ᠰᠦᠬᠡ ᠨᠢᠭᠡ ᠪᠦᠯᠦᠭ ᠤᠨ ᠬᠢᠨ ᠳᠤᠮᠳᠠᠳᠤ ᠤᠯᠤᠰ ᠤᠨ ᠬᠠᠮᠲᠤᠷᠠᠭᠰᠠᠨ ᠬᠦᠨᠳᠦ ᠬᠡᠯᠪᠡᠷᠢ ᠶᠢᠨ ᠰᠢᠲᠠᠮᠠᠬᠠᠢ ᠬᠡᠢ ᠶᠢᠨ ᠲᠦᠷᠪᠢᠨ ᠤ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠵᠤ ᠵᠣᠯᠭᠠᠭᠤᠯᠪᠠ
ᠨᠡᠶᠢᠲᠡᠯᠡᠭᠰᠡᠨ ᠴᠠᠭ᠄
2023/6/6
   6 ᠰᠠᠷ᠎ᠠ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠩᠭᠢ ᠳᠠᠭᠠᠭᠤᠯᠤᠨ ᠳᠤᠮᠳᠠᠳᠤ ᠤᠯᠤᠰ ᠤᠨ ᠬᠠᠮᠲᠤᠷᠠᠭᠰᠠᠨ ᠬᠦᠨᠳᠦ ᠬᠡᠯᠪᠡᠷᠢ ᠶᠢᠨ ᠰᠢᠲᠠᠮᠠᠬᠠᠶ ᠬᠡᠢ ᠶᠢᠨ ᠲᠦᠷᠪᠢᠨ ᠤ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠬᠡᠷᠡᠭ ᠮᠡᠳᠡᠭᠴᠢᠳ ᠤᠨ ᠳᠠᠷᠤᠭ᠎ᠠ ᠱᠦ ᠭᠦᠸᠧ ᠭᠠᠩ ᠵᠢᠴᠢ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ᠂ ᠺᠦᠨᠯᠦ᠋ᠨ ᠤᠰᠤᠲᠥ᠋ᠷᠥᠭᠴᠢ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠢ ︽ᠲᠠᠪᠤᠨ ᠶᠡᠭᠡ ᠡᠭᠦᠷᠭᠡ︾ ᠶᠢ ᠳᠥᠯᠭᠢᠨ ᠠᠬᠢᠭᠤᠯᠵᠤ ᠠᠮᠵᠢᠯᠲᠠ ᠪᠦᠲᠦᠮᠵᠢ ᠭᠠᠷᠭᠠᠬᠤ᠂ ︽ᠥᠪᠥᠷ ᠮᠣᠩᠭᠤᠯ ᠤᠨ ᠵᠡᠭᠦᠨ ᠬᠡᠰᠡᠭ ᠤᠨ ᠰᠢᠨ᠎ᠡ ᠠᠵᠤ ᠠᠬᠤᠶ ᠶᠢᠨ ᠠᠵᠤ ᠦᠢᠯᠡᠰ ᠤᠨ ᠪᠦᠰᠡ︾ ᠶᠢ ᠬᠠᠮᠲᠤ ᠪᠠᠷ ᠴᠣᠭᠴᠠᠯᠠᠬᠤ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢ ᠳᠥᠯᠭᠢᠨ ᠠᠬᠢᠭᠤᠯᠬᠤ᠂ ᠰᠢᠲᠠᠮᠠᠬᠠᠶ ᠬᠡᠶ ᠶᠢᠨ ᠲᠦᠷᠪᠢᠨ ᠤ ᠵᠢᠱᠢᠶ᠎ᠡ ᠦᠵᠡᠭᠦᠯᠬᠦ ᠴᠠᠬᠢᠯᠭᠠᠨ ᠥᠷᠲᠡᠭᠡ ᠶᠢᠨ ᠲᠥᠷᠥᠯ ᠵᠦᠢᠯ ᠢ ᠪᠥᠲᠥᠭᠡᠨ ᠪᠠᠶᠢᠭᠤᠯᠬᠤ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠃    ᠬᠤᠷᠠᠯ ᠳᠡᠭᠡᠷ᠎ᠡ᠂ ᠠᠶᠢᠮᠠᠭ ᠤᠨ ᠵᠠᠬᠢᠷᠭ᠎ᠠ  ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠬᠠᠮᠲᠤᠷᠠᠭᠰᠠᠨ ᠬᠦᠨᠳᠦ ᠬᠡᠯᠪᠡᠷᠢ ᠶᠢᠨ ᠰᠢᠲᠠᠮᠠᠬᠠᠢ ᠬᠡᠢ ᠶᠢᠨ ᠲᠦᠷᠪᠢᠨ ᠤ ᠮᠡᠷᠭᠡᠵᠢᠯ ᠤᠨ ᠬᠢᠵᠠᠭᠠᠷᠲᠤ ᠺᠣᠮᠫᠠᠨᠢ᠂ ᠺᠦᠨᠯᠦ᠋ᠨ ᠤᠰᠤᠲᠥ᠋ᠷᠥᠭᠴᠢ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ᠃    ᠠᠶᠢᠮᠠᠭ ᠤᠨ ᠤᠳᠤᠷᠢᠳᠤᠯᠭ᠎ᠠ ᠵᠢᠶᠠᠩ ᠲᠢᠶᠠᠨ ᠬᠤ᠋ ᠵᠢᠴᠢ ᠬᠤᠯᠪᠣᠭᠳᠠᠯ ᠪᠥᠬᠦᠶ ᠬᠤᠰᠢᠭᠤ ᠰᠢᠶᠠᠨ ᠬᠤᠲᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号