ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/6
  6 ᠳ᠋ᠤᠭᠠᠷ ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠣᠮᠣ ᠢᠳᠡᠭᠡᠨ ᠤ ᠦᠵᠡᠯᠲᠡ ᠶᠢ  ᠦᠢᠯᠡᠳᠦᠯᠭᠡᠵᠢᠭᠦᠯᠦᠨ ᠣᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ ᠬᠡᠷᠡᠭᠵᠢᠭᠦᠯᠬᠦ ᠲᠥᠰᠦᠯ ︵2023 — 2025 ᠣᠨ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ︽ᠠᠵᠤ  ᠦᠢᠯᠡᠰ ᠤᠨ ᠬᠡᠯᠬᠢᠶ᠎ᠡ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ  ᠤᠨ  ᠱᠠᠨᠰᠢ ᠮᠤᠵᠢ ᠶᠢᠨ ᠨᠠᠮ ᠤᠨ  ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠱᠠᠨ ᠰᠢ ᠶᠢᠨ ᠶᠦᠨ ᠴᠧᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠲᠤᠭᠤᠰᠢᠯᠠᠭᠤᠯᠬᠤ ᠬᠡᠷᠡᠭᠲᠡᠢ᠃ ᠮᠠᠨ ᠤ ᠠᠶᠢᠮᠠᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠭᠤᠤᠯ ᠰᠢᠪᠲᠤᠯᠤᠯᠲᠠ ᠶᠢᠨ ᠴᠢᠭᠯᠡᠯ ᠢᠶᠠᠨ ᠲᠣᠳᠣᠷᠬᠠᠶᠢᠯᠠᠨ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠳᠥᠯᠭᠢᠨ ᠠᠬᠢᠭᠤᠯᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠵᠡᠷᠭᠡ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ  ᠵᠦᠢᠯ ᠤᠨ ᠠᠵᠢᠯ  ᠦᠢᠯᠡᠰ ᠤᠨ ᠲᠠᠰᠤᠷᠠᠯᠲᠠ ᠥᠬᠡᠶ ᠰᠢᠨ᠎ᠡ ᠰᠢᠪᠲᠤᠯᠤᠯᠲᠠ ᠲᠠᠢ ᠪᠣᠯᠬᠤ ᠶᠢ ᠳᠥᠯᠭᠢᠨ ᠠᠬᠢᠭᠤᠯᠬᠤ ᠬᠡᠷᠡᠭᠲᠡᠶ  ᠭᠡᠪᠡ᠃    ᠬᠤᠷᠠᠯ ᠠᠴᠠ  ᠴᠢᠩᠭᠠᠳᠬᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠤᠮᠤ ᠢᠳᠡᠭᠡᠨ ᠤ ᠦᠵᠡᠯᠲᠡ ᠶᠢ ᠪᠠᠲᠤ ᠪᠤᠢ ᠪᠣᠯᠭᠠᠵᠤ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠨ ᠭᠠᠵᠠᠷ᠂ ᠭᠤᠣᠯ ᠮᠥᠷᠡᠨ ᠨᠠᠭᠤᠷ ᠴᠥᠭᠦᠷᠥᠮ᠂ ᠤᠢ ᠰᠢᠭᠤᠢ᠂ ᠲᠠᠯ᠎ᠠ ᠨᠤᠲᠤᠭ ᠤᠨ ᠢᠳᠡᠭᠡᠨ ᠤ ᠡᠬᠢ ᠪᠠᠶᠠᠯᠢᠭ ᠢ ᠪᠦᠬᠦ ᠲᠠᠯ᠎ᠠ ᠪᠠᠷ ᠨᠡᠭᠡᠭᠡᠨ ᠬᠥᠭᠵᠢᠭᠦᠯᠵᠦ᠂ ᠮᠠᠨ ᠤ ᠠᠶᠢᠮᠠᠭ ᠤᠨ ᠢᠳᠡᠭᠡᠨ ᠤ ᠪᠠᠲᠤᠯᠠᠪᠤᠷᠢ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠠᠶᠢᠮᠠᠭ ᠤᠨ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ  ᠵᠦᠢᠯ  ᠤᠨ ᠰᠢᠢᠳᠪᠦᠷᠢᠳᠦ ᠪᠣᠳᠣᠯᠭ᠎ᠠ ᠶᠢᠨ ᠬᠠᠮᠢᠶᠠᠷᠤᠯᠲᠠ ᠶᠢᠨ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ ᠂ ᠪᠠᠯᠠ ᠣᠷᠣᠭᠤᠯᠤᠯᠲᠠ ᠶᠢᠨ  ᠰᠢᠢᠳᠪᠦᠷᠢᠳᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠪᠠ ᠲᠥᠷᠥᠯ  ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠯᠠ ᠮᠥᠩᠭᠦ ᠶᠢ ᠦᠨᠡᠨᠬᠦ ᠰᠠᠶᠢᠲᠤᠷ ᠬᠡᠷᠡᠭᠯᠡᠵᠦ᠂ ᠠᠮᠢᠳᠤᠯᠢᠭ ᠬᠡᠷᠡᠭᠯᠡᠵᠦ᠂  ᠭᠦᠢᠴᠡᠳ ᠬᠡᠷᠡᠭᠯᠡᠬᠦ ᠬᠡᠷᠡᠭᠲᠡᠶ᠃ ᠶᠡᠭᠡ ᠰᠤᠷᠭᠠᠭᠤᠯᠢ ᠲᠡᠭᠦᠰᠦᠭᠰᠡᠨ ᠤᠶᠤᠲᠠᠳ ᠤᠨ ᠴᠡᠷᠢᠭ ᠤᠨ ᠠᠯᠪᠠᠨ ᠳᠤ ᠡᠯᠰᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠷᠢᠭ ᠡᠯᠰᠡᠬᠦ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ  ᠭᠡᠪᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠷᠠᠭᠤᠯᠤᠨ᠂ ᠤᠯᠠᠮᠵᠢᠯᠠᠯᠲᠤ ᠠᠵᠤ  ᠦᠢᠯᠡᠰ ᠤᠨ ᠲᠠᠰ ᠳᠡᠪᠰᠢᠬᠦ᠂ ᠠᠵᠤ  ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ  ᠦᠢᠯᠡᠰ ᠤᠨ ᠳᠤᠲᠠᠭᠤᠳᠠᠯ ᠢ ᠨᠥᠬᠦᠪᠥᠷᠢᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠵᠤ᠂ ᠳᠠᠪᠠᠭᠤᠯᠢᠭ ᠤᠨᠴᠠᠯᠢᠭᠳᠤ ᠠᠵᠤ  ᠦᠢᠯᠡᠰ ᠤᠨ ᠰᠦᠷᠦᠭᠵᠢᠯ ᠤᠨ ᠲᠥᠪᠯᠡᠷᠡᠨ ᠬᠥᠭᠵᠢᠬᠦ ᠶᠢ ᠠᠬᠢᠭᠤᠯᠤᠨ᠂ ᠨᠠᠩ ᠥᠨᠳᠥᠷ ᠲᠠᠰ ᠳᠠᠪᠬᠤᠷᠭ᠎ᠠ ᠶᠢᠨ ᠡᠨᠧᠷᠭᠢ ᠶᠢᠨ ᠲᠠᠰ ᠤᠨ ᠠᠵᠤ  ᠦᠢᠯᠡᠰ ᠤᠨ ᠬᠥᠭᠵᠢᠯᠲᠡ ᠪᠠᠷ ᠮᠠᠯᠴᠢᠨ ᠲᠠᠷᠢᠶᠠᠴᠢᠨ ᠤ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠬᠡᠷᠡᠭᠲᠡᠢ ᠭᠡᠪᠡ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ  ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠠᠶᠢᠴᠠᠭᠠᠨ ᠰᠤᠳᠤᠯᠤᠯᠲᠠ ᠶᠢᠨ ᠬᠠᠮᠢᠶ᠎ᠠ ᠪᠦᠬᠦᠢ ᠶᠠᠪᠤᠳᠠᠯ ᠢ ᠲᠤᠬᠢᠷᠠᠭᠤᠯᠤᠨ ᠪᠠᠶᠢᠷᠢᠯᠠᠭᠤᠯᠵᠠᠢ᠃                                                        
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号