ᠬᠢᠩᠭᠠᠨ ᠠᠶᠢᠮᠠᠭ ᠤᠨ ᠵᠠᠬᠢᠷᠭ᠎ᠠ ᠬᠢᠭᠡᠳ ᠲᠠᠷᠢᠶᠠᠯᠠᠩ ᠤᠨ ᠬᠦᠭᠵᠢᠭᠦᠯᠦᠯᠳᠡ ᠶᠢᠨ ᠥᠪᠥᠷ ᠮᠣᠩᠭᠤᠯ  ᠳᠠᠬᠢ ᠬᠤᠪᠢᠶᠠᠷᠢ ᠪᠠᠩᠬᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/6/6
  6 ᠳ᠋ᠤᠭᠠᠷ ᠰᠠᠷ᠎ᠠ ᠶᠢᠨ 4 ᠤ ᠡᠳᠦᠷ᠂ ᠠᠶᠢᠮᠠᠭ ᠤᠨ ᠵᠠᠬᠢᠷᠭ᠎ᠠ ᠬᠢᠭᠡᠳ ᠲᠠᠷᠢᠶᠠᠯᠠᠩ ᠤᠨ ᠬᠥᠭᠵᠢᠭᠦᠯᠦᠯᠲᠡ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠬᠠᠷ᠎ᠠ ᠬᠥᠷᠥᠰᠥ ᠶᠢᠨ ᠬᠠᠮᠠᠭᠠᠯᠠᠯᠲᠠ ᠶᠢ ᠳᠡᠮᠵᠢᠬᠦ ᠵᠢᠴᠢ ᠬᠥᠳᠡᠭᠡ ᠲᠣᠰᠬᠤᠨ ᠤ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ‌‍ᠲ᠋ᠠᠷᠢᠶᠠᠯᠠᠩ ᠤᠨ ᠬᠥᠭᠵᠢᠭᠦᠯᠦᠯᠲᠡ ᠶᠢᠨ ᠥᠪᠥᠷ ᠮᠣᠩᠭᠤᠯ  ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠬᠥᠩ ᡁᠢ ᠴᠢᠶᠠᠩ ᠲᠠᠢ ᠬᠡᠯᠡᠯᠴᠡᠭᠡ ᠬᠢᠭᠰᠡᠨ ᠪᠥᠭᠡᠳ ᠭᠡᠷ᠎ᠡ ᠲᠣᠭᠲᠠᠬᠤ ᠶᠢ ᠬᠠᠮᠲᠤ ᠪᠠᠷ ᠭᠡᠷᠡᠴᠢᠯᠡᠪᠡ᠃    ᠰᠦᠬᠡ ᠬᠦᠩ ᡁᠢ ᠴᠢᠶᠠᠩ  ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠠᠷᠢᠶᠠᠯᠠᠩ ᠤᠨ ᠬᠥᠭᠵᠢᠭᠦᠯᠦᠯᠲᠡ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ  ᠶᠢᠨ ᠬᠢᠩᠭᠠᠨ ᠠᠶᠢᠮᠠᠭ ᠢ ᠳᠡᠮᠵᠢᠭᠰᠡᠭᠡᠷ ᠢᠷᠡᠭᠰᠡᠨ ᠪᠠ ᠬᠠᠪᠰᠤᠷᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠢᠩᠭᠠᠨ ᠠᠶᠢᠮᠠᠭ ᠲᠠᠷᠢᠶᠠᠯᠠᠩ ᠮᠠᠯ ᠠᠵᠤ ᠠᠬᠤᠶ ᠶᠢᠨ ᠲᠣᠮᠣ ᠠᠶᠢᠮᠠᠭ ᠪᠣᠯᠤᠭᠰᠠᠨ ᠤ ᠬᠤᠪᠢ ᠳᠤ᠂ ᠣᠲᠣ ᠶᠠᠭ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ  ᠮᠠᠯ ᠤᠨ ᠠᠰᠢᠭ ᠰᠢᠮ᠎ᠡ ᠶᠢᠨ  ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ ᠪᠠᠶᠢᠨ᠎ᠠ᠂ ︽ᠲᠠᠪᠤᠨ ᠶᠡᠭᠡ ᠡᠭᠦᠷᠭᠡ︾ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠥᠪᠥᠷ ᠮᠣᠩᠭᠤᠯ ᠳᠠᠬᠢ ᠲᠠᠷᠢᠶᠠᠯᠠᠩ ᠤᠨ  ᠬᠦᠭᠵᠢᠭᠦᠯᠦᠯᠳᠡ ᠶᠢᠨ ᠬᠤᠪᠢᠶᠠᠷᠢ ᠪᠠᠩᠬᠢ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠨᠢ ᠬᠢᠩᠭᠠᠨ ᠠᠶᠢᠮᠠᠭ ᠤᠨ ᠪᠣᠳᠠᠲᠠᠶ ᠬᠡᠷᠡᠭᠴᠡᠭᠡ ᠪᠠ ᠠᠵᠤ  ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠷᠣᠨ ᠵᠠᠶ ᠥᠷᠭᠡᠨ ᠠᠭᠤᠳᠠᠮ᠂ ᠳᠠᠯᠳᠠ ᠬᠦᠴᠦᠨ ᠯᠤᠲᠤ ᠶᠡᠭᠡ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠠᠷᠢᠶᠠᠨ ᠭᠠᠵᠠᠷ ᠢ ᠬᠠᠮᠠᠭᠠᠯᠠᠨ ᠳᠡᠭᠡᠭᠰᠢᠯᠡᠭᠦᠯᠬᠦ᠂ ᠲᠠᠷᠢᠶᠠᠨ ᠭᠠᠵᠠᠷ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠲᠠᠷᠢᠶᠠᠨ ᠭᠠᠵᠠᠷ ᠤᠨ ᠠᠵᠤ  ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠠᠷᠢᠶᠠᠨ ᠭᠠᠵᠠᠷ ᠤᠨ ᠠᠮᠢ ᠠᠬᠤᠶ ᠶᠢᠨ  ᠦᠢᠯᠡᠴᠢᠯᠡᠭᠡ ᠵᠡᠷᠭᠡ ᠬᠦᠷᠢᠶᠡᠨ ᠳᠤ ᠨᠠᠩ ᠭᠦᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ ᠂ ᠨᠠᠩ ᠥᠨᠳᠥᠷ ᠬᠢᠷᠢ ᠲᠦᠪᠰᠢᠨ ᠪᠥᠬᠦᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠂ ᠭᠠᠷ ᠬᠤᠯᠪᠣᠨ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢᠨ ᠬᠡᠪ ᠳᠠᠭᠤᠷᠢᠶᠠᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠶ᠃    ᠬᠥᠩ ᡁᠢ ᠴᠢᠶᠠᠩ ᠢᠯᠡᠷᠬᠡᠶᠢᠯᠡᠬᠦ ᠳᠡᠭᠡᠨ᠂ ᠲᠠᠷᠢᠶᠠᠯᠠᠩ ᠤᠨ  ᠬᠦᠭᠵᠢᠭᠦᠯᠦᠯᠳᠡ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠣᠰ ᠤᠳᠠᠭᠠᠨ ᠤ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ︽ᠲᠠᠷᠢᠶᠠᠨ ᠭᠠᠵᠠᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠳᠡᠮᠵᠢᠵᠦ᠂ ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ ᠳᠤ ᠬᠦᠴᠦᠨ ᠨᠡᠮᠡᠷᠢᠯᠡᠬᠦ︾ ᠪᠠᠷ ᠭᠠᠷᠳᠠᠴᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ  ᠭᠦᠢᠯᠭᠡᠭᠡᠨ ᠤ ᠳᠠᠪᠠᠭᠤᠯᠢᠭ ᠢ  ᠭᠦᠢᠴᠡᠳ ᠬᠡᠷᠡᠭᠯᠡᠨ᠂ ᠪᠠᠩᠬᠢ ᠶᠢᠨ ᠶᠠᠪᠤᠳᠠᠯ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃    ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠᠩ ᠲᠢᠶᠠᠨ  ᠬᠤ᠋᠂ ᠲᠠᠷᠢᠶᠠᠯᠠᠩ ᠤᠨ  ᠬᠦᠭᠵᠢᠭᠦᠯᠦᠯᠳᠡ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠢᠦᠶ ᡂᠢ ᠱᠧᠩ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠠᠶᠢᠮᠠᠭ ᠤᠨ ᠳᠡᠳ᠋ ᠳᠠᠷᠤᠭ᠎ᠠ ᠾᠧ ᠸᠧᠶ ᠯᠢ ᠬᠤᠷᠠᠯ ᠢ ᠡᠷᠭᠢᠯᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号