠷᠠᠯᠲᠠ ᠥᠬᠡᠶ | ᠰᠢᠨ᠎ᠡ ᠪᠠᠷ ᠡᠭᠦᠳᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠭᠠᠨ ᠤ ᠰᠠᠭᠤᠷᠢ ᠳᠤ ᠰᠠᠭᠤᠷᠢᠯᠠᠨ᠂ | ︽ᠢᠨᠲ᠋ᠧᠷ ᠰᠦᠯᠵᠢᠶ᠎ᠡ + ᠠᠵᠢᠯ ᠮᠡᠷᠭᠡᠵᠢᠯ ᠤᠨ ᠰᠤᠷᠭᠠᠨ ᠬᠥᠮᠦᠵᠢᠯ︾ ︽ᠣᠶᠤᠨ ᠴᠢᠳᠠᠪᠤᠷᠢ + ᠰᠤᠷᠭᠠᠨ | ᠬᠥᠮᠦᠵᠢᠯ︾ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠲᠤᠰᠬᠠᠶ ᠵᠦᠢᠯ ᠤᠨ ᠪᠠᠯᠠ ᠮᠥᠩᠭᠦ ᠶᠢ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠭᠠᠴᠢᠯᠠᠭᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ | ᠨᠡᠭᠡᠭᠡᠯᠲᠡ ᠪᠠ ᠬᠡᠷᠡᠭᠯᠡᠯᠲᠡ ᠶᠢ ᠴᠢᠩᠭᠠᠳᠬᠠᠬᠤ ᠳᠤ ᠬᠡᠷᠡᠭᠯᠡᠵᠦ᠂ ᠰᠦᠯᠵᠢᠶᠡᠨ ᠳᠡᠭᠡᠷᠡᠬᠢ ᠰᠣᠳᠣᠨ ᠬᠢᠴᠢᠶᠡᠯ ᠤᠨ | ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠎ᠡ᠃ 2025 ᠣᠨ ᠪᠣᠯᠬᠤ ᠳᠤ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠨᠠᠭᠠᠳᠤ ᠵᠠᠬ᠎ᠠ ᠳᠠᠭᠠᠨ 5 ᠲᠥᠷᠥᠯ ᠤᠨ ᠰᠦᠯᠵᠢᠶᠡᠨ ᠳᠡᠭᠡᠷᠡᠬᠢ ᠰᠣᠳᠣᠨ | ᠬᠢᠴᠢᠶᠡᠯ ᠢ ᠤᠯᠤᠰ ᠤᠨ ᠪᠤᠶᠤ ᠥᠪᠡᠷᠲᠡᠭᠡᠨ ᠵᠠᠰᠠᠬᠤ ᠣᠷᠣᠨ ᠤ ᠤᠶᠤᠨᠲᠤ ᠰᠤᠷᠭᠠᠨ ᠬᠥᠮᠦᠵᠢᠯ ᠤᠨ ᠲᠠᠪᠴᠠᠩ ᠳᠤ | ᠣᠷᠣᠭᠤᠯᠵᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠶᠤᠨᠲᠤ ᠰᠤᠷᠭᠠᠭᠤᠯᠢ ᠶᠢᠨ | ᠬᠦᠷᠢᠶᠡᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ︶ | ︵ᠲᠤᠯᠤᠭ᠎ᠠ︶ ᠰᠤᠷᠭᠠᠭᠤᠯᠢ ᠠᠵᠤ ᠠᠬᠤᠶᠢᠯᠠᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠤᠨ᠎ᠠ | ᠤᠷᠢᠳᠠᠪᠠᠷ ᠲᠤᠷᠰᠢᠯᠲᠠ ᠬᠢᠬᠦ᠂ ᠠᠯᠬᠤᠮ ᠠᠯᠬᠤᠮ ᠢᠶᠠᠷ ᠳᠡᠯᠭᠡᠷᠡᠭᠦᠯᠬᠦ ᠵᠠᠷᠴᠢᠮ ᠢ ᠪᠠᠷᠢᠮᠲᠠᠯᠠᠵᠤ᠂ ᠠᠵᠤ | ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ ︽ | ᠬᠤᠶᠠᠷ ᠲᠠᠯ᠎ᠠ ᠪᠠᠷ ᠬᠥᠮᠦᠨ ᠬᠥᠮᠦᠵᠢᠭᠦᠯᠬᠦ︾ ᠵᠠᠭᠪᠤᠷ ᠢ ᠠᠬᠢᠭᠤᠯᠤᠨ᠎ᠠ᠃ ᠨᠢᠭᠡ ᠳᠤ ᠵᠠᠰᠠᠭ ᠤᠨ ᠣᠷᠳᠣᠨ ᠠᠴᠠ | ᠲᠠᠪᠴᠠᠩ ᠪᠠᠶᠢᠭᠤᠯᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠠᠶᠢᠮᠠᠭ ᠤᠨ ᠳᠣᠲᠣᠷ᠎ᠠ᠂ | ᠣᠷᠣᠨ ᠤ ᠳᠣᠲᠣᠷ᠎ᠠ ᠭᠠᠳᠠᠨᠠᠬᠢ ᠭᠤᠤᠯ ᠪᠣᠯᠬᠤ ᠠᠵᠤ ᠦᠢᠯᠡᠰ ᠤᠨ ᠠᠵᠤ ᠠᠬᠤᠶᠢᠯᠠᠯ ᠳᠤ ᠬᠠᠨᠳᠤᠭᠤᠯᠤᠨ ︽ | ᠣᠷᠤᠭ ᠬᠤᠯᠪᠣᠭᠠᠯᠠᠵᠤ︾ ᠰᠤᠷᠭᠠᠭᠤᠯᠢ ᠡᠷᠭᠢᠯᠡᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ | ᠮᠥᠴᠢᠷ ᠤᠳ ᠬᠠᠮᠵᠢᠯᠴᠠᠨ ᠡᠯ᠎ᠡ ᠲᠥᠷᠥᠯ ᠤᠨ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠨ | ᠵᠣᠯᠭᠠᠭᠤᠯᠵᠤ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠶᠠᠷ ᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠠᠷᠪᠠᠨ ᠵᠢᠷᠭᠤᠭᠠᠨ | ᠰᠠᠯᠠᠭ᠎ᠠ ᠮᠥᠴᠢᠷ ᠤᠨ ︽ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠯᠢᠮᠠᠭ ᠥᠮᠴᠢᠯᠡᠯ ᠤᠨ ᠳᠦᠷᠢᠮᠲᠦ | ᠰᠤᠷᠭᠠᠭᠤᠯᠢ ᠡᠷᠭᠢᠯᠡᠬᠦ ᠶᠢ ᠳᠥᠯᠭᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ︵ | ᠥᠪᠥᠷ ᠰᠤᠷᠭᠠᠨ ᠲᠠᠷᠬᠠᠭᠠᠭᠰᠠᠨ ︹ 2022 ︺ 6 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠵᠢᠷᠭᠤᠭᠠᠨ ᠰᠠᠯᠠᠭ᠎ᠠ ᠮᠥᠴᠢᠷ ᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ︵ᠥᠪᠥᠷ ᠪᠠᠭᠰᠢ ᠠᠵᠢᠯ ᠮᠡᠷᠭᠡᠵᠢᠯ ᠤᠨ ᠵᠠᠬᠢᠳᠠᠯ ︹ 2022 ︺ 69 | ᠳ᠋ᠤᠭᠡᠷ ᠲᠣᠭᠠᠲᠤ︶ ᠢ ᠨᠠᠶᠢᠳᠠᠪᠤᠷᠢᠵᠢᠭᠤᠯᠤᠨ᠎ᠠ᠃ ᠰᠤᠷᠭᠠᠭᠤᠯᠢ ᠶᠢᠨ ᠲᠠᠯᠠᠪᠤᠷ ᠭᠠᠵᠠᠷ᠂ ᠲᠥᠬᠦᠭᠡᠷᠦᠮᠵᠢ᠂ ᠪᠠᠭᠰᠢ | ᠵᠡᠷᠭᠡ ᠬᠡᠯᠪᠡᠷᠢ ᠪᠠᠷ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠣᠷᠣᠯᠴᠠᠬᠤ ᠶᠢ ᠵᠣᠷᠢᠭᠵᠢᠭᠤᠯᠵᠤ | ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠯᠤᠭ᠎ᠠ ᠰᠣᠷᠣᠭᠴᠢ ᠡᠯᠰᠡᠵᠦ ᠠᠵᠢᠯ ᠣᠯᠭᠤᠬᠤ᠂ ᠴᠢᠳᠠᠪᠤᠷᠢᠲᠠᠨ | ᠬᠥᠮᠦᠵᠢᠭᠦᠯᠬᠦ ᠲᠥᠰᠦᠯ ᠲᠣᠭᠲᠠᠭᠠᠬᠤ᠂ ᠲᠤᠰᠬᠠᠶ ᠮᠡᠷᠭᠡᠵᠢᠯ ᠤᠨ ᠲᠥᠯᠥᠪᠵᠢᠭᠦᠯᠭᠡ᠂ ᠬᠢᠴᠢᠶᠡᠯ ᠤᠨ | ᠪᠠᠶᠢᠷᠢᠯᠠᠭᠤᠯᠤᠯᠲᠠ᠂ ᠵᠢᠭᠠᠬᠤ ᠮᠠᠲ᠋ᠧᠷᠢᠶᠠᠯ ᠤᠨ ᠨᠡᠭᠡᠭᠡᠯᠲᠡ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ | ᠪᠠᠭᠰᠢ ᠶᠢᠨ ᠪᠣᠯᠪᠠᠰᠤᠷᠠᠭᠤᠯᠤᠯ᠂ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ᠂ ᠶᠠᠰᠤ ᠴᠢᠨᠠᠷ ᠤᠨ ᠦᠨᠡᠯᠡᠯᠲᠡ᠂ | ᠮᠡᠷᠭᠡᠵᠢᠯ ᠤᠨ ᠦᠢᠯᠡᠴᠢᠯᠡᠭᠡ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠦᠨ᠎ᠡ᠃ ᠠᠵᠤ ᠠᠬᠤᠶᠢᠯᠠᠯ ᠤᠨ ᠲᠤᠰᠬᠠᠶ | ᠮᠡᠷᠭᠡᠵᠢᠯ ᠤᠨ ᠭᠤᠤᠯᠯᠠᠭᠴᠢ ᠬᠦᠴᠦᠨ ᠢ ᠲᠣᠮᠢᠯᠠᠨ ᠪᠥᠬᠦ ᠶᠠᠪᠤᠴᠠ ᠪᠠᠷ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠳᠤ ᠣᠷᠣᠯᠴᠠᠬᠤ ᠶᠢ ᠳᠡᠮᠵᠢᠨ᠎ᠡ᠃ ᠭᠤᠷᠪᠠ ᠳᠤ ᠳᠠᠳᠤᠯᠭ᠎ᠠ | ᠪᠣᠯᠪᠠᠰᠤᠷᠠᠯ ᠤᠨ ᠵᠢᠭᠠᠨ ᠰᠤᠷᠭᠠᠯᠲᠠ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠰᠤᠷᠭᠠᠭᠤᠯᠢ ᠨᠤᠭᠤᠳ ᠰᠤᠷᠭᠠᠭᠤᠯᠢ | ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠳᠤᠮᠳᠠ ᠠᠴᠠ ᠣᠶᠤᠨ ᠤᠬᠠᠭᠠᠨ᠂ ᠲᠤᠰᠬᠠᠶ ᠠᠰᠢᠭ᠂ ᠰᠤᠷᠭᠠᠨ | ᠬᠥᠮᠦᠵᠢᠯ᠂ ᠬᠥᠳᠡᠯᠮᠦᠷᠢ ᠦᠢᠯᠡᠴᠢᠯᠡᠭᠡ ᠵᠡᠷᠭᠡ ᠶᠢᠨ ᠬᠥᠯᠥᠰᠥ ᠣᠯᠭᠤᠮᠵᠢ ᠣᠯᠵᠤ ᠪᠣᠯᠤᠨ᠎ᠠ᠃ ᠳᠥᠷᠪᠡ ᠳᠤ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ | ᠠᠵᠤ ᠠᠬᠤᠶᠢᠯᠠᠯ ᠤᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠤᠨ ᠬᠤᠯᠪᠣᠭ᠎ᠠ ᠶᠢ ᠠᠯᠬᠤᠮ | ᠠᠯᠬᠤᠮ ᠢᠶᠠᠷ ᠪᠠᠶᠢᠭᠤᠯᠵᠤ᠂ ᠣᠷᠣᠨ ᠪᠦᠰᠡ ᠶᠢᠨ ᠬᠥᠲᠥᠴᠢ ᠠᠵᠤ ᠠᠬᠤᠶᠢᠯᠠᠯ ᠬᠢᠭᠡᠳ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠦᠢᠯᠡᠳᠪᠦᠷᠢᠯᠡᠯ ᠪᠠ ᠵᠢᠭᠠᠨ | ᠰᠤᠷᠭᠠᠯᠲᠠ ᠶᠢᠨ ᠠᠭᠤᠰᠤᠯᠴᠠᠯ ᠤᠨ ᠬᠡᠯᠪᠡᠷᠢ ᠶᠢᠨ ᠠᠵᠤ ᠠᠬᠤᠶᠢᠯᠠᠯ᠂ ᠦᠢᠯᠡᠳᠪᠦᠷᠢᠯᠡᠯ ᠪᠠ ᠵᠢᠭᠠᠨ | ᠰᠤᠷᠭᠠᠯᠲᠠ ᠶᠢᠨ ᠠᠭᠤᠰᠤᠯᠴᠠᠯ ᠤᠨ ᠬᠡᠯᠪᠡᠷᠢ ᠶᠢᠨ ᠳᠡᠭᠡᠳᠦ ᠰᠤᠷᠭᠠᠭᠤᠯᠢ ᠶᠢ ᠪᠤᠶᠢᠵᠢᠭᠤᠯᠤᠨ᠎ᠠ᠃ 2025 ᠣᠨ | ᠪᠣᠯᠬᠤ ᠳᠤ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 2----3 ᠲᠣᠭᠤᠷᠢᠭ ᠤᠨ ᠳᠡᠰ ᠤᠨ ᠠᠵᠤ | ᠦᠢᠯᠡᠰ ᠤᠨ ᠳᠡᠭᠡᠳᠦ ᠰᠤᠷᠭᠠᠭᠤᠯᠢ ᠶᠢ ᠪᠠᠶᠢᠭᠤᠯᠵᠤ᠂ ᠬᠢᠩᠭᠠᠨ ᠠᠶᠢᠮᠠᠭ ᠤᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠮᠠᠰᠢᠨ ᠤ ᠠᠵᠤ ᠦᠢᠯᠡᠰ ᠤᠨ | ᠳᠡᠭᠡᠳᠦ ᠰᠤᠷᠭᠠᠭᠤᠯᠢ ᠤᠯᠠᠭᠠᠨᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠪᠦᠲᠦᠭᠡᠨ | ᠪᠠᠶᠢᠭᠤᠯᠤᠯᠲᠠ ᠶᠢᠨ ᠪᠠᠭᠤᠳᠠᠯ ᠤᠨ ᠢᠳᠡᠭᠡᠨ ᠤᠮᠳᠠᠭᠠᠨ ᠤ ᠠᠵᠤ ᠦᠢᠯᠡᠰ ᠤᠨ ᠳᠡᠭᠡᠳᠦ ᠰᠤᠷᠭᠠᠭᠤᠯᠢ ᠪᠠ | ᠮᠠᠲ᠋ᠧᠷᠢᠶᠠᠯ ᠨᠡᠮᠡᠬᠦ ᠦᠢᠯᠡᠳᠬᠦ ᠠᠵᠤ ᠦᠢᠯᠡᠰ ᠤᠨ ᠳᠡᠭᠡᠳᠦ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠥᠲᠥᠭᠡᠨ | ᠪᠠᠶᠢᠭᠤᠯᠤᠯᠲᠠ ᠶᠢᠨ ᠦᠨᠳᠦᠰᠦᠲᠡᠨ ᠤ ᠭᠠᠷ ᠤᠷᠠᠯᠠᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠲᠦᠴᠢᠦᠸᠠᠨ | ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ | ᠺᠣᠮᠫᠢᠦ᠋ᠲ᠋ᠧᠷ ᠤᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠥᠲᠥᠭᠡᠨ ᠶᠢᠨ ᠪᠠᠷᠢᠯᠭ᠎ᠠ ᠶᠢᠨ ᠠᠵᠦ ᠦᠢᠯᠡᠰ ᠤᠨ ᠲᠡᠭᠡᠳᠦ ᠰᠤᠷᠭᠠᠭᠤᠯᠦᠢ᠃ | ᠲᠠᠪᠤ ᠳᠤ᠂ ᠠᠵᠤ ᠠᠬᠤᠶᠢᠯᠠᠯ ᠤᠨ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠣᠷᠣᠯᠴᠠᠬᠤ ᠶᠢ | ᠠᠬᠢᠭᠤᠯᠬᠤ᠂ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠦᠵᠢᠭᠦᠯᠬᠦ ᠶᠢ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠢᠶᠠᠷ ᠤᠷᠮᠠᠰᠢᠭᠤᠯᠬᠤ ᠲᠦᠷᠦ ᠶᠢᠨ ᠪᠤᠳᠤᠯᠭ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠲᠣᠭᠲᠠᠭᠠᠬᠤ ᠴᠢᠬᠤᠯᠠ ᠠᠭᠤᠯᠭ᠎ᠠ ᠪᠣᠯᠭᠠᠨ᠎ᠠ᠃ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠦᠷ᠎ᠡ ᠪᠦᠲᠦᠮᠵᠢ ᠪᠠᠷ ᠢᠯᠡᠳᠲᠡ ᠮᠥᠷᠲᠡᠭᠡᠨ | ᠣᠷᠴᠢᠨ ᠠᠬᠤᠶ ᠶᠢᠨ ᠬᠠᠮᠠᠭᠠᠯᠠᠯᠲᠠ᠂ ᠠᠮᠤᠷ ᠲᠦᠪᠰᠢᠨ᠂ ᠶᠠᠰᠤ ᠴᠢᠨᠠᠷ ᠤᠨ ᠬᠦᠨᠳᠦ ᠶᠡᠭᠡ ᠠᠳᠡᠯ ᠥᠬᠡᠶ᠂ ᠰᠠᠶᠢᠨ | ᠰᠠᠶᠢᠬᠠᠨ ᠢᠲᠡᠭᠡᠯ ᠬᠦᠨᠳᠦ ᠶᠢᠨ ᠲᠡᠮᠳᠡᠭᠯᠡᠯ ᠲᠠᠢ᠂ ᠭᠠᠶᠢᠯᠢ ᠳᠤ ᠬᠤᠯᠪᠣᠭᠳᠠᠬᠤ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠡᠵᠡᠩᠨᠡᠯᠲᠡ ᠶᠢᠨ ᠦᠢᠯᠡ ᠠᠵᠢᠯᠯᠠᠭ᠎ᠠ ᠥᠬᠡᠶ ᠦᠢᠯᠡᠳᠪᠦᠷᠢᠯᠡᠯ ᠪᠠ ᠰᠤᠷᠭᠠᠨ ᠬᠥᠮᠦᠵᠢᠯ ᠢ | ᠠᠭᠤᠰᠤᠯᠴᠠᠭᠤᠯᠬᠤ ᠬᠡᠯᠪᠡᠷᠢ ᠶᠢᠨ ᠲᠤᠷᠰᠢᠯᠲᠠ ᠶᠢᠨ ᠠᠵᠤ ᠠᠬᠤᠶᠢᠯᠠᠯ ᠳᠤ ︽ᠮᠥᠩᠭᠦᠨ ᠭᠦᠢᠯᠭᠡᠭᠡ + ᠡᠳ᠋ ᠤᠨ | ᠵᠠᠰᠠᠭ + ᠭᠠᠵᠠᠷ ᠰᠢᠷᠣᠶ + ᠢᠲᠡᠭᠡᠮᠵᠢ︾ ᠶᠢᠨ ᠬᠠᠮ ᠬᠡᠯᠪᠡᠷᠢ ᠶᠢᠨ ᠤᠷᠮᠠᠰᠢᠭᠤᠯᠤᠯ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ | ᠬᠥᠮᠦᠵᠢᠯ ᠤᠨ ᠲᠣᠪᠴᠢᠶ᠎ᠠ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠮᠥᠩᠭᠦᠨ ᠭᠦᠢᠯᠭᠡᠭᠡᠨ ᠤ ᠠᠯᠪᠠᠨ ᠬᠡᠷ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ︵ᠨᠠᠢᠮᠠ︶ ᠠᠵᠢᠯ ᠮᠡᠷᠭᠡᠵᠢᠯ ᠤᠨ ᠪᠣᠯᠪᠠᠰᠤᠷᠠᠯ ᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠥᠷᠨᠢᠭᠦᠯᠬᠦ ᠬᠠᠤᠯᠢ ᠪᠠᠷ ᠲᠣᠭᠲᠠᠭᠠᠭᠰᠠᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠨᠢᠭᠡ ᠳᠤ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ᠂ ᠮᠠᠯᠴᠢᠨ ᠲᠠᠷᠢᠶᠠᠴᠢᠨ | ᠬᠦᠴᠦ ᠶᠠᠪᠤᠭᠰᠠᠳ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠭᠰᠡᠨ ᠬᠥᠳᠡᠯᠮᠦᠷᠢ ᠬᠦᠴᠦ᠂ ᠰᠢᠨ᠎ᠡ ᠬᠡᠯᠪᠡᠷᠢ ᠶᠢᠨ | ᠮᠠᠯᠴᠢᠨ ᠲᠠᠷᠢᠶᠠᠴᠢᠨ᠂ ᠬᠤᠲᠠ ᠪᠠᠯᠭᠠᠰᠤᠨ ᠤ ᠬᠥᠯᠥᠰᠥᠨ ᠠᠵᠢᠯ ᠬᠢᠭᠰᠡᠳ᠂ ᠴᠡᠷᠢᠭ ᠠᠴᠠ ᠬᠠᠯᠠᠭᠳᠠᠭᠰᠠᠳ᠂ | ᠵᠡᠮᠳᠡᠭᠴᠦᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠪᠠ ᠬᠢᠨᠠᠨ ᠲᠣᠭᠲᠠᠭᠠᠬᠤ ᠠᠵᠢᠯ | ᠥᠷᠨᠢᠭᠦᠯᠬᠦ ᠶᠢ ᠠᠬᠢᠭᠤᠯᠤᠨ᠎ᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠲᠡᠷᠢᠭᠦᠨ ᠤ ᠦᠢᠯᠡᠳᠬᠦ | ᠦᠢᠯᠡᠰ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ | ᠪᠣᠶ ᠪᠣᠯᠤᠭᠰᠠᠨ ᠠᠵᠤ ᠦᠢᠯᠡᠰ ᠤᠨ ᠲᠣᠭᠤᠷᠢᠨ ᠳᠤ ᠤᠷ᠎ᠠ ᠮᠡᠷᠭᠡᠵᠢᠯ ᠤᠨ ᠪᠣᠯᠪᠠᠰᠤᠷᠠᠭᠤᠯᠤᠯ ᠢ ᠭᠤᠤᠯᠳᠠᠯᠭ᠎ᠠ ᠲᠠᠢ | ᠥᠷᠨᠢᠭᠦᠯᠵᠦ᠂ ᠪᠥᠬᠦ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠵᠢᠯ ᠪᠦᠷᠢ 8000 | ᠬᠥᠮᠦᠨ ᠤᠳᠠᠭ᠎ᠠ ᠠᠴᠠ ᠳᠡᠭᠡᠭᠰᠢ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ︽ᠬᠥᠮᠦᠨ ᠪᠣᠯᠭᠠᠨ | ᠦᠨᠡᠮᠯᠡᠯ ᠲᠠᠢ᠂ ᠤᠷ᠎ᠠ ᠮᠡᠷᠭᠡᠵᠢᠯ ᠤᠨ ᠬᠢᠩᠭᠠᠨ︾ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠬᠤᠶᠠᠷ ᠲᠤ | ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠲᠣᠰ ᠭᠠᠵᠠᠷ ᠣᠷᠣᠨ ᠤ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠷᠴᠠᠭ ᠤᠨ ᠨᠠᠷᠢᠨ ᠬᠠᠭᠤᠳᠠᠰᠤ ᠳᠤ ᠣᠷᠣᠭᠤᠯᠵᠤ᠂ | ᠪᠣᠯᠪᠠᠰᠤᠷᠠᠭᠤᠯᠤᠯ ᠤᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠯᠦᠭᠡ ᠬᠠᠮᠵᠢᠯᠴᠠᠨ ᠪᠣᠯᠪᠠᠰᠤᠷᠠᠭᠤᠯᠤᠯ ᠤᠨ ᠲᠦᠯᠦᠪᠯᠡᠭᠡ ᠶᠢ ᠪᠠᠭᠤᠯᠭᠠᠨ᠎ᠠ᠃ ᠭᠤᠷᠪᠠ ᠳᠤ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠥᠷᠨᠢᠭᠦᠯᠵᠦ᠂ ᠨᠡᠶᠢᠭᠡᠮ ᠤᠨ ᠦᠢᠯᠡᠴᠢᠯᠡᠭᠡ ᠬᠠᠩᠭᠠᠬᠤ ᠪᠤᠶᠤ ᠳᠠᠳᠤᠯᠭ᠎ᠠ ᠪᠣᠯᠪᠠᠰᠤᠷᠠᠯ ᠬᠢᠬᠦ ᠵᠣᠷᠢᠯᠭ᠎ᠠ ᠪᠠᠷ ᠠᠵᠤ | ᠠᠬᠤᠶᠢᠯᠠᠯ ᠡᠷᠬᠢᠯᠡᠵᠦ᠂ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠡᠳ ᠣᠯᠤᠭᠰᠠᠨ ᠣᠷᠣᠯᠭ᠎ᠠ ᠪᠠᠨ ᠰᠤᠷᠭᠠᠭᠤᠯᠢ | ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠳᠤ ᠬᠡᠷᠡᠭᠯᠡᠨ᠎ᠡ︔ | ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠮᠡᠷᠭᠡᠵᠢᠯ ᠤᠨ ᠴᠢᠳᠠᠪᠤᠷᠢ ᠶᠢᠨ ᠬᠢᠨᠠᠨ ᠲᠣᠭᠲᠠᠭᠠᠯᠲᠠ ᠬᠢᠭᠡᠳ | ᠣᠯᠤᠭᠰᠠᠨ ᠣᠷᠣᠯᠭ᠎ᠠ ᠶᠢ ᠡᠳ᠋ ᠤᠨ ᠵᠠᠰᠠᠭ ᠤᠨ ᠲᠤᠰᠬᠠᠶ ᠲᠠᠩᠰᠠᠨ ᠡᠷᠥᠭᠡ ᠳᠤ ᠣᠷᠣᠭᠤᠯᠵᠤ᠂ ᠣᠷᠣᠯᠭ᠎ᠠ | ᠵᠠᠷᠤᠯᠭ᠎ᠠ ᠶᠢ ᠠᠰ ᠠᠰ ᠲᠤᠨᠢ ᠬᠠᠮᠢᠶᠠᠷᠴᠤ᠂ 50% ᠠᠴᠠ ᠳᠣᠣᠷ᠎ᠠ ᠥᠭᠡᠢ ᠣᠷᠣᠯᠭ᠎ᠠ ᠶᠢ ᠪᠠᠭᠰᠢ᠂ ᠠᠵᠤ | ᠠᠬᠤᠶᠢᠯᠠᠯ ᠤᠨ ᠲᠤᠰᠬᠠᠶ ᠮᠡᠷᠭᠡᠵᠢᠯᠲᠡᠨ᠂ ᠭᠠᠳᠠᠨ᠎ᠠ ᠠᠴᠠ ᠤᠷᠢᠭᠳᠠᠭᠰᠠᠨ ᠬᠥᠮᠦᠰ ᠪᠣᠯᠤᠨ ᠰᠤᠷᠭᠠᠨ ᠬᠥᠮᠦᠵᠢᠯ | ᠬᠥᠷᠳᠡᠭᠰᠡᠳ ᠲᠤ ᠬᠥᠳᠡᠯᠮᠦᠷᠢ ᠶᠢᠨ ᠬᠥᠯᠥᠰᠥ ᠣᠯᠭᠤᠮᠵᠢ ᠣᠯᠭᠤᠬᠤ ᠳᠤ ᠬᠡᠷᠡᠭᠯᠡᠵᠦ ᠪᠣᠯᠤᠨ᠎ᠠ᠂ ᠪᠠᠰᠠ ᠠᠮᠵᠢᠯᠲᠠ | ᠪᠦᠲᠦᠮᠵᠢ ᠶᠢᠨ ᠴᠠᠯᠢᠩ ᠤᠨ ᠢᠷᠡᠯᠳᠡ ᠪᠣᠯᠭᠠᠵᠤ ᠪᠣᠯᠤᠨ᠎ᠠ᠂ ᠤᠯᠤᠰ ᠤᠨ ᠲᠣᠭᠲᠠᠭᠠᠯ ᠳᠤ ᠨᠡᠶᠢᠴᠡᠵᠦ ᠪᠠᠶᠢᠪᠠᠯ᠂ | ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠳᠤ ᠬᠢᠵᠠᠭᠠᠷᠯᠠᠭᠳᠠᠬᠤ ᠥᠭᠡᠢ ᠪᠠᠶᠢᠵᠤ ᠪᠣᠯᠤᠨ᠎ᠠ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠤᠨ᠎ᠠ᠃ ᠠᠶᠢᠮᠠᠭ ᠤᠨ ᠵᠠᠬᠢᠷᠭ᠎ᠠ ᠶᠢᠨ | ᠬᠤᠪᠢᠳᠠᠨ ᠬᠠᠮᠢᠶᠠᠷᠴᠤ ᠪᠠᠶᠢᠭ᠎ᠠ ᠠᠶᠢᠮᠠᠭ ᠤᠨ ᠳᠡᠳ᠋ ᠳᠠᠷᠤᠭ᠎ᠠ ᠠᠴᠠ ᠶᠡᠷᠦᠩᠬᠡᠶ ᠴᠤᠭᠯᠠᠭᠤᠯᠤᠭᠴᠢ ᠶᠢᠨ ᠲᠤᠰᠢᠶᠠᠯ ᠢ | ᠡᠭᠦᠷᠭᠡᠯᠡᠵᠦ᠂ ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠳᠡᠳ᠋ ᠶᠡᠷᠦᠩᠬᠡᠶ | ᠴᠤᠭᠯᠠᠭᠤᠯᠤᠭᠴᠢ ᠶᠢᠨ ᠲᠤᠰᠢᠶᠠᠯ ᠢ ᠡᠭᠦᠷᠭᠡᠯᠡᠵᠦ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ | ᠬᠢᠨᠠᠨ ᠪᠤᠳᠤᠬᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠵᠢᠴᠢ ᠬᠦᠷᠢᠶᠡᠯᠡᠩ ᠲᠣᠭᠤᠷᠢᠭ᠂ ᠠᠵᠢᠯ ᠲᠥᠷᠥᠯ᠂ ᠠᠵᠤ ᠠᠬᠤᠶᠢᠯᠠᠯ ᠪᠠ ᠡᠯ᠎ᠡ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠬᠠᠮᠲᠤᠪᠠᠷ ᠣᠷᠣᠯᠴᠠᠭᠰᠠᠨ ᠪᠥᠬᠦ ᠠᠶᠢᠮᠠᠭ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠤᠨ ᠲᠣᠭᠲᠠᠴᠠ ᠨᠢ ᠤᠯᠤᠰ᠂ ᠥᠪᠡᠷᠲᠡᠭᠡᠨ | ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠶ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠳᠤᠮᠳᠠ ᠲᠤᠯᠭᠠᠷᠠᠭᠰᠠᠨ ᠲᠣᠪᠤᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠡᠯ᠎ᠡ | ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠰᠠᠶᠢᠲᠤᠷ ᠬᠢᠵᠦ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠬᠠᠮᠲᠤᠷᠠᠭᠰᠠᠨ ᠬᠤᠷᠠᠯ ᠤᠨ ᠠᠯᠪᠠᠨ ᠬᠡᠷ ᠢ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ | ᠪᠠᠶᠢᠷᠢᠯᠠᠭᠤᠯᠵᠤ᠂ ᠪᠥᠬᠦ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠨ | ᠰᠢᠶ᠋ᠳᠪᠦᠷᠢᠯᠡᠭᠦᠯᠦᠭᠰᠡᠨ ᠡᠯ᠎ᠡ ᠵᠦᠶ᠋ᠯ ᠤᠨ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃ | ︵ᠬᠤᠶᠠᠷ︶ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠤ | ᠣᠷᠣᠭᠤᠯᠤᠯᠲᠠ ᠪᠠᠷ ᠭᠤᠤᠯ ᠪᠣᠯᠭᠠᠵᠤ᠂ ᠠᠵᠢᠯ ᠲᠥᠷᠥᠯ ᠠᠵᠤ ᠠᠬᠤᠶᠢᠯᠠᠯ ᠵᠡᠷᠭᠡ ᠣᠯᠠᠨ ᠠᠷᠭ᠎ᠠ ᠵᠠᠮ ᠢᠶᠠᠷ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠬᠤ ᠪᠠᠶᠢᠭᠤᠯᠤᠯ ᠢ ᠰᠤᠷᠭᠠᠨ ᠬᠥᠮᠦᠵᠢᠯ ᠤᠨ | ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠰᠤᠷᠭᠠᠨ ᠬᠥᠮᠦᠵᠢᠯ ᠤᠨ ᠵᠠᠷᠤᠳᠠᠯ ᠢ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠠᠰᠢ ᠬᠡᠯᠪᠠᠶᠢᠯᠭᠡᠵᠦ᠂ 2025 ᠣᠨ ᠪᠣᠯᠬᠤ ᠳᠤ ᠰᠤᠷᠭᠠᠨ | ᠬᠥᠮᠦᠵᠢᠯ ᠤᠨ ᠨᠡᠮᠡᠯᠲᠡ ᠵᠠᠷᠤᠳᠠᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠬᠦ ᠬᠠᠷᠢᠴᠠᠯ ᠢ | 30% ᠠᠴᠠ ᠳᠣᠤᠷ᠎ᠠ ᠪᠠᠶᠢᠯᠭᠠᠬᠤ ᠥᠬᠡᠶ᠃ ᠡᠯ᠎ᠡ ᠭᠠᠵᠠᠷ ᠤᠨ ᠬᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠭᠵᠢᠯᠲᠡ ᠳᠤ ᠬᠡᠷᠡᠭᠰᠡᠬᠦ ᠲᠤᠰᠬᠠᠶ ᠪᠠᠯᠠ ᠮᠥᠩᠭᠦ ᠶᠢ ᠲᠣᠰ ᠱᠠᠲᠤᠨ ᠤ ᠡᠳ᠋ ᠤᠨ ᠵᠠᠰᠠᠭ ᠤᠨ | ᠲᠥᠰᠦᠪ ᠲᠡᠭᠡᠨ ᠣᠷᠣᠭᠤᠯᠵᠤ᠂ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ 500 ᠲᠦᠮᠡᠨ | ᠲᠥᠭᠦᠷᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠭᠠᠷᠭᠠᠵᠤ | ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠲᠤᠰᠬᠠᠶ ᠮᠡᠷᠭᠡᠵᠢᠯ ᠤᠨ ᠶᠡᠭᠡ ᠲᠥᠷᠥᠯ ᠳᠤ ᠰᠠᠭᠤᠷᠢᠯᠠᠭᠰᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠵᠥᠷᠢᠶᠡᠲᠦ ᠰᠣᠷᠣᠭᠴᠢ ᠳᠤ ᠲᠡᠭᠰᠢᠳᠬᠡᠨ ᠵᠣᠭᠤᠰ ᠰᠠᠯᠭᠠᠨ ᠥᠭᠬᠦ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠶ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠣᠲᠣᠷ᠎ᠠ ᠪᠠᠨ ᠢᠵᠢ ᠪᠥᠷᠢᠳᠦᠭᠦᠯᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠬᠥᠭᠵᠢᠯᠲᠡ ᠶᠢ ᠳᠡᠮᠵᠢᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠤᠷᠭᠠᠨ ᠬᠥᠮᠦᠵᠢᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ︵ᠭᠤᠷᠪᠠ︶ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ᠵᠠᠰᠠᠭ ᠤᠨ | ᠣᠷᠳᠣᠨ᠂ ᠠᠵᠢᠯ ᠲᠥᠷᠥᠯ᠂ ᠠᠵᠤ ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠬᠠᠮᠲᠤᠪᠠᠷ | ᠣᠷᠣᠯᠴᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠦᠨᠡᠯᠡᠯᠲᠡ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠮᠣᠷᠠᠯ ᠮᠡᠷᠭᠡᠵᠢᠯ ᠢ ᠵᠡᠷᠭᠡᠪᠡᠷ ᠰᠤᠷᠤᠯᠴᠠᠬᠤ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠬᠢᠭᠡᠳ | ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ | ᠬᠢᠭᠡᠳ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ︽ᠬᠤᠤᠰ ᠬᠢᠷᠢ ᠬᠡᠮ ᠤᠨ ᠬᠡᠯᠪᠡᠷᠢ︾ ᠶᠢᠨ ᠪᠠᠭᠰᠢ ᠶᠢᠨ | ᠡᠩᠨᠡᠭᠡ ᠬᠢᠭᠡᠳ ᠪᠠᠭᠰᠢ ᠶᠢᠨ ᠬᠥᠭᠵᠢᠯᠲᠡ ᠪᠠᠶᠢᠭᠤᠯᠤᠯᠲᠠ ᠵᠡᠷᠭᠡ ᠪᠠᠷ ᠭᠤᠤᠯᠳᠠᠯᠭ᠎ᠠ ᠪᠣᠯᠭᠠᠭᠰᠠᠨ ᠶᠠᠰᠤ ᠴᠢᠨᠠᠷ ᠤᠨ | ᠦᠨᠡᠯᠡᠯᠲᠡ ᠶᠢᠨ ᠰᠢᠰᠲ᠋ᠧᠮᠵᠢ ᠪᠠ ᠬᠢᠨᠠᠨ ᠵᠢᠯᠣᠭᠤᠳᠴᠤ ᠦᠨᠡᠯᠡᠨ ᠵᠢᠱᠢᠬᠦ ᠲᠦᠷᠢᠮ ᠢ ᠪᠠᠶᠢᠭᠤᠯᠤᠨ᠎ᠠ᠃ ︽ᠬᠢᠩᠭᠠᠨ | ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢ | ᠶᠡᠷᠦᠩᠬᠡᠶᠢᠯᠡᠨ ᠦᠨᠡᠯᠡᠨ ᠵᠢᠱᠢᠬᠦ ᠭᠦᠢᠴᠡᠳᠭᠡᠯ ᠲᠣᠭᠠᠨ ᠤ ᠰᠢᠰᠲ᠋ᠧᠮᠵᠢ︾ ᠶᠢ ᠨᠡᠶᠢᠲᠡᠯᠡᠵᠦ᠂ ᠦᠨᠡᠯᠡᠨ ᠵᠢᠱᠢᠭᠰᠡᠨ | ᠦᠷ᠎ᠡ ᠳ᠋ᠦᠩ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠠᠮᠵᠢᠯᠲᠠ ᠪᠦᠲᠦᠮᠵᠢ ᠶᠢᠨ ᠱᠠᠩᠨᠠᠯ ᠤᠨ | ᠪᠠᠯᠠ ᠮᠥᠩᠭᠦ ᠶᠢ ᠰᠠᠯᠭᠠᠨ ᠥᠭᠬᠦ ᠶᠢᠨ ᠦᠨᠳᠦᠰᠦᠯᠡᠯ ᠪᠣᠯᠭᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠶ ᠬᠥᠭᠵᠢᠯᠲᠡ ᠶᠢ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ | ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠢᠨᠠᠨ ᠵᠢᠯᠣᠭᠤᠳᠴᠤ ᠣᠨ ᠤ ᠶᠠᠰᠤ ᠴᠢᠨᠠᠷ ᠤᠨ | ᠮᠡᠳᠡᠭᠦᠯᠦᠯᠲᠡ ᠶᠢ ᠨᠡᠶᠢᠲᠡᠯᠡᠬᠦ ᠲᠦᠷᠢᠮ ᠢ ᠰᠢᠯᠢᠳᠡᠭᠵᠢᠭᠦᠯᠵᠦ᠂ ᠣᠨ ᠤ ᠮᠡᠳᠡᠭᠦᠯᠦᠯᠲᠡ ᠶᠢ ᠭᠤᠷᠪᠠᠳᠠᠬᠢ | ᠡᠲᠡᠭᠡᠳ ᠠᠴᠠ ᠦᠨᠡᠯᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠠᠶᠢᠮᠠᠭ ᠵᠠᠬᠢᠷᠭ᠎ᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︶ | ᠲᠤᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ ᠴᠠᠭ ᠠᠭᠤᠷ ᠤᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ︹ 2023 ︺ 15 ᠳ᠋ᠤᠭᠠᠷ ᠲᠣᠭᠠᠲᠤ | | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠲᠦᠪ ᠪᠠ ᠦᠪᠡᠷᠳᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ︽ᠬᠢᠩᠭᠠᠨ ᠠᠶᠢᠮᠠᠭ ᠤᠨ ᠴᠠᠭ ᠠᠭᠤᠷ ᠤᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠵᠢᠭᠦᠯᠬᠦ ᠰᠠᠨᠠᠯ︾ ᠢ ᠡᠳᠦᠭᠡ ᠳᠠᠷᠤᠮᠠᠯᠯᠠᠨ | ᠲᠠᠷᠬᠠᠭᠠᠪᠠ᠃ ᠲᠠ ᠨᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | 2023 ᠣᠨ ᠤ 3 ᠰᠠᠷ᠎ᠠ ᠶᠢᠨ 30 | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠢᠩᠭᠠᠨ ᠠᠶᠢᠮᠠᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠬᠤ ᠬᠡᠷᠡᠭᠵᠢᠭᠦᠯᠬᠦ ᠰᠠᠨᠠᠯ | ᠴᠠᠭ ᠠᠭᠤᠷ ᠤᠨ ᠦᠢᠯᠡᠰ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ᠂ ᠰᠠᠭᠤᠷᠢ ᠴᠢᠨᠠᠷᠲᠠᠢ᠂ | ᠤᠳᠤᠷᠢᠳᠤᠮᠵᠢ ᠶᠢᠨ ᠴᠢᠨᠠᠷᠲᠠᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠲᠦᠮᠡᠨ ᠤ ᠠᠮᠤᠷ ᠲᠦᠪᠰᠢᠨ ᠪᠤᠶᠠᠨ ᠵᠢᠷᠭᠠᠯ ᠢ ᠢᠪᠡᠭᠡᠬᠦ | ᠴᠢᠬᠤᠯᠠ ᠪᠠᠲᠤᠯᠠᠭ᠎ᠠ ᠮᠥᠨ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠨᠠᠩ | ᠥᠨᠳᠥᠷ ᠲᠦᠪᠰᠢᠨ ᠪᠥᠬᠦᠶ ᠴᠠᠭ ᠠᠭᠤᠷ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ | ᠂ ᠪᠥᠬᠦ ᠠᠶᠢᠮᠠᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵2022 — | 2035 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ︹ 2022 ︺ | 11 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ | ᠥᠪᠥᠷ ᠵᠠᠰᠠᠭ ᠲᠠᠷᠬᠠᠭᠠᠭᠰᠠᠨ ︹ 2021 ︺ 16 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ | ᠠᠶᠢᠮᠠᠭ ᠤᠨ ᠪᠣᠳᠠᠲᠠᠶ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ | ᠦᠢᠯᠡᠴᠢᠯᠡᠬᠦ ᠪᠠ ᠠᠭᠤᠰᠤᠯᠴᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ | ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠷᠢᠨ ᠨᠢᠭᠲᠠ ᠬᠢᠨᠠᠨ ᠬᠡᠮᠵᠢᠭᠰᠡᠨ᠂ ᠨᠠᠷᠢᠯᠢᠭ ᠣᠨᠣᠪᠴᠢᠲᠠᠢ | ᠤᠷᠢᠳᠴᠢᠯᠠᠨ ᠮᠡᠳᠡᠭᠡᠯᠡᠭᠰᠡᠨ᠂ ᠨᠠᠷᠢᠯᠢᠭ ᠦᠢᠯᠡᠴᠢᠯᠡᠭᠰᠡᠨ᠂ ᠠᠷᠠᠳ ᠲᠦᠮᠡᠨ ᠳᠤ ᠬᠠᠨᠤᠮᠵᠢᠲᠠᠢ ᠤᠳᠤ ᠦᠶ᠎ᠡ ᠶᠢᠨ | ᠴᠠᠭ ᠠᠭᠤᠷ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ | ᠬᠥᠭᠵᠢᠯᠲᠡ᠂ ᠠᠮᠢᠳᠤᠷᠠᠯ ᠴᠢᠨᠡᠭᠡᠯᠢᠭ᠂ ᠠᠮᠢ ᠠᠬᠤᠢ ᠰᠠᠶᠢᠨ ᠰᠠᠶᠢᠬᠠᠨ ᠪᠠᠶᠢᠬᠤ ᠶᠢ ᠪᠦᠬᠦ ᠲᠠᠯ᠎ᠠ ᠪᠠᠷ ᠪᠠᠲᠤᠯᠠᠵᠤ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ | ᠰᠠᠶᠢᠲᠤᠷ ᠬᠠᠩᠭᠠᠵᠤ᠂ ᠣᠳᠣᠬᠢᠴᠢᠯᠠᠭᠰᠠᠨ ᠬᠢᠩᠭᠠᠨ ᠠᠶᠢᠮᠠᠭ ᠢ ᠪᠦᠳᠦᠭᠡᠨ ᠪᠠᠶᠢᠭᠤᠯᠬᠤ ᠳᠤ ᠪᠠᠲᠤ ᠴᠢᠩᠭ᠎ᠠ ᠴᠠᠭ | ᠠᠭᠤᠷ ᠤᠨ ᠪᠠᠲᠤᠯᠠᠭ᠎ᠠ ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ | 2025 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠪᠦᠲᠦᠴᠡ ᠨᠢ ᠪᠦᠷᠢᠨ ᠲᠡᠭᠦᠯᠳᠡᠷ᠂ | ᠴᠢᠳᠠᠮᠵᠢ ᠨᠢ ᠲᠡᠷᠢᠭᠦᠨ ᠤ᠂ ᠪᠠᠲᠤᠯᠠᠭ᠎ᠠ ᠨᠢ ᠬᠦᠴᠦᠨ ᠲᠠᠢ ᠣᠳᠣᠬᠢᠴᠢᠯᠠᠭᠰᠠᠨ ᠴᠠᠭ ᠠᠭᠤᠷ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡᠨ᠂ ᠲᠤᠬᠠᠶᠢᠯᠠᠭᠰᠠᠨ ᠠᠵᠢᠯ ᠪᠠ ᠵᠠᠰᠠᠯᠲᠠ ᠶᠢᠨ | ᠰᠢᠰᠲ᠋ᠧᠮᠵᠢ ᠶᠢ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ | ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠠᠮᠢ ᠠᠬᠤᠶ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ | ᠰᠡᠷᠡᠯ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠵᠡᠷᠭᠡ ᠬᠦᠷᠢᠶ᠎ᠡ ᠴᠠᠷᠠᠭ᠎ᠠ ᠶᠢ ᠪᠥᠬᠦ ᠣᠷᠣᠨ ᠤ | ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠦᠨ᠎ᠡ᠃ | 2035 ᠣᠨ ᠪᠣᠯᠬᠤ ᠳᠤ᠂ ᠬᠡᠷᠡᠭᠴᠡᠭᠡ ᠶᠢ ᠬᠠᠩᠭᠠᠭᠰᠠᠨ᠂ ᠣᠨᠴᠠᠯᠢᠭ ᠢᠶᠠᠷ ᠢᠯᠡ ᠲᠣᠳᠣ᠂ ᠲᠡᠷᠢᠭᠦᠨ ᠤ | ᠮᠡᠷᠭᠡᠵᠢᠯ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ ᠰᠢᠰᠲ᠋ᠧᠮ ᠢ ᠪᠦᠬᠦ | ᠲᠠᠯ᠎ᠠ ᠪᠠᠷ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠡᠩ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠡᠨᠧᠷᠭᠢ | ᠣᠯᠭᠤᠬᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠨᠡᠩ ᠢᠯᠡᠷᠬᠡᠢ ᠪᠣᠯᠭᠠᠵᠤ᠂ ᠠᠮᠢ | ᠨᠠᠰᠤᠨ ᠤ ᠠᠮᠤᠷ ᠲᠦᠪᠰᠢᠨ ᠢ ᠪᠠᠲᠤᠯᠠᠬᠤ᠂ ᠦᠢᠯᠡᠳᠪᠦᠷᠢᠯᠡᠯ ᠢ ᠬᠥᠭᠵᠢᠭᠦᠯᠬᠦ᠂ ᠠᠮᠢᠳᠤᠷᠠᠯ ᠢ ᠴᠢᠨᠡᠭᠡᠯᠢᠭᠵᠢᠭᠦᠯᠬᠦ᠂ | ᠠᠮᠢ ᠠᠬᠤᠢ ᠶᠢ ᠰᠠᠶᠢᠨ ᠰᠠᠶᠢᠬᠠᠨ ᠪᠣᠯᠭᠠᠬᠤ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 1. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠬᠠᠷᠢᠶ᠎ᠠ ᠭᠠᠵᠠᠷ ᠢᠶᠠᠷ ᠭᠤᠣᠯ ᠪᠣᠯᠭᠠᠬᠤ᠂ ᠶᠡᠷᠦᠩᠬᠡᠶᠢᠯᠡᠨ ᠭᠠᠮᠰᠢᠭ ᠢ ᠪᠠᠭᠠᠰᠬᠠᠬᠤ | ᠵᠠᠷᠴᠢᠮ ᠢ ᠪᠠᠷᠢᠮᠲᠠᠯᠠᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠶᠡᠷᠦᠩᠬᠡᠶᠢᠯᠡᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠰᠢᠰᠲ᠋ᠧᠮ ᠳᠤ ᠣᠷᠣᠭᠤᠯᠵᠤ᠂ ᠦᠨᠳᠦᠰᠦᠨ ᠱᠠᠲᠤᠨ ᠤ ᠲᠤᠤᠷᠴᠢᠯᠠᠭᠰᠠᠨ ᠨᠡᠶᠢᠭᠡᠮ ᠤᠨ | ᠵᠠᠰᠠᠯᠲᠠ ᠶᠢᠨ ᠰᠢᠰᠲ᠋ᠧᠮ ᠳᠤ ᠠᠭᠤᠰᠬᠠᠨ ᠣᠷᠣᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠲᠦᠷᠢᠮ ᠢ ᠴᠢᠩᠭᠠᠷᠠᠭᠤᠯᠵᠤ᠂ ᠱᠠᠲᠤ | ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠨᠢᠭᠡᠳᠦᠯᠲᠡᠶ ᠲᠥᠯᠥᠪᠵᠢᠭᠦᠯᠬᠦ ᠪᠠ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠦᠷᠭᠡᠨ ᠪᠥᠭᠡᠳ ᠥᠨᠳᠥᠷ ᠦᠷ᠎ᠡ | ᠪᠦᠲᠦᠮᠵᠢᠲᠡᠶ ᠪᠠᠷ ᠬᠠᠮᠲᠤᠷᠠᠨ ᠬᠥᠳᠡᠯᠦᠯᠴᠡᠭᠰᠡᠨ ᠣᠯᠠᠨ ᠰᠠᠯᠠᠭ᠎ᠠ ᠮᠥᠴᠢᠷ ᠤᠨ ᠴᠠᠭ ᠠᠭᠤᠷ ᠤᠨ ᠭᠠᠮᠰᠢᠭ ᠢ | ᠰᠡᠷᠭᠡᠶᠢᠯᠡᠨ ᠠᠷᠭᠠᠴᠠᠬᠤ ᠲᠣᠭᠲᠠᠴᠠ ᠪᠠ ᠨᠡᠶᠢᠭᠡᠮ ᠤᠨ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠦᠨᠳᠦ | ᠶᠡᠭᠡ ᠴᠠᠭ ᠠᠭᠤᠷ ᠤᠨ ᠭᠠᠮᠰᠢᠭ ᠤᠨ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠣᠭᠠᠵᠤ ᠬᠢᠴᠢᠶᠡᠯ ᠢ | ᠵᠣᠭᠰᠣᠭᠠᠵᠤ ᠲᠡᠭᠡᠭᠡᠪᠦᠷᠢᠯᠡᠬᠦ ᠶᠢ ᠵᠣᠭᠰᠣᠭᠠᠬᠤ ᠲᠦᠷᠢᠮ ᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠳᠤ | ᠣᠷᠣᠯᠴᠠᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 2.ᠴᠠᠭ ᠠᠭᠤᠷ ᠶᠢᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠪᠥᠬᠦ | ᠠᠶᠢᠮᠠᠭ ᠤᠨ ᠭᠤᠤᠯ ᠪᠣᠯᠬᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ᠂ ᠦᠨᠡᠯᠡᠨ ᠵᠢᠱᠢᠯᠲᠡ ᠪᠠ ᠣᠷᠣᠨ ᠬᠤᠪᠢᠶᠠᠷᠢᠯᠠᠯ ᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠤᠨ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ | ᠳᠤᠮᠳᠠ ᠵᠢᠵᠢᠭ ᠭᠤᠣᠯ ᠮᠥᠷᠡᠨ ᠤ ᠦᠶᠡᠷ᠂ ᠠᠭᠤᠯᠠᠨ ᠦᠶᠡᠷ ᠪᠠ ᠭᠠᠵᠠᠷ ᠤᠨ ᠭᠠᠶ ᠭᠠᠮᠰᠢᠭ ᠤᠨ ᠴᠠᠭ | ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠳᠬᠦᠨ ᠢ ᠬᠠᠮᠲᠤᠷᠠᠨ ᠨᠡᠶᠢᠲᠡᠯᠡᠨ᠎ᠡ᠃ | ᠴᠠᠭ ᠠᠭᠤᠷ ᠤᠨ ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ᠃ ᠡᠯ᠎ᠡ ᠱᠠᠲᠤᠨ ᠤ ᠴᠠᠭ ᠠᠭᠤᠷ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠭᠠᠮᠰᠢᠭ ᠢ | ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠪᠠ | ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠲᠠᠷᠢᠶᠠᠯᠠᠩ ᠤᠨ ᠳᠠᠭᠠᠳᠬᠠᠯ ᠤᠨ ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ | ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ ᠤᠨ ᠦᠢᠯᠡᠳᠭᠦᠨ ᠢ | ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ︵ᠠᠶᠢᠮᠠᠭ ᠤᠨ | ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ | ︶ | 3. ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠦᠴᠦᠨ ᠲᠠᠢ | ᠬᠤᠭᠤᠴᠠᠭ᠎ᠠ ᠶᠢ ᠳᠡᠭᠡᠭᠰᠢᠯᠡᠭᠦᠯᠦᠨ᠎ᠡ᠃ ᠬᠢᠩᠭᠠᠨ ᠠᠶᠢᠮᠠᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠴᠢᠳᠠᠮᠵᠢ ᠶᠢ | ᠲᠡᠭᠦᠯᠳᠡᠷᠵᠢᠭᠦᠯᠦᠨ᠎ᠡ᠃ ᠴᠠᠭ ᠠᠭᠤᠷ ᠤᠨ ᠬᠦᠨᠳᠦ ᠶᠡᠭᠡ ᠭᠠᠶ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠲᠦᠷᠭᠡᠨ ᠳᠠᠮᠵᠢᠭᠤᠯᠬᠤ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠳᠣᠬᠢᠭᠤᠷ ᠲᠤᠯᠤᠭᠠᠨ ᠣᠲᠣ ᠳᠠᠭᠠᠭᠤᠯᠢ | ᠣᠲᠣ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠪᠠ ᠨᠡᠶᠢᠭᠡᠮ ᠤᠨ ᠵᠠᠭᠤᠴᠢᠯᠠᠭᠤᠷ ᠤᠨ | ᠡᠬᠢ ᠪᠠᠶᠠᠯᠢᠭ ᠢ ᠭᠦᠢᠴᠡᠳ ᠠᠰᠢᠭᠯᠠᠨ ᠴᠠᠭ ᠠᠭᠤᠷ ᠤᠨ ᠭᠠᠶ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠣᠯᠠᠨ ᠠᠷᠭ᠎ᠠ ᠵᠠᠮ᠂ ᠥᠷᠭᠡᠨ ᠪᠦᠷᠬᠦᠴᠡ ᠲᠠᠢ᠂ ᠲᠦᠷᠭᠡᠨ ᠪᠥᠭᠡᠳ ᠨᠠᠷᠢᠯᠢᠭ ᠣᠨᠣᠴᠠᠲᠠᠶ ᠪᠠᠷ ᠳᠠᠮᠵᠢᠭᠤᠯᠬᠤ ᠶᠢ | ᠪᠡᠶᠡᠯᠡᠭᠦᠯᠦᠨ᠎ᠡ᠃ ᠤᠯᠤᠰ ᠤᠨ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠰᠢᠰᠲ᠋ᠧᠮ ᠤᠨ ᠤᠯᠠᠨ ᠰᠠᠯᠠᠭ᠎ᠠ ᠮᠥᠴᠢᠷ ᠤᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠭᠤᠷᠪᠠᠨ | ᠲᠣᠮᠣ ᠡᠵᠡᠩᠨᠡᠯᠲᠡ ᠶᠢᠨ ᠬᠤᠳᠠᠯᠳᠤᠭᠠᠴᠢᠨ ᠤ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠬᠦ ︽ᠰᠠᠭᠠᠳ ᠥᠬᠡᠶ ᠨᠡᠪᠲᠡᠷᠡᠬᠦ ᠵᠠᠮ︾ ᠪᠠ ᠪᠥᠬᠦ ᠰᠦᠯᠵᠢᠶ᠎ᠡ ᠪᠠᠷ ᠰᠦᠢᠳᠭᠡᠯ ᠬᠤᠷᠢᠶᠠᠬᠤ | ᠥᠬᠡᠶ ᠪᠠᠷ ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ ᠬᠦᠨᠳᠦ ᠶᠡᠭᠡ ᠴᠠᠭ ᠠᠭᠤᠷ ᠤᠨ ᠭᠠᠮᠰᠢᠭ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠬᠠᠷᠢᠭᠤ ᠥᠭᠬᠦ︾ ᠲᠣᠭᠲᠠᠴᠠ ᠶᠢ ᠨᠠᠶᠢᠳᠠᠪᠤᠷᠢᠵᠢᠭᠤᠯᠵᠤ᠂ ᠴᠠᠭ | ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠨᠡᠶᠢᠲᠡᠯᠡᠬᠦ ᠶᠢ | ᠠᠬᠢᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ | ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠰᠢᠯᠵᠢᠮᠡᠯ ᠬᠤᠯᠪᠣᠭᠠᠨ ᠤ ᠺᠣᠮᠫᠠᠨᠢ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠬᠤᠶᠠᠷ︶ ᠠᠮᠢ ᠠᠬᠤᠶ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠪᠣᠬᠢᠷᠲᠤᠯ ᠥᠬᠡᠶ ᠬᠥᠭᠵᠢᠯᠲᠡ ᠳᠤ | ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃ | 4. ᠠᠮᠢ ᠠᠬᠤᠶ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ᠃ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠠᠶᠢᠮᠠᠭ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ︽ᠠᠭᠤᠯᠠ | ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠡᠪᠡᠰᠦ ᠡᠯᠡᠰᠦ︾ ᠶᠢᠨ ᠰᠢᠰᠲ᠋ᠧᠮ ᠤᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠶ ᠪᠠ ᠭᠠᠵᠠᠷ ᠣᠷᠣᠨ ᠢ ᠨᠢᠭᠡ ᠴᠤᠭᠴᠠᠵᠢᠭᠤᠯᠤᠭᠰᠠᠨ ᠪᠥᠬᠦ ᠣᠷᠣᠨ | ᠪᠦᠰᠡ ᠶᠢᠨ ᠠᠮᠢ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ | ᠲᠣᠤᠷ ᠢ ᠬᠠᠮᠲᠤᠷᠠᠨ ᠪᠠᠶᠢᠭᠤᠯᠵᠤ᠂ ᠠᠮᠢ ᠠᠬᠤᠶ ᠶᠢᠨ ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ ᠠᠬᠤᠶ ᠶᠢᠨ ᠰᠡᠷᠭᠡᠭ ᠣᠷᠣᠨ ᠪᠠ ᠬᠡᠪᠡᠷᠡᠭ | ᠣᠷᠣᠨ ᠳᠤ ᠠᠮᠢ ᠠᠬᠤᠶ ᠶᠢᠨ ᠴᠠᠭ ᠠᠭᠤᠷ ᠢ ᠬᠢᠨᠠᠨ ᠬᠡᠮᠵᠢᠵᠦ ᠦᠨᠡᠯᠡᠨ ᠵᠢᠱᠢᠬᠦ ᠦᠢᠯᠡᠴᠢᠯᠡᠭᠡ ᠶᠢ ᠦᠷᠭᠦᠯᠵᠢᠯᠡᠨ | ᠥᠷᠨᠢᠭᠦᠯᠵᠦ᠂ ᠲᠦᠢᠯ ᠤᠨ ᠠᠭᠤᠷ ᠠᠮᠢᠰᠬᠤᠯ ᠤᠨ ᠬᠡᠷᠡᠭ ᠪᠠ ᠴᠠᠭ ᠠᠭᠤᠷ ᠤᠨ ᠭᠠᠮᠰᠢᠭ ᠤᠨ ᠠᠮᠢ ᠠᠬᠤᠶ ᠶᠢᠨ | ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠷᠦᠩᠬᠡᠶᠢᠯᠡᠭᠰᠡᠨ ᠴᠠᠭ ᠠᠭᠤᠷ ᠤᠨ | ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠢ ᠲᠠᠰ ᠳᠡᠪᠰᠢᠭᠦᠯᠦᠨ᠎ᠡ᠃ ︵ᠠᠶᠢᠮᠠᠭ ᠤᠨ ᠴᠠᠭ ᠠᠭᠤᠷ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 5. ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠴᠠᠭ ᠠᠭᠤᠷ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠤᠨ ᠴᠠᠭ ᠠᠭᠤᠷ ᠤᠨ ᠨᠥᠬᠦᠴᠡᠯ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠬᠢᠷ ᠮᠠᠨᠠᠨ᠂ ᠡᠯᠡᠰᠦᠨ | ᠰᠢᠭᠤᠷᠭ᠎ᠠ ᠵᠡᠷᠭᠡ ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ | ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ | ᠨᠢᠭᠤᠭᠳᠠᠮᠠᠯ ᠪᠠᠶᠢᠳᠠᠯ ᠢ ᠵᠠᠳᠠᠯᠤᠨ ᠰᠤᠳᠤᠯᠬᠤ ᠠᠵᠢᠯ ᠢ ᠥᠷᠨᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ | ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠴᠠᠭ ᠠᠭᠤᠷ ᠬᠢᠭᠡᠳ | ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ | ᠵᠥᠪᠳᠡᠯᠴᠡᠨ ᠰᠤᠳᠤᠯᠵᠤ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠰᠠᠭᠤᠷᠢ ᠰᠤᠳᠤᠯᠭᠠᠨ ᠢ ᠬᠠᠮᠲᠤᠷᠠᠨ | ᠥᠷᠨᠢᠭᠦᠯᠵᠦ᠂ ᠣᠷᠴᠢᠨ ᠲᠣᠭᠤᠷᠢᠨ ᠤ ᠴᠠᠭ ᠠᠭᠤᠷ ᠤᠨ ᠬᠢᠨᠠᠨ ᠬᠡᠮᠵᠢᠯᠲᠡ ᠶᠢᠨ ᠦᠷᠳᠡᠭᠡ ᠲᠣᠣᠷ ᠤᠨ | ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ᠃ ᠠᠭᠠᠷ ᠮᠠᠨᠳᠠᠯ ᠤᠨ ᠪᠦᠷᠢᠯᠳᠦᠬᠦᠨ ᠢ ᠬᠢᠨᠠᠨ ᠬᠡᠮᠵᠢᠬᠦ᠂ ᠳᠠᠭᠠᠭᠤᠯᠢ | ᠤᠳᠤᠨ ᠤ ᠠᠯᠤᠰ ᠰᠡᠷᠡᠯ ᠤᠨ ᠲᠤᠭ᠎ᠠ ᠪᠠᠷᠢᠮᠲᠠ ᠶᠢ ᠵᠠᠳᠠᠯᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠠᠭᠠᠷ | ᠮᠠᠨᠳᠠᠯ ᠤᠨ ᠪᠣᠬᠢᠷᠲᠤᠯ ᠢ ᠵᠠᠳᠠᠯᠬᠤ ᠪᠠ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ | ᠥᠷᠨᠢᠭᠦᠯᠦᠨ᠎ᠡ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 6. ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ | ᠴᠢᠳᠠᠪᠤᠷᠢ ᠶᠢ ᠴᠢᠩᠭᠠᠳᠬᠠᠨ᠎ᠠ᠃ ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠬᠦ ᠦᠷᠳᠡᠭᠡ ᠶᠢᠨ ᠲᠣᠣᠷ ᠢ | ᠬᠠᠮᠲᠤᠪᠠᠷ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠥᠨᠳᠥᠷ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢᠨ | ᠳᠤᠮᠳᠠ ᠪᠠ ᠬᠢᠨᠠᠨ ᠬᠡᠮᠵᠢᠵᠦ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠠᠭᠤᠷ ᠠᠮᠢᠰᠬᠤᠯ ᠤᠨ | ᠬᠤᠪᠢᠷᠠᠯᠲᠠ ᠶᠢᠨ ᠬᠢᠩᠭᠠᠨ ᠠᠶᠢᠮᠠᠭ ᠤᠨ ᠣᠶ ᠰᠢᠭᠤᠶ᠂ ᠴᠢᠭᠢᠭᠯᠢᠭ ᠭᠠᠵᠠᠷ ᠵᠡᠷᠭᠡ ᠠᠳᠠᠯᠢ ᠪᠤᠰᠤ ᠠᠮᠢ ᠠᠬᠤᠶ ᠶᠢᠨ | ᠰᠢᠰᠲ᠋ᠧᠮ ᠤᠨ ᠲᠥᠷᠥᠯ ᠬᠡᠯᠪᠡᠷᠢ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠵᠦ ᠵᠠᠳᠠᠯᠤᠯᠲᠠ ᠬᠢᠬᠦ ᠶᠢ | ᠴᠢᠩᠭᠠᠳᠬᠠᠨ᠎ᠠ᠃ ᠰᠠᠯᠬᠢᠨ ᠡᠨᠧᠷᠭᠢ᠂ ᠨᠡᠷᠡᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ | ᠂ ᠴᠢᠬᠤᠯᠠ ᠶᠡᠭᠡ ᠣᠷᠣᠨ ᠪᠦᠰᠡ ᠶᠢᠨ ᠴᠢᠨᠠᠷᠲᠠᠶ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ᠂ | ᠭᠤᠣᠯᠳᠠᠯᠭ᠎ᠠ ᠲᠠᠢ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠣᠷᠣᠨ ᠪᠦᠰᠡ ᠶᠢᠨ | ᠠᠭᠤᠷ ᠠᠮᠢᠰᠬᠤᠯ ᠤᠨ ᠪᠣᠯᠤᠮᠵᠢᠲᠤ ᠴᠢᠨᠠᠷ ᠢ ᠨᠤᠲᠠᠯᠠᠬᠤ ᠠᠵᠢᠯ ᠢ ᠬᠡᠷᠡᠭᠵᠢᠭᠦᠯᠦᠨ᠎ᠡ᠃ ︵ᠠᠶᠢᠮᠠᠭ ᠤᠨ ᠴᠠᠭ | ᠠᠭᠤᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠭᠤᠷᠪᠠ︶ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠥᠲᠥᠭᠡᠨ ᠶᠢ ᠴᠢᠩᠭᠠᠳᠬᠠᠨ᠎ᠠ | 7᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢ | ᠰᠠᠶᠢᠲᠤᠷ ᠭᠠᠩ ᠬᠠᠭᠰᠠᠷᠭᠠᠨ᠂ ᠬᠢᠷᠠᠭᠤ ᠬᠥᠯᠳᠡᠭᠦᠦ᠂ ᠶᠡᠭᠡ ᠰᠠᠯᠬᠢ᠂ ᠴᠠᠰᠤᠨ ᠵᠤᠳ ᠵᠡᠷᠭᠡ ᠭᠤᠣᠯ ᠪᠣᠯᠬᠤ | ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠭᠠᠮᠰᠢᠭ ᠦᠨ ᠲᠦᠭᠰᠢᠭᠦᠷᠢ ᠶᠢᠨ ᠣᠷᠣᠨ | ᠬᠤᠪᠢᠶᠠᠷᠢᠯᠠᠯ ᠢ ᠦᠢᠯᠡᠳᠬᠦ ᠬᠡᠷᠡᠭᠲᠡᠶ᠃ ᠡᠷᠳᠡᠨᠢ ᠰᠢᠰᠢ᠂ ᠤᠰᠤᠨ ᠲᠤᠲᠤᠷᠭ᠎ᠠ᠂ ᠰᠢᠷ᠎ᠠ ᠪᠤᠷᠴᠠᠭ ᠵᠡᠷᠭᠡ | ᠭᠤᠤᠯ ᠪᠣᠯᠬᠤ ᠲᠠᠷᠢᠮᠠᠯ ᠪᠣᠯᠤᠨ ᠦᠬᠡᠷ ᠬᠤᠨᠢᠨ ᠤ ᠲᠡᠵᠢᠭᠡᠯ ᠡᠪᠡᠰᠦ ᠪᠣᠷᠳᠣᠭᠠᠨ ᠳᠤ ᠴᠢᠭᠯᠡᠭᠦᠯᠦᠨ᠂ ᠳᠠᠷᠢᠬᠤ | ᠠᠭᠤᠷ ᠠᠮᠢᠰᠬᠤᠯ ᠤᠨ ᠣᠷᠣᠨ ᠤ ᠬᠤᠪᠢᠶᠠᠷᠢᠯᠠᠯ ᠢ ᠨᠠᠷᠢᠯᠢᠬᠵᠢᠭᠤᠯᠤᠨ ᠨᠠᠶᠢᠷᠠᠭᠤᠯᠤᠨ ᠵᠣᠬᠢᠶᠠᠵᠤ᠂ ᠲᠠᠷᠢᠶᠠᠯᠠᠩ ᠮᠠᠯ | ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠳᠣᠭᠢᠷᠠᠭᠤᠯᠬᠤ᠂ ᠠᠮᠤ ᠪᠤᠳᠠᠭ᠎ᠠ ᠪᠣᠯᠤᠨ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠳᠠᠯᠳᠠ ᠬᠦᠴᠦᠨ ᠢ | ᠠᠭᠤᠳᠠᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠠᠷᠢᠶᠠᠯᠠᠩ ᠮᠠᠯ ᠠᠵᠤ ᠠᠬᠤᠶ | ᠣᠶ ᠰᠢᠭᠤᠶ ᠶᠢᠨ ᠴᠠᠭ ᠠᠭᠤᠷ ᠢ ᠰᠤᠳᠤᠯᠤᠨ ᠨᠡᠭᠡᠭᠡᠬᠦ ᠨᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ | ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠬᠢᠭᠡᠳ ᠠᠭᠤᠷ ᠠᠮᠢᠰᠬᠤᠯ ᠤᠨ ᠡᠬᠢ ᠪᠠᠶᠠᠯᠢᠭ ᠤᠨ ᠠᠭᠤᠰᠤᠯᠴᠠᠯ ᠢ | ᠠᠬᠢᠭᠤᠯᠵᠤ᠂ ︽ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾᠂ ︽ᠵᠤᠰᠠᠯᠠᠩ ᠤᠨ ᠵᠢᠭᠤᠯᠴᠢᠯᠠᠯ ᠤᠨ | ᠵᠣᠷᠢᠭᠰᠠᠨ ᠭᠠᠵᠠᠷ︾ ᠵᠡᠷᠭᠡ ᠤᠯᠤᠰ ᠤᠨ ᠠᠭᠤᠷ ᠠᠮᠢᠰᠬᠤᠯ ᠤᠨ ᠪᠡᠯᠭᠡ ᠲᠡᠮᠳᠡᠭ ᠤᠨ ᠨᠠᠷᠠᠲᠤ ᠲᠥᠷᠥᠯ | ᠲᠡᠮᠳᠡᠭᠲᠦ ᠶᠢ ᠤᠬᠠᠭᠤᠯᠤᠨ ᠲᠠᠨᠢᠯᠴᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠵᠢᠭᠤᠯᠴᠢᠯᠠᠯ ᠤᠨ | ᠵᠣᠷᠢᠭᠰᠠᠨ ᠭᠠᠵᠠᠷ ᠢ ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠣᠶᠣᠯ | ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 8. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠤᠯᠤᠰ ᠤᠨ ᠴᠢᠬᠤᠯᠠ | ᠲᠠᠷᠢᠶᠠᠯᠠᠩ ᠤᠨᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ | ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠣᠭᠤᠷᠢᠨ ᠳᠤ᠂ ᠲᠠᠷᠢᠶᠠᠯᠠᠩ ᠮᠠᠯ | ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠤ ᠬᠠᠮᠲᠤᠷᠠᠯᠴᠠᠨ ᠰᠣᠯᠢᠯᠴᠠᠬᠤ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠠᠷᠢᠶᠠᠯᠠᠩ ᠳᠤ ᠬᠤᠯᠪᠣᠭᠳᠠᠬᠤ ᠰᠠᠯᠠᠭ᠎ᠠ ᠮᠥᠴᠢᠷ ᠤᠨ ᠠᠵᠢᠯ ᠤᠨ | ᠨᠠᠷᠢᠯᠢᠬᠵᠢᠭᠤᠯᠤᠭᠰᠠᠨ᠂ ᠵᠤᠷᠰᠢᠯᠵᠢᠭᠤᠯᠤᠭᠰᠠᠨ᠂ ᠰᠢᠭᠤᠳ ᠨᠡᠪᠲᠡᠷᠡᠬᠦ ᠮᠠᠶ᠋ᠢᠭ ᠤᠨ | ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠢ ᠬᠥᠭᠵᠢᠭᠦᠯᠦᠨ᠎ᠡ᠃ ᠲᠠᠷᠢᠶᠠᠯᠠᠩ | ᠮᠠᠯ ᠠᠵᠤ ᠠᠬᠤᠶ ᠶᠢᠨ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ | ᠲᠤᠬᠢᠷᠠᠬᠤ ᠮᠡᠷᠭᠡᠵᠢᠯ ᠤᠨᠰᠤᠳᠤᠯᠤᠯ ᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠴᠠᠭ | ᠠᠭᠤᠷ ᠲᠤ ᠲᠤᠬᠢᠷᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠥᠯᠬᠢᠨ ᠠᠬᠢᠭᠤᠯᠤᠨ᠎ᠠ᠃ ︽ᠨᠠᠷᠠᠲᠤ | ᠰᠢᠯᠢᠳᠡᠭ ᠣᠨᠴᠠ︾ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠠᠭᠤᠷ ᠠᠮᠢᠰᠬᠤᠯ ᠤᠨ ᠶᠠᠰᠤ ᠴᠢᠨᠠᠷ ᠤᠨ ᠭᠡᠷᠡᠴᠢᠯᠡᠭᠡ ᠶᠢ ᠴᠢᠩᠭᠠᠳᠬᠠᠨ᠎ᠠ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ | ᠴᠠᠭ ᠠᠭᠤᠷ ᠤᠨ ᠨᠥᠬᠦᠴᠡᠯ ᠠᠴᠠ ᠲᠥᠬᠦᠭᠡᠷᠦᠮᠵᠢ ᠶᠢᠨ ᠲᠠᠷᠢᠶᠠᠯᠠᠩ ᠢ ᠨᠥᠯᠥᠭᠡᠯᠡᠬᠦ ᠮᠡᠷᠭᠡᠵᠢᠯ ᠤᠨ ᠰᠤᠳᠤᠯᠭᠠᠨ ᠢ | ᠥᠷᠨᠢᠭᠦᠯᠦᠨ᠎ᠡ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠳᠥᠷᠪᠡ︶ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠰᠢᠭ ᠬᠠᠷᠠᠨ ᠬᠤᠤᠷ ᠠᠴᠠ ᠵᠠᠶᠢᠯᠠᠬᠤ | ᠦᠢᠯᠡᠴᠢᠯᠡᠭᠡᠨ ᠤ ᠪᠠᠲᠤᠯᠠᠭ᠎ᠠ ᠶᠢᠨ ᠦᠷ᠎ᠡ ᠠᠰᠢᠭ ᠢ ᠪᠠᠳᠠᠷᠠᠭᠤᠯᠤᠨ᠎ᠠ᠃ | 9. ᠬᠥᠮᠦᠨ ᠤ ᠰᠡᠭᠦᠳᠡᠷ ᠤᠨ ᠳᠠᠰᠬᠠᠯ ᠤᠨ ᠨᠠᠷᠢᠯᠢᠭ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ | ᠴᠢᠨᠠᠷ ᠢ ᠳᠡᠭᠡᠭᠰᠢᠯᠡᠭᠦᠯᠦᠨ᠎ᠡ᠃ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠭᠠᠵᠠᠷ ᠳᠡᠭᠡᠷ᠎ᠡ ᠠᠵᠢᠯᠯᠠᠬᠤ | ᠥᠷᠲᠡᠭᠡ ᠴᠡᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠬᠥᠮᠦᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠠᠵᠢᠯ ᠤᠨ ᠵᠢᠯᠣᠭᠤᠳᠬᠤ ᠰᠢᠰᠲ᠋ᠧᠮ᠂ ᠬᠠᠷᠠᠭᠠᠨ ᠳᠠᠪᠲᠠᠮᠵᠢ ᠪᠠᠷ ᠵᠥᠪᠳᠡᠯᠴᠡᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠷᠠᠳᠠᠷ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠣᠨᠴᠠ ᠲᠥᠷᠥᠯ ᠤᠨ | ᠠᠵᠢᠭᠯᠠᠯᠲᠠ ᠶᠢᠨ ᠮᠠᠲ᠋ᠧᠷᠢᠶᠠᠯ᠂ ᠳᠠᠭᠠᠭᠤᠯᠢ ᠣᠲᠣ᠂ ᠠᠭᠠᠷ ᠬᠠᠶᠢᠬᠤ ᠪᠠ ᠠᠦ᠋ᠲ᠋ᠣ᠋ ᠴᠠᠭ ᠠᠭᠤᠷ ᠤᠨ ᠥᠷᠲᠡᠭᠡ | ᠵᠡᠷᠭᠡ ᠲᠤᠬᠠᠶ ᠶᠢᠨ ᠴᠠᠭ ᠤᠨ ᠬᠠᠶᠢᠨ ᠬᠡᠮᠵᠢᠯᠲᠡ ᠶᠢᠨ ᠮᠠᠲ᠋ᠧᠷᠢᠶᠠᠯ ᠤᠨ ᠬᠡᠷᠡᠭᠯᠡᠯᠲᠡ ᠶᠢ ᠴᠢᠩᠭᠠᠳᠬᠠᠵᠤ᠂ ᠬᠥᠮᠦᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠳᠠᠯᠳᠠ ᠪᠠᠶᠢᠳᠠᠯ ᠢ ᠤᠷᠢᠳᠴᠢᠯᠠᠨ ᠮᠡᠳᠡᠭᠡᠯᠡᠬᠦ ᠪᠠ ᠠᠵᠢᠯᠯᠠᠬᠤ | ᠭᠦᠢᠴᠡᠳᠭᠡᠯ ᠲᠤᠭ᠎ᠠ ᠶᠢᠨ ᠰᠤᠳᠤᠯᠭᠠᠨ ᠢ ᠭᠦᠨᠵᠡᠭᠡᠶᠢᠷᠡᠭᠦᠯᠦᠨ᠂ ᠬᠥᠮᠦᠨ ᠤ ᠰᠡᠭᠦᠳᠡᠷ ᠢᠶᠠᠷ | ᠠᠵᠢᠯᠯᠠᠬᠤ ᠶᠢᠨ ᠨᠠᠷᠢᠯᠢᠭ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ | ᠵᠠᠩᠭᠢᠯᠠᠭ᠎ᠠ ᠶᠢᠨ ᠬᠤᠭᠤᠴᠠᠭᠠᠨ ᠳᠤ᠂ ᠬᠤᠭᠤᠰᠣᠨ ᠭᠠᠵᠠᠷ ᠢ ᠨᠢᠭᠡ ᠴᠣᠠᠠᠴᠠᠵᠢᠭᠤᠯᠥᠨ ᠠᠮᠢ ᠠᠬᠤᠶ ᠶᠢ ᠰᠡᠷᠭᠦᠭᠡᠬᠦ | ᠬᠡᠯᠪᠡᠷᠢ ᠶᠢᠨ ᠬᠥᠮᠦᠨ ᠤ ᠬᠦᠴᠦ ᠪᠠᠷ ᠪᠣᠷᠣᠭᠠᠨ ︵ᠴᠠᠰᠤ︶ ᠨᠡᠮᠡᠭᠳᠡᠭᠦᠯᠬᠦ ᠪᠠᠶᠢᠩᠭᠤᠵᠢᠭᠤᠯᠬᠤ ᠠᠵᠢᠯ ᠢ | ᠥᠷᠨᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ᠂ ᠴᠢᠬᠤᠯᠠ ᠶᠡᠭᠡ | ᠨᠡᠶᠢᠭᠡᠮ ᠤᠨ ᠠᠵᠢᠯᠯᠠᠭ᠎ᠠ ᠶᠢᠨ ᠪᠠᠲᠤᠯᠠᠭ᠎ᠠ᠂ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ ᠵᠡᠷᠭᠡ ᠬᠥᠮᠦᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠪᠠᠴᠢᠮ ᠪᠠᠶᠢᠳᠠᠯ ᠢ ᠠᠷᠭᠠᠴᠠᠬᠤ | ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠣᠷᠣᠨ ᠪᠦᠰᠡ | ᠠᠯᠤᠰᠯᠠᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠠᠭᠠᠨᠬᠤᠲᠠ ᠶᠢᠨ | ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠤᠪᠢᠶᠠᠷᠢ ᠺᠣᠮᠫᠠᠨᠢ᠂ ᠬᠢᠩᠭᠠᠨ ᠴᠡᠷᠢᠭ ᠤᠨ | ᠬᠤᠪᠢᠶᠠᠷᠢ ᠲᠣᠭᠤᠷᠢᠭ ᠤᠨ ᠪᠠᠶᠢᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠭᠠᠵᠠᠷ᠂ ᠵᠡᠪᠰᠡᠭᠲᠦ ᠴᠠᠭᠳᠠᠭ᠎ᠠ ᠶᠢᠨ | ᠬᠢᠩᠭᠠᠨ ᠰᠠᠯᠪᠤᠷᠢ ᠠᠩᠭᠢ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ | ︶ | 10. ᠠᠮᠤᠷ ᠲᠦᠪᠰᠢᠨ ᠢᠶᠠᠷ ᠠᠵᠢᠯᠯᠠᠬᠤ ᠪᠠ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠭᠰᠡᠨ᠂ ᠴᠡᠷᠢᠭ | ᠠᠩᠭᠢ ᠪᠠ ᠣᠷᠣᠨ ᠨᠤᠲᠤᠭ ᠬᠠᠮᠵᠢᠯᠴᠠᠭᠰᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠬᠥᠮᠦᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ | ᠲᠡᠭᠦᠯᠳᠡᠷᠵᠢᠭᠦᠯᠦᠨ᠎ᠡ᠃ ᠠᠵᠢᠯᠯᠠᠬᠤ ᠴᠡᠭ ᠢ ᠪᠠᠷᠢᠮᠵᠢᠶᠠᠵᠢᠭᠤᠯᠤᠨ ᠥᠭᠡᠷᠡᠴᠢᠯᠡᠬᠦ᠂ ᠠᠵᠢᠯᠯᠠᠬᠤ ᠲᠣᠨᠤᠭ | ᠲᠥᠬᠦᠭᠡᠷᠦᠮᠵᠢ ᠶᠢ ᠤᠶᠤᠨᠴᠢᠯᠠᠨ ᠥᠭᠡᠷᠡᠴᠢᠯᠡᠬᠦ ᠪᠠ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠲᠦᠷᠭᠡᠳᠬᠡᠵᠦ᠂ ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠦᠨ᠎ᠡ᠃ ᠬᠥᠮᠦᠨ ᠤ ᠰᠡᠭᠦᠳᠡᠷ ᠤᠨ ᠲᠣᠨᠣᠭᠯᠠᠯ ᠤᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ | ᠪᠠ ᠲᠡᠶᠢᠷᠦᠯᠲᠦ ᠰᠤᠮᠤ ᠶᠢᠨ ᠪᠣᠷᠣᠭᠠᠨ ᠨᠡᠮᠡᠭᠳᠡᠭᠦᠯᠬᠦ ᠠᠵᠢᠯ ᠢ ᠬᠢᠨᠠᠨ ᠡᠵᠡᠮᠳᠡᠵᠦ ᠵᠢᠯᠣᠭᠤᠳᠬᠤ ᠰᠢᠰᠲ᠋ᠧᠮ ᠢ | ᠪᠠᠶᠢᠭᠤᠯᠤᠨ᠎ᠠ᠃ ᠤᠯᠠᠨ ᠰᠠᠯᠠᠭ᠎ᠠ ᠮᠥᠴᠢᠷ ᠬᠤᠯᠪᠣᠭᠠᠯᠠᠭᠰᠠᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ᠎ᠠ᠃ ᠥᠷᠲᠡᠭᠡ ᠴᠡᠭ᠂ ᠲᠣᠨᠤᠭ ᠲᠥᠬᠦᠭᠡᠷᠦᠮᠵᠢ᠂ ᠠᠵᠢᠯᠲᠠᠨ᠂ ᠰᠤᠮᠤ ᠳᠠᠷᠢ | ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ | ᠶᠣᠰᠣᠭᠠᠷ ᠴᠢᠩᠭᠠᠳᠬᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠲᠤᠷᠠᠭᠰᠠᠨ ᠪᠠᠶᠢᠴᠠᠭᠠᠯᠲᠠ ᠪᠠ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ︵ᠠᠶᠢᠮᠠᠭ ᠤᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠴᠠᠭ | ᠠᠭᠤᠷ ᠤᠨ ᠲᠣᠪᠴᠢᠶ᠎ᠠ᠂ ᠤᠯᠠᠭᠠᠨᠬᠤᠲᠠ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ | ᠬᠤᠪᠢᠶᠠᠷᠢ ᠺᠣᠮᠫᠠᠨᠢ᠂ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠤᠨ ᠪᠠᠶᠢᠯᠳᠤᠭᠠᠨ ᠤ ᠪᠥᠲᠥᠭᠡᠨ | ᠪᠠᠶᠢᠭᠤᠯᠤᠯᠲᠠ ᠶᠢᠨ ᠭᠠᠵᠠᠷ᠂ ᠵᠡᠪᠰᠡᠭᠲᠦ ᠴᠠᠭᠳᠠᠭ᠎ᠠ ᠶᠢᠨ ᠬᠢᠩᠭᠠᠨ ᠰᠠᠯᠪᠤᠷᠢ ᠠᠩᠭᠢ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠲᠠᠪᠤ︶ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ | ᠠᠮᠢᠳᠤᠷᠠᠯ ᠳᠤ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 11. ︽ᠴᠠᠭ ᠠᠭᠤᠷ +︾ ᠡᠨᠧᠷᠭᠢ ᠣᠯᠭᠤᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠵᠠᠮ ᠬᠠᠷᠢᠯᠴᠠᠭᠠᠨ ᠤ | ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠶᠢᠨ ᠲᠣᠣᠷ ᠢ ᠬᠠᠮᠲᠤᠪᠠᠷ ᠪᠠᠶᠢᠭᠤᠯᠵᠤ᠂ ᠵᠠᠮ ᠬᠠᠷᠢᠯᠴᠠᠭᠠᠨ ᠤ ᠴᠠᠭ | ᠠᠭᠤᠷ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠤᠨ᠎ᠠ᠃ ᠶᠡᠭᠡ | ᠰᠠᠯᠬᠢᠨ᠂ ᠪᠣᠷᠣᠭᠠᠨ ︵ᠴᠠᠰᠤ︶᠂ ᠦᠵᠡᠭᠳᠡᠴᠡ ᠳᠣᠤᠷ᠎ᠠ᠂ ᠵᠠᠮ ᠳᠡᠭᠡᠷ᠎ᠡ ᠮᠥᠰᠥ ᠬᠥᠯᠳᠡᠬᠦ ᠵᠡᠷᠭᠡ ᠴᠠᠭ ᠠᠭᠤᠷ ᠢ | ᠶᠡᠭᠡ ᠪᠠᠷ ᠨᠥᠯᠥᠭᠡᠯᠡᠬᠦ ᠵᠠᠮ ᠬᠠᠷᠢᠯᠴᠠᠭᠠᠨ ᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠰᠡᠷᠡᠮᠵᠢᠯᠡᠭᠦᠯᠦᠯ ᠢ | ᠦᠢᠯᠡᠳᠦᠨ ᠨᠡᠶᠢᠲᠡᠯᠡᠨ᠎ᠡ᠃ ᠰᠠᠯᠬᠢᠨ ᠡᠨᠧᠷᠭᠢ᠂ ᠨᠡᠷᠡᠨ ᠡᠨᠧᠷᠭᠢ ᠶᠢᠨ ᠡᠬᠢ ᠪᠠᠶᠠᠯᠢᠭ ᠢ | ᠨᠠᠷᠢᠯᠢᠬᠵᠢᠭᠤᠯᠤᠨ ᠦᠨᠡᠯᠡᠨ ᠵᠢᠱᠢᠬᠦ ᠶᠢ ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ | ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠨ᠎ᠠ᠃ ᠠᠶᠤᠩᠭᠠᠲᠤ ᠪᠣᠷᠣᠭᠠᠨ᠂ ᠶᠡᠭᠡ ᠰᠠᠯᠬᠢ ᠵᠡᠷᠭᠡ ᠶᠡᠭᠡ | ᠨᠥᠯᠥᠭᠡ ᠲᠠᠢ ᠴᠠᠭ ᠠᠭᠤᠷ ᠤᠨ ᠴᠠᠬᠢᠯᠭᠠᠨ ᠬᠦᠴᠦ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠳᠤ | ᠦᠵᠡᠭᠦᠯᠬᠦ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠷᠠᠭᠤᠯᠤᠨ᠎ᠠ᠃ ᠪᠥᠬᠦ ᠠᠶᠢᠮᠠᠭ ᠤᠨ | ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠠᠵᠢᠯ ᠳᠤ ᠬᠦᠴᠦ ᠨᠡᠮᠡᠷᠢᠯᠡᠵᠦ᠂ ᠴᠠᠭ ᠠᠭᠤᠷ ᠤᠨ ᠣᠶᠤᠨᠴᠢ ᠤᠰᠤ | ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ᠂ ᠠᠭᠤᠷ ᠠᠮᠢᠰᠬᠤᠯ ᠤᠨ ᠡᠬᠢ ᠪᠠᠶᠠᠯᠢᠭ ᠤᠨ | ᠳᠤᠯᠠᠭᠠᠯᠠᠭ᠎ᠠ ᠢᠯᠴᠢ ᠬᠠᠩᠭᠠᠬᠤ ᠵᠡᠷᠭᠡ ᠬᠦᠷᠢᠶ᠎ᠡ ᠴᠠᠷᠠᠭ᠎ᠠ ᠳᠠᠬᠢ ᠰᠢᠨᠵᠢᠯᠡᠬᠦ ᠤᠬᠠᠭᠠᠨᠴᠢ ᠠᠰᠢᠭᠯᠠᠯᠲᠠ ᠶᠢ | ᠴᠢᠩᠭᠠᠷᠠᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠪᠣᠭᠤᠮᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | 12. ᠬᠤᠲᠠ ᠶᠢᠨ ᠠᠵᠢᠯᠯᠠᠭᠠᠨ ᠤ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠴᠠᠭ ᠠᠭᠤᠷ ᠢ ᠬᠠᠶᠢᠮᠢᠶᠠᠨ ᠬᠤᠳᠠ ᠶᠢᠨ ᠪᠦᠳᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ ᠠᠬᠢᠭᠤᠯᠵᠤ᠂ ᠴᠠᠭ | ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ︽ᠬᠤᠳᠠ ᠶᠢᠨ ᠶᠡᠭᠡ ᠲᠠᠷᠢᠬᠢ︾ ᠳᠤ ᠨᠠᠷᠢᠯᠢᠬᠵᠢᠭᠤᠯᠤᠨ | ᠣᠷᠣᠭᠤᠯᠤᠨ᠎ᠠ᠃ ᠬᠤᠳᠠ ᠶᠢᠨ ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠶᠢᠨ ᠲᠣᠣᠷ ᠢ ᠪᠠᠶᠢᠭᠤᠯᠵᠤ᠂ | ᠬᠤᠳᠠ ᠶᠢᠨ ᠤᠰᠤᠲᠤᠯ ᠤᠨ ᠵᠠᠭᠪᠤᠷ ᠢ ᠰᠤᠳᠤᠯᠵᠤ᠂ ᠬᠤᠳᠠ ᠶᠢᠨ ᠤᠰᠤᠲᠤᠯ ᠤᠨ ᠴᠠᠭ ᠠᠭᠤᠷ ᠤᠨ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠬᠤᠳᠠ ᠶᠢᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠬᠤᠳᠠ ᠶᠢ ᠵᠠᠰᠠᠬᠤ᠂ | ᠤᠰᠤ ᠴᠠᠬᠢᠯᠭᠠᠨ ᠬᠠᠩᠭᠠᠬᠤ ᠢᠯᠴᠢ ᠬᠠᠩᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ | ᠨᠠᠷᠢᠯᠢᠬᠵᠢᠭᠤᠯᠤᠭᠰᠠᠨ ᠴᠠᠭ ᠠᠭᠤᠷ ᠤᠨ ᠦᠢᠯᠡᠴᠢᠯᠡᠭᠡ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ︵ᠠᠶᠢᠮᠠᠭ ᠤᠨ | ᠴᠠᠭ ᠠᠭᠤᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 13. ᠠᠷᠠᠳ ᠤᠨ ᠠᠮᠢᠳᠤᠷᠠᠯ ᠢ ᠪᠠᠲᠤᠯᠠᠬᠤ ᠴᠠᠭ ᠠᠭᠤᠷ ᠤᠨ ᠦᠢᠯᠡᠴᠢᠯᠡᠭᠡ ᠶᠢ | ᠰᠠᠶᠢᠲᠤᠷ ᠬᠢᠨ᠎ᠠ᠃ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠳᠤ | ᠴᠠᠭ ᠠᠭᠤᠷ ᠤᠨ ᠦᠢᠯᠡᠴᠢᠯᠡᠭᠡᠨ ᠤ ᠦᠢᠯᠡᠳᠭᠦᠨ ᠤ ᠲᠥᠷᠥᠯ ᠵᠦᠶ᠋ᠯ ᠢ | ᠪᠠᠶᠠᠯᠢᠭᠵᠢᠭᠤᠯᠵᠤ᠂ ᠴᠠᠭ ᠠᠭᠤᠷ ᠤᠨ ᠦᠢᠯᠡᠴᠢᠯᠡᠭᠡᠨ ᠤ | ᠦᠢᠯᠡᠳᠭᠦᠨ ᠤ ᠴᠠᠭ ᠵᠠᠶ ᠶᠢᠨ ᠢᠯᠭᠠᠮᠵᠢ ᠶᠢ ᠳᠡᠭᠡᠭᠰᠢᠯᠡᠭᠦᠯᠦᠨ᠂ ᠠᠷᠠᠳ ᠣᠯᠠᠨ ᠤ ᠠᠮᠢᠳᠤᠷᠠᠯ᠂ | ᠡᠷᠡᠭᠦᠯ ᠮᠡᠨᠳᠦ ᠰᠤᠪᠢᠯᠠᠯᠲᠠ᠂ ᠰᠡᠯᠡᠭᠦᠴᠡᠯ᠂ ᠵᠢᠭᠤᠯᠴᠢᠯᠠᠯ ᠵᠡᠷᠭᠡ ᠶᠢᠨ ᠣᠯᠠᠨ ᠡᠰᠢᠵᠢᠭᠰᠡᠨ᠂ ᠥᠪᠡᠷᠮᠢᠴᠡᠵᠢᠭᠰᠡᠨ | ᠪᠠ ᠨᠠᠷᠢᠯᠢᠬᠵᠢᠭᠰᠠᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ ᠴᠠᠭ ᠠᠭᠤᠷ ᠤᠨ | ᠦᠢᠯᠡᠳᠬᠦᠨ ᠢ ᠠᠶᠠᠨᠳᠠᠭᠠᠨ ᠪᠤᠢ ᠪᠣᠯᠭᠠᠬᠤ ᠪᠠ ᠨᠠᠷᠢᠯᠢᠭ ᠣᠨᠣᠴᠠᠲᠠᠶ ᠪᠠᠷ ᠬᠦᠷᠭᠡᠬᠦ ᠲᠤᠬᠠᠶᠢᠯᠠᠭᠰᠠᠨ ᠠᠵᠢᠯ ᠢ | ᠬᠥᠭᠵᠢᠭᠦᠯᠦᠨ᠎ᠡ᠃ ᠠᠶᠢᠮᠠᠭ᠂ ᠬᠤᠰᠢᠭᠤ ᠬᠤᠶᠠᠷ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠲᠠᠯᠠᠪᠠᠶ ᠣᠷᠳᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ | ᠣᠯᠠᠨ ᠨᠡᠶᠢᠲᠡ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠪᠠ | ᠭᠠᠮᠰᠢᠭ ᠢ ᠰᠡᠷᠭᠡᠶᠢᠯᠡᠬᠦ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ | ᠳᠡᠭᠡᠭᠰᠢᠯᠡᠭᠦᠯᠵᠦ᠂ ᠤᠯᠤᠰ ᠤᠨ ᠲᠠᠰ ᠤᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ︵ᠠᠶᠢᠮᠠᠭ ᠤᠨ ᠴᠠᠭ ᠠᠭᠤᠷ ᠤᠨ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | ᠃ | 14. ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠨ᠎ᠠ᠃ ᠵᠡᠭᠦᠨ | ᠬᠤᠶᠢᠲᠤ ᠣᠷᠣᠨ ᠦ ᠬᠦᠢᠳᠡᠨ ᠤᠢᠢᠯ ᠵᠡᠷᠭᠡ ᠴᠢᠬᠤᠯᠠ ᠴᠠᠭ ᠠᠭᠤᠷ ᠤᠨ ᠰᠢᠰᠲ᠋ᠧᠮ ᠤᠨ ᠡᠭᠦᠰᠴᠦ | ᠬᠤᠪᠢᠷᠠᠬᠤ ᠵᠢᠮ᠎ᠡ ᠶᠣᠰᠣᠨ ᠤ ᠰᠤᠳᠤᠯᠤᠯ ᠢ ᠥᠷᠨᠢᠭᠦᠯᠵᠦ᠂ ᠭᠠᠩ ᠬᠠᠭᠰᠠᠷᠭᠠᠨ᠂ ᠶᠡᠭᠡ ᠰᠠᠯᠬᠢ᠂ ᠰᠢᠷᠦᠭᠦᠨ | ᠪᠣᠷᠣᠭᠠᠨ ︵ᠴᠠᠰᠤ︶᠂ ᠬᠦᠢᠳᠡᠨ ᠤᠷᠤᠰᠬᠠᠯ ᠵᠡᠷᠭᠡ ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ | ᠲᠦᠭᠰᠢᠭᠦᠷᠢ ᠶᠢ ᠰᠡᠷᠡᠮᠵᠢᠯᠡᠭᠦᠯᠬᠦ ᠮᠡᠷᠭᠡᠵᠢᠯ ᠤᠨ ᠰᠤᠳᠤᠯᠤᠯ ᠢ ᠥᠷᠨᠢᠭᠦᠯᠦᠨ᠎ᠡ᠃ ᠠᠭᠤᠷ ᠠᠮᠢᠰᠬᠤᠯ ᠤᠨ | ᠬᠤᠪᠢᠷᠠᠯᠲᠠ ᠶᠢᠨ ᠪᠣᠳᠠᠲᠤ ᠬᠡᠷᠡᠭ ᠪᠠ ᠵᠢᠮ᠎ᠡ ᠶᠣᠰᠣᠨ ᠤ ᠵᠠᠳᠠᠯᠤᠯᠲᠠ ᠶᠢ ᠴᠢᠩᠭᠠᠳᠬᠠᠵᠤ᠂ ᠠᠭᠤᠷ ᠠᠮᠢᠰᠬᠤᠯ ᠤᠨ | ᠬᠤᠪᠢᠷᠠᠯᠲᠠ ᠶᠢᠨ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ᠂ ᠤᠰᠤᠨ ᠤ ᠡᠬᠢ ᠪᠠᠶᠠᠯᠢᠭ᠂ ᠠᠮᠢ ᠠᠬᠤᠶ ᠶᠢᠨ | ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠬᠦ ᠰᠤᠳᠤᠯᠭᠠᠨ ᠢ ᠲᠦᠯᠬᠢᠨ ᠠᠬᠢᠭᠤᠯᠤᠨ᠎ᠠ᠃ | ᠥᠨᠳᠥᠷ ᠬᠤᠪᠢᠳᠤ ᠳᠠᠭᠠᠭᠤᠯᠢ ᠤᠳᠤᠨ ᠤ ᠲᠤᠭ᠎ᠠ ᠪᠠᠷᠢᠮᠲᠠ ᠶᠢ ᠲᠦᠷᠭᠡᠨ ᠬᠦᠯᠢᠶᠡᠨ ᠠᠪᠴᠤ ᠰᠢᠢᠳᠪᠦᠷᠢᠯᠡᠬᠦ | ᠵᠠᠳᠠᠯᠤᠯᠲᠠ ᠬᠢᠬᠦ ᠬᠡᠷᠡᠭᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠬᠦ ᠶᠢ ᠲᠦᠷᠭᠡᠳᠬᠡᠨ᠎ᠡ᠃ ᠠᠮᠢ ᠠᠬᠤᠶ ᠶᠢᠨ ᠴᠠᠭ | ᠠᠭᠤᠷ ᠢ ᠦᠨᠡᠯᠡᠨ ᠵᠢᠱᠢᠵᠦ ᠦᠨᠡᠯᠡᠬᠦ ᠭᠦᠢᠴᠡᠳᠬᠡᠯ ᠲᠤᠭ᠎ᠠ ᠪᠠ ᠠᠷᠭ᠎ᠠ ᠶᠢ ᠲᠡᠭᠦᠯᠳᠡᠷᠵᠢᠭᠦᠯᠦᠨ᠎ᠡ᠃ ᠴᠠᠭ | ᠬᠤᠭᠤᠴᠠᠭ᠎ᠠ ᠪᠠ ᠣᠷᠣᠨ ᠵᠠᠶ ᠶᠢᠨ ᠢᠯᠭᠠᠮᠵᠢ ᠪᠠᠷ ᠥᠨᠳᠥᠷ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ | ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠬᠠᠷᠢᠭᠤᠴᠠᠨ᠎ᠠ︶ | 15. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠴᠠᠭ ᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠭᠤᠣᠯᠯᠠᠭᠴᠢ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ | ᠲᠣᠭᠲᠠᠴᠠ ᠶᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠨ ᠣᠷᠣᠨ ᠨᠤᠲᠤᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠦᠷᠦᠯ ᠵᠦᠢᠯ ᠲᠣᠭᠲᠠᠭᠠᠬᠤ ᠡᠷᠴᠢᠮ ᠢ ᠴᠢᠩᠭᠠᠷᠠᠭᠤᠯᠵᠤ᠂ ᠴᠠᠭ ᠠᠭᠤᠷ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠤᠨ᠎ᠠ᠃ | ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ | ᠭᠦᠨᠵᠡᠭᠡᠶ ᠠᠭᠤᠰᠤᠯᠴᠠᠭᠤᠯᠤᠭᠰᠠᠨ ᠰᠤᠳᠤᠯᠭᠠᠨ ᠤ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠰᠢᠨ᠎ᠡ ᠪᠠᠶᠢᠷᠢᠰᠢᠯ ᠢ | ᠪᠤᠢ ᠪᠣᠯᠭᠠᠨ᠎ᠠ᠃ ᠤᠶᠤᠨᠲᠤ ᠲᠠᠷᠢᠶᠠᠯᠠᠩ᠂ ᠴᠡᠪᠡᠷ ᠡᠨᠧᠷᠭᠢ ᠶᠢᠨ ᠠᠰᠢᠭᠯᠠᠯᠲᠠ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ᠂ ᠪᠥᠬᠦ ᠣᠷᠣᠨ ᠪᠦᠰᠡ ᠶᠢᠨ ᠵᠢᠭᠤᠯᠴᠢᠯᠠᠯ ᠵᠡᠷᠭᠡ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠤᠳᠤᠯᠤᠨ ᠨᠡᠭᠡᠭᠡᠬᠦ ᠪᠤᠶᠤ ᠣᠷᠣᠭᠤᠯᠵᠤ ᠢᠷᠡᠨ᠎ᠡ᠃ ︵ | ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠷᠢᠭᠤᠴᠠᠨ᠎ᠠ︶ | ︵ᠳᠣᠯᠤᠭ᠎ᠠ︶ ᠣᠲᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ | ᠤᠷᠢᠳᠴᠢᠯᠠᠨ ᠰᠡᠷᠡᠮᠵᠢᠯᠡᠭᠦᠯᠬᠦ ᠦᠶ᠋ᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 16. ᠨᠠᠷᠢᠯᠢᠭ ᠠᠵᠢᠭᠯᠠᠯᠲᠠ ᠶᠢ ᠬᠥᠭᠵᠢᠭᠦᠯᠦᠨ᠎ᠡ᠃ ᠴᠠᠭ ᠠᠭᠤᠷ ᠤᠨ ᠠᠵᠢᠭᠯᠠᠯᠲᠠ ᠶᠢᠨ ᠠᠦ᠋ᠲ᠋ᠣ᠋ | ᠥᠷᠲᠡᠭᠡ ᠶᠢᠨ ᠪᠠᠷᠢᠮᠵᠢᠶᠠᠵᠢᠭᠤᠯᠤᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠠᠮᠢ ᠠᠬᠤᠶ ᠶᠢᠨ | ᠰᠢᠰᠲ᠋ᠧᠮ᠂ ᠵᠠᠮ ᠬᠠᠷᠢᠯᠴᠠᠭ᠎ᠠ᠂ ᠰᠢᠨ᠎ᠡ ᠡᠨᠧᠷᠭᠢ ᠶᠢᠨ ᠰᠤᠷᠪᠤᠯᠵᠢ᠂ ᠵᠢᠭᠤᠯᠴᠢᠯᠠᠯ᠂ ᠤᠢ ᠰᠢᠭᠤᠶ᠂ ᠲᠠᠷᠢᠶᠠᠯᠠᠩ | ᠵᠡᠷᠭᠡ ᠲᠤᠰᠬᠠᠶ ᠮᠡᠷᠭᠡᠵᠢᠯ ᠤᠨ ᠴᠠᠭ ᠠᠭᠤᠷ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ | ᠴᠢᠩᠭᠠᠳᠬᠠᠨ᠎ᠠ᠃ ᠷᠠᠰᠢᠶᠠᠨ ᠬᠤᠲᠠ᠂ ᠤᠯᠠᠭᠠᠨᠬᠤᠲᠠ ᠶᠢᠨ ᠴᠠᠭ ᠠᠭᠤᠷ ᠤᠨ ᠷᠠᠳᠠᠷ ᠤᠨ ᠭᠠᠮᠰᠢᠭᠲᠤ ᠴᠠᠭ | ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠳᠤᠮᠳᠠᠬᠢ ᠦᠢᠯᠡᠳᠦᠯ ᠢ ᠪᠠᠳᠠᠷᠠᠭᠤᠯᠤᠨ᠎ᠠ᠃ ᠴᠠᠭ | ᠠᠭᠤᠷ ᠤᠨ ᠲᠤᠨᠤᠭ ᠲᠥᠬᠦᠭᠡᠷᠦᠮᠵᠢ ᠶᠢᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢ | ᠪᠥᠷᠢᠨᠰᠢᠬᠦᠯᠵᠤ᠂ ᠠᠶᠢᠮᠠᠭ ᠤᠨ ᠱᠠᠲᠤᠨ ᠤ ᠴᠠᠭ ᠠᠭᠤᠷ ᠤᠨ ᠮᠡᠷᠭᠡᠵᠢᠯ ᠤᠨ ᠲᠤᠨᠤᠭ ᠲᠥᠬᠦᠭᠡᠷᠦᠮᠵᠢ ᠶᠢᠨ | ᠪᠠᠲᠤᠯᠠᠭ᠎ᠠ ᠶᠢᠨ ᠲᠤᠷᠰᠢᠯᠲᠠ ᠶᠢᠨ ᠲᠠᠰᠤᠭ ᠠᠵᠢᠯ ᠲᠦᠷᠦᠯ ᠤᠨ ᠴᠠᠭ ᠠᠭᠤᠷ ᠤᠨ ᠠᠵᠢᠭᠯᠠᠯᠲᠠ ᠶᠢᠨ | ᠲᠥᠬᠦᠭᠡᠷᠦᠮᠵᠢ ᠶᠢ ᠬᠠᠷᠭᠤᠭᠤᠯᠤᠨ ᠲᠣᠭᠲᠠᠭᠠᠬᠤ ᠶᠢ ᠴᠠᠭ ᠠᠭᠤᠷ ᠤᠨ ᠲᠥᠬᠦᠭᠡᠷᠦᠮᠵᠢ ᠵᠢᠴᠢ ᠴᠠᠭ ᠠᠭᠤᠷ ᠢ | ᠬᠠᠶᠢᠨ ᠬᠡᠮᠵᠢᠵᠦ ᠣᠷᠴᠢᠨ ᠠᠬᠤᠶ ᠶᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ ︵ᠠᠶᠢᠮᠠᠭ ᠤᠨ ᠴᠠᠭ ᠠᠭᠤᠷ ᠤᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠤᠰᠤᠨ ᠰᠢᠨᠵᠢᠯᠡᠭᠡᠨ ᠤ ᠬᠠᠶᠢᠨ ᠬᠡᠮᠵᠢᠯᠲᠡ ᠶᠢᠨ ᠲᠣᠪᠴᠢᠶ᠎ᠠ | ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 17. ᠨᠠᠷᠢᠯᠢᠭ ᠣᠨᠣᠴᠠᠲᠠᠶ ᠪᠠᠷ ᠤᠷᠢᠳᠴᠢᠯᠠᠨ ᠮᠡᠳᠡᠭᠡᠯᠡᠬᠦ ᠶᠢ ᠬᠥᠭᠵᠢᠭᠦᠯᠦᠨ᠎ᠡ᠃ ᠲᠤᠭ᠎ᠠ | ᠬᠡᠮᠵᠢᠭᠳᠡᠯ ᠤᠨ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠦᠢᠯᠡᠳᠭᠦᠨ ᠢ ᠲᠠᠶᠢᠯᠪᠤᠷᠢᠯᠠᠨ ᠬᠡᠷᠡᠭᠯᠡᠬᠦ ᠪᠠ | ᠰᠢᠨᠵᠢᠯᠡᠬᠦ ᠤᠬᠠᠭᠠᠨᠴᠢ ᠪᠠᠷ ᠰᠢᠯᠭᠠᠨ ᠪᠠᠶᠢᠴᠠᠭᠠᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠴᠢᠩᠭᠠᠷᠠᠭᠤᠯᠤᠨ᠎ᠠ᠃ | ᠪᠤᠰᠤᠳᠴᠢ ᠴᠠᠭ ᠠᠭᠤᠷ ᠤᠨ ᠠᠭᠤᠷ ᠠᠮᠢᠰᠬᠤᠯ ᠤᠨ ᠰᠢᠰᠲ᠋ᠧᠮ ᠬᠢᠭᠡᠳ ᠴᠠᠭ ᠠᠭᠤᠷ ᠤᠨ ᠡᠯᠧᠮᠧᠨ᠋ᠲ ᠤᠨ | ᠪᠦᠷᠢᠳᠬᠡᠯ ᠢ ᠬᠠᠷᠢᠯᠴᠠᠨ ᠤᠶᠠᠯᠳᠤᠭᠤᠯᠤᠭᠰᠠᠨ ᠠᠭᠤᠷ ᠠᠮᠢᠰᠬᠤᠯ ᠤᠨ ᠬᠠᠨᠳᠤᠰᠢ ᠶᠢᠨ ᠵᠢᠱᠢᠯᠲᠡ ᠶᠢ ᠥᠷᠨᠢᠭᠦᠯᠦᠨ᠎ᠡ | ᠃ ᠣᠬᠤᠷ ᠴᠠᠭ ᠤᠨ ᠣᠶᠢᠷ᠎ᠠ ᠬᠠᠪᠢ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ | ᠠᠵᠢᠯ ᠢ ᠴᠢᠩᠭᠠᠳᠬᠠᠵᠤ᠂ ᠰᠢᠷᠦᠭᠦᠨ ᠪᠣᠷᠣᠭᠠᠨ ︵ᠴᠠᠰᠤ︶᠂ ᠠᠶᠤᠩᠭᠠᠲᠤ ᠪᠣᠷᠣᠭᠠᠨ᠂ ᠶᠡᠭᠡ ᠰᠠᠯᠬᠢ᠂ ᠣᠬᠤᠷ | ᠴᠠᠭ ᠤᠨ ᠰᠢᠷᠦᠭᠦᠨ ᠪᠣᠷᠣᠭᠠᠨ ᠵᠡᠷᠭᠡ ᠭᠠᠮᠰᠢᠭᠲᠤ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ | ᠨᠣᠷᠮ᠎ᠠ ᠶᠢ ᠳᠡᠭᠡᠭᠰᠢᠯᠡᠭᠦᠯᠵᠦ᠂ ᠬᠦᠴᠦᠲᠡᠶ ᠰᠣᠯᠢᠭ ᠤᠷᠤᠰᠬᠠᠯ ᠤᠨ ᠴᠠᠭ ᠠᠭᠤᠷ ᠤᠨ ᠤᠷᠢᠳᠴᠢᠯᠠᠨ | ᠰᠡᠷᠡᠮᠵᠢᠯᠡᠭᠦᠯᠬᠦ ᠬᠡᠮᠵᠢᠶ᠎ᠡ ᠶᠢ 50 ᠮᠢᠨᠦ᠋ᠲ ᠠᠴᠠ ᠳᠡᠭᠡᠭᠰᠢ ᠳᠤ ᠬᠦᠷᠦᠭᠦᠯᠦᠨ᠎ᠡ᠃ ᠭᠠᠩ ᠬᠠᠭᠰᠠᠷᠭᠠᠨ᠂ ᠶᠡᠭᠡ | ᠰᠠᠯᠬᠢ᠂ ᠬᠦᠢᠳᠡᠨ ᠤᠷᠤᠰᠬᠠᠯ᠂ ᠰᠢᠷᠦᠭᠦᠨ ᠪᠣᠷᠣᠭᠠᠨ ︵ᠴᠠᠰᠤ︶᠂ ᠥᠨᠳᠥᠷ ᠳᠤᠯᠠᠭᠠᠨ ᠵᠡᠷᠭᠡ ᠭᠠᠮᠰᠢᠭᠲᠤ ᠴᠠᠭ | ᠠᠭᠤᠷ ᠤᠨ ᠠᠳᠠᠯᠢ ᠪᠤᠰᠤ ᠠᠵᠢᠯ ᠲᠦᠷᠤᠯ ᠳᠤ ᠦᠵᠡᠭᠦᠯᠬᠦ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠠᠶᠤᠯ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠤᠶᠤᠨᠲᠤ | ᠰᠦᠯᠵᠢᠶᠡᠨ ᠤ ᠤᠷᠢᠳᠴᠢᠯᠠᠨ ᠮᠡᠳᠡᠭᠡᠯᠡᠬᠦ ᠪᠦᠲᠦᠭᠡᠭᠳᠡᠬᠦᠨ ᠤ ᠵᠠᠳᠠᠯᠤᠨ ᠰᠢᠨᠵᠢᠬᠦ ᠬᠡᠷᠡᠭᠯᠡᠭᠡᠨ ᠤ ᠲᠠᠪᠴᠠᠩ ᠢ | ᠪᠠᠶᠢᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ ᠬᠠᠷᠢᠭᠤᠴᠠᠨ᠎ᠠ︶ | 18. ᠨᠠᠷᠢᠯᠢᠭ ᠦᠢᠯᠡᠴᠢᠯᠡᠭᠡ ᠶᠢ ᠬᠥᠭᠵᠢᠭᠦᠯᠦᠨ᠎ᠡ᠃ ᠨᠥᠯᠥᠭᠡᠯᠡᠯ ᠳᠤ ᠰᠠᠭᠤᠷᠢᠯᠠᠭᠰᠠᠨ ᠰᠢᠢᠳᠪᠦᠷᠢᠳᠦ | ᠪᠤᠳᠤᠯᠭ᠎ᠠ ᠶᠢᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠵᠦ᠂ ᠭᠠᠮᠰᠢᠭ ᠤᠨ ᠲᠦᠷᠦᠯ ᠵᠦᠢᠯ ᠪᠠ | ᠬᠡᠷᠡᠭᠯᠡᠭᠴᠢᠳ ᠤᠨ ᠲᠦᠷᠦᠯ ᠵᠦᠢᠯ ᠬᠤᠪᠢᠶᠠᠭᠰᠠᠨ ᠰᠢᠢᠳᠪᠦᠷᠢᠳᠦ ᠪᠤᠳᠤᠯᠭ᠎ᠠ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠢᠳᠪᠦᠷᠢᠳᠦ ᠪᠣᠳᠣᠯᠭ᠎ᠠ ᠲᠣᠭᠲᠠᠭᠠᠬᠤ ᠦᠢᠯᠡᠴᠢᠯᠡᠭᠡᠨ ᠤ | ᠦᠢᠯᠡᠳᠭᠦᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠰᠢᠢᠳᠪᠦᠷᠢᠳᠦ ᠪᠣᠳᠣᠯᠭ᠎ᠠ ᠲᠣᠭᠲᠠᠭᠠᠬᠤ | ᠦᠢᠯᠡᠴᠢᠯᠡᠭᠡᠨ ᠤ ᠦᠢᠯᠡᠳᠭᠦᠨ ᠢ ᠨᠡᠶᠢᠲᠡᠯᠡᠬᠦ ᠠᠷᠭ᠎ᠠ ᠵᠠᠮ ᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠴᠠᠭ | ᠠᠭᠤᠷ ᠤᠨ ᠦᠢᠯᠡᠴᠢᠯᠡᠭᠡᠨ ᠤ ᠦᠢᠯᠡᠳᠭᠦᠨ ᠪᠠ ᠦᠶ᠋ᠯᠡᠴᠢᠯᠡᠭᠡ ᠬᠠᠩᠭᠠᠬᠤ ᠠᠷᠭ᠎ᠠ ᠮᠠᠶ᠋ᠢᠭ ᠤᠨ ᠣᠯᠠᠨ ᠡᠰᠢᠵᠢᠬᠦ ᠶᠢ | ᠠᠬᠢᠭᠤᠯᠵᠤ᠂ ᠣᠶᠤᠨᠴᠢᠯᠠᠭᠰᠠᠨ᠂ ᠬᠡᠷᠡᠭᠴᠡᠭᠡ ᠶᠣᠰᠣᠭᠠᠷ ᠬᠦᠷᠭᠡᠭᠰᠡᠨ ᠣᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡᠨᠤ ᠰᠢᠨ᠎ᠡ ᠵᠠᠭᠪᠤᠷ ᠢ ᠪᠣᠶ ᠪᠣᠯᠭᠠᠨ᠎ᠠ᠃ ᠵᠢᠷᠤᠮᠵᠢᠭᠰᠠᠨ ᠥᠨᠳᠥᠷ ᠪᠦᠲᠦᠮᠵᠢᠲᠡᠶ ᠲᠤᠰᠬᠠᠶ ᠴᠠᠭ | ᠠᠭᠤᠷ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠲᠤᠰᠬᠠᠶ ᠴᠠᠭ | ᠠᠭᠤᠷ ᠤᠨ ᠦᠶ᠋ᠯᠡᠴᠢᠯᠡᠭᠡᠨ ᠢ ᠵᠢᠷᠤᠮᠵᠢᠭᠤᠯᠬᠤ᠂ ᠴᠤᠪᠤᠷᠠᠭᠤᠯᠬᠤ᠂ ᠲᠤᠬᠠᠶᠢᠯᠠᠭᠰᠠᠨ ᠠᠵᠢᠯ ᠤᠨ ᠪᠣᠯᠭᠠᠬᠤ ᠶᠢ | ᠠᠬᠢᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ ᠬᠠᠷᠢᠭᠤᠴᠠᠨ᠎ᠠ︶ | 19. ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠴᠠᠭ ᠠᠭᠤᠷ ᠤᠨ | ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠪᠠᠶᠢᠷᠢᠰᠢᠯ ᠢ ᠰᠢᠯᠢᠳᠡᠭᠵᠢᠭᠦᠯᠵᠦ᠂ ᠴᠠᠭ ᠠᠭᠤᠷ ᠤᠨ ᠮᠡᠳᠡᠭᠡ | ᠵᠠᠩᠭᠢ ᠶᠢᠨ ᠳᠠᠮᠵᠢᠭᠤᠯᠬᠤ ᠬᠤᠷᠳᠤᠴᠠ ᠶᠢ ᠳᠡᠭᠡᠭᠰᠢᠯᠡᠭᠦᠯᠦᠨ᠎ᠡ᠃ ᠬᠢᠩᠭᠠᠨ ᠠᠶᠢᠮᠠᠭ ᠤᠨ ᠲᠣᠮᠣ ᠳ᠋ᠠᠶᠢᠲ᠋ᠠ ᠶᠢᠨ | ᠲᠥᠪ ᠤᠨ ᠡᠬᠢ ᠪᠠᠶᠠᠯᠢᠭ ᠢ ᠭᠦᠢᠴᠡᠳ ᠬᠡᠷᠡᠭᠯᠡᠵᠦ᠂ ᠴᠠᠭ ᠠᠭᠤᠷ ᠤᠨ ᠳ᠋ᠠᠶᠢᠲ᠋ᠠ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ ᠬᠡᠷᠡᠭᠯᠡᠭᠡᠨ ᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠠᠯᠠᠭ᠎ᠠ ᠮᠥᠴᠢᠷ ᠤᠨ ᠬᠤᠭᠤᠷᠣᠨᠳᠣᠬᠢ ᠴᠠᠭ ᠠᠭᠤᠷ ᠤᠨ | ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠴᠠᠭ ᠠᠭᠤᠷ ᠤᠨ | ᠮᠡᠳᠡᠭᠡ ᠵᠠᠩᠭᠢ ᠶᠢᠨ ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ᠂ | ᠰᠦᠯᠵᠢᠶᠡᠨ ᠤ ᠠᠮᠤᠷ ︽ᠡᠭᠦᠯᠡᠨ + ᠦᠵᠦᠭᠦᠷ︾ ᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠰᠢᠰᠲ᠋ᠧᠮᠵᠢ ᠶᠢ | ᠪᠦᠷᠢᠨᠰᠢᠭᠦᠯᠦᠨ᠎ᠡ᠃ ᠲᠣᠭᠠᠴᠢᠯᠠᠭᠰᠠᠨ ᠠᠵᠤ ᠠᠬᠤᠶ ᠶᠢᠨ ᠰᠢᠨ ᠰᠢᠩ ᠠᠨ ᠤ ᠪᠥᠲᠥᠭᠡᠨ ᠪᠠᠶᠢᠭᠤᠯᠤᠯᠲᠠ ᠳᠤ | ᠢᠳᠡᠪᠬᠢᠲᠡᠶ ᠠᠭᠤᠰᠤᠯᠴᠠᠵᠤ᠂ ᠤᠶᠤᠨᠴᠢᠯᠠᠭᠰᠠᠨ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠲᠣᠮᠣ ᠳ᠋ᠠᠶᠢᠲ᠋ᠠ ᠶᠢᠨ ᠲᠥᠪ᠂ ᠰᠢᠯᠵᠢᠮᠡᠯ ᠬᠤᠯᠪᠣᠭᠠᠨ ᠤ ᠺᠣᠮᠫᠠᠨᠢ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ | ᠴᠠᠬᠢᠯᠭᠠᠨ ᠬᠤᠯᠪᠣᠭᠠᠨ ᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠭᠠᠵᠠᠷ ᠣᠷᠣᠨ ᠤ ᠴᠠᠭ ᠠᠭᠤᠷ ᠤᠨ ᠦᠢᠯᠡᠰ ᠤᠨ | ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠢᠨᠠᠮᠠᠭᠠᠶ ᠰᠤᠳᠤᠯᠤᠨ ᠰᠢᠢᠳᠪᠦᠷᠢᠯᠡᠵᠦ᠂ ᠵᠣᠬᠢᠶᠠᠨ | ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠲᠣᠭᠲᠠᠭᠠᠵᠤ᠂ ᠡᠭᠦᠷᠭᠡ ᠶᠢᠨ ᠬᠡᠷᠡᠭᠵᠢᠭᠦᠯᠦᠯᠲᠡ ᠶᠢ ᠠᠬᠢᠭᠤᠯᠤᠨ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠷᠠᠭᠤᠯᠵᠤ᠂ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠨᠡᠶᠢᠯᠡᠮᠡᠯ ᠬᠦᠴᠦᠨ ᠢ ᠪᠣᠶ ᠪᠣᠯᠭᠠᠵᠤ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠣᠷᠣᠨ ᠨᠤᠲᠤᠭ ᠤᠨ ᠡᠳ᠋ ᠤᠨ | ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠵᠠᠷᠤᠳᠠᠯ ᠤᠨ ᠣᠷᠣᠭᠤᠯᠤᠯᠲᠠ ᠶᠢᠨ ᠴᠠᠭ ᠠᠭᠤᠷ ᠤᠨ ᠰᠠᠯᠠᠭ᠎ᠠ ᠮᠥᠴᠢᠷ ᠤᠨ ᠠᠵᠢᠯᠲᠠᠨ | ᠠᠵᠢᠯᠴᠢᠨ ᠤ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠬᠠᠷᠢᠶ᠎ᠠ | ᠣᠷᠣᠨᠴᠢᠯᠠᠭᠰᠠᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠳᠠᠯᠢ ᠬᠤᠲᠠ ᠳᠤ | ᠠᠳᠠᠯᠢ ᠣᠯᠭᠤᠮᠵᠢ ᠣᠯᠭᠤᠬᠤ ᠶᠢ ᠪᠡᠶᠡᠯᠡᠭᠦᠯᠦᠨ᠎ᠡ᠃ ᠴᠠᠭ ᠠᠭᠤᠷ ᠤᠨ ᠦᠢᠯᠡᠰ ᠤᠨ ᠠᠵᠢᠯᠯᠠᠭᠠᠨ ᠪᠠ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠲᠥᠰᠦᠪ ᠲᠤ ᠣᠷᠣᠭᠤᠯᠵᠤ᠂ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠳᠡᠮᠵᠢᠨ᠎ᠡ᠃ | ︵ᠭᠤᠷᠪᠠ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ | ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠶᠤᠩᠭ᠎ᠠ ᠴᠠᠬᠢᠯᠭᠠᠨ ᠤ ᠭᠠᠮᠰᠢᠭ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠨᠠᠶᠢᠳᠠᠪᠤᠷᠢᠵᠢᠭᠤᠯᠤᠨ᠎ᠠ᠃ ᠴᠠᠭ ᠠᠭᠤᠷ ᠤᠨ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠠ ᠨᠠᠶᠢᠳᠠᠪᠤᠷᠢᠵᠢᠭᠤᠯᠤᠨ ᠬᠡᠷᠡᠭᠯᠡᠬᠦ ᠠᠵᠢᠯ ᠢ ᠴᠢᠩᠭᠠᠳᠬᠠᠨ᠎ᠠ᠃ | ︵ᠳᠥᠷᠪᠡ︶ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠠᠭᠤᠷ ᠤᠨ ᠴᠢᠳᠠᠪᠤᠷᠢᠲᠠᠨ ᠢ ᠬᠢᠩᠭᠠᠨ | ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ | ᠰᠢᠰᠲ᠋ᠧᠮᠵᠢ ᠳᠤ ᠣᠷᠣᠭᠤᠯᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ ᠠᠵᠢᠯ ᠤᠨ | ᠪᠠᠶᠢᠷᠢ ᠶᠢᠨ ᠣᠯᠭᠤᠮᠵᠢ᠂ ᠠᠮᠢᠳᠤᠷᠠᠯ ᠤᠨ ᠪᠠᠲᠤᠯᠠᠭ᠎ᠠ ᠵᠡᠷᠭᠡ ᠬᠠᠮᠢᠶ᠎ᠠ ᠪᠥᠬᠦᠶ ᠣᠯᠭᠤᠮᠵᠢ ᠶᠢ ᠨᠠᠶᠢᠳᠠᠪᠤᠷᠢᠵᠢᠭᠤᠯᠤᠨ᠎ᠠ | ᠃ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠣᠷᠣᠨ ᠨᠤᠲᠤᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠴᠠᠭ ᠠᠭᠤᠷ ᠬᠢᠭᠡᠳ ᠠᠵᠢᠯ ᠲᠥᠷᠥᠯ ᠤᠨ ᠰᠠᠯᠠᠭ᠎ᠠ ᠮᠥᠴᠢᠷ᠂ ᠳᠡᠭᠡᠳᠦ ᠰᠤᠷᠭᠠᠭᠤᠯᠢ | ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠣᠯᠠᠨ ᠬᠦᠷᠢᠶ᠎ᠡ ᠴᠠᠷᠠᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠠᠮ ᠬᠡᠯᠪᠡᠷᠢ ᠶᠢᠨ ᠴᠠᠭ ᠠᠭᠤᠷ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ | ︵ᠲᠠᠪᠤ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ ᠠᠶᠢᠮᠠᠭ ᠤᠨ ᠴᠠᠭ ᠠᠭᠤᠷ ᠤᠨ ᠲᠣᠪᠴᠢᠶ᠎ᠠ ᠪᠣᠯᠤᠨ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠴᠠᠭ ᠠᠭᠤᠷ ᠤᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠠᠮᠢᠶ᠎ᠠ ᠪᠥᠬᠦᠶ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠦᠷ᠎ᠡ ᠪᠦᠲᠦᠮᠵᠢ ᠶᠢ ᠨᠢ | ᠠᠰᠠᠭᠤᠵᠤ᠂ ᠠᠵᠢᠯ ᠤᠨ ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠳᠣᠭᠢᠷᠠᠭᠤᠯᠤᠨ ᠦᠨᠡᠯᠡᠨ ᠵᠢᠱᠢᠬᠦ ᠶᠢ | ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ | |