ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠵᠢᠴᠢ | ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠪᠠ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠪᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠬᠠᠤᠯᠢ ︵ᠡᠬᠡ ᠨᠣᠣᠷᠠᠭ︶︾ ᠶᠢ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ | 6 ᠳ᠋ᠤᠭᠠᠷ ᠰᠠᠷ᠎ᠠ ᠶᠢᠨ 2 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠵᠢᠴᠢ ᠲᠠᠷᠠᠭᠠᠴᠢ ᠶᠢᠨ | ᠠᠯᠬᠤᠮ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ︵ᠡᠬᠡ ᠨᠣᠣᠷᠠᠭ︶︾ ᠶᠢ ᠶᠠᠷᠢᠯᠴᠠᠵᠤ | ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠭᠠᠰᠢ ᠮᠠᠨ ᠤ ᠤᠯᠤᠰ ᠤᠨ ᠠᠵᠤ ᠠᠬᠤᠢ ᠶᠢᠨ | ᠠᠵᠢᠯᠯᠠᠭᠠᠨ ᠰᠠᠶᠢᠨ ᠡᠬᠢᠯᠡᠯᠲᠡ ᠲᠠᠢ ᠪᠣᠯᠤᠭᠰᠠᠨ ᠪᠣᠯᠪᠠᠴᠤ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ | ᠪᠠᠲᠤ ᠪᠠᠬᠢ ᠪᠢᠰᠢ ᠪᠠᠶᠢᠭᠰᠠᠭᠠᠷ ᠶᠤᠮ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠤᠢ ᠪᠣᠯᠭᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ | ᠨᠡᠶᠢᠭᠡᠮ ᠤᠨ ᠵᠢᠱᠢᠯᠲᠡ ᠶᠢ ᠤᠯᠠᠮ ᠴᠢᠨᠠᠭᠰᠢᠳᠠ ᠲᠣᠭᠲᠠᠪᠤᠷᠢᠵᠢᠭᠤᠯᠤᠨ᠂ ᠬᠥᠭᠵᠢᠯᠲᠡ ᠶᠢᠨ ᠢᠲᠡᠭᠡᠯ ᠢ ᠳᠠᠶᠢᠴᠢᠯᠠᠵᠤ | ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ | ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠵᠤ ᠠᠬᠤᠶᠢᠯᠠᠯ ᠤᠨ ᠲᠤᠰᠬᠠᠭᠰᠠᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ | ᠂ ᠠᠵᠤ ᠠᠬᠤᠶᠢᠯᠠᠯ ᠤᠨ ᠪᠣᠳᠠᠲᠤ ᠬᠡᠷᠡᠭᠴᠡᠭᠡ ᠠᠴᠠ ᠡᠭᠦᠰᠴᠦ᠂ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠤᠭᠤᠯᠬᠤ ᠶᠢ ᠠᠭᠤᠵᠢᠭᠤ ᠲᠠᠯᠪᠢᠬᠤ᠂ ᠭᠤᠣᠯᠴᠢ ᠥᠷᠢᠰᠦᠯᠳᠦᠭᠡᠨ ᠢ ᠠᠬᠢᠭᠤᠯᠬᠤ᠂ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ | ᠵᠡᠷᠭᠡ ᠲᠠᠯ᠎ᠠ ᠪᠠᠷ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨᠡᠨ ᠬᠦ ᠬᠡᠷᠡᠭᠯᠡᠭᠦᠰᠢᠲᠡᠢ ᠲᠦᠷᠦ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠪᠦᠯᠦᠭ ᠤᠳᠠᠭ᠎ᠠ ᠬᠤᠪᠢᠶᠠᠨ ᠲᠦᠷᠭᠡᠪᠴᠢᠯᠡᠨ ᠨᠡᠶᠢᠲᠡᠯᠡᠬᠦ ᠶᠢᠨ ᠬᠠᠮᠲᠤ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠤᠨ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠲᠦᠷᠦ ᠶᠢᠨ ᠪᠣᠳᠣᠯᠭ᠎ᠠ ᠶᠢᠨ ᠪᠦᠲᠦᠮᠵᠢᠲᠦ ᠴᠢᠨᠠᠷ ᠢ ᠦᠨᠡᠨ ᠬᠦ | ᠴᠢᠩᠭᠠᠷᠠᠭᠤᠯᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠬᠦᠴᠦᠯᠡᠨ ᠴᠢᠩᠭᠠᠳᠬᠠᠵᠤ᠂ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢᠨ ᠲᠦᠭᠵᠢᠷᠡᠯ ᠢ ᠨᠠᠪᠲᠠᠷᠡᠭᠦᠯᠵᠦ᠂ ᠲᠦᠷᠦ ᠶᠢᠨ ᠪᠣᠳᠣᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠤ ᠠᠬᠤᠶᠢᠯᠠᠯ ᠢ ᠨᠡᠩ ᠤᠯᠠᠨ ᠦᠨᠡᠨ ᠪᠣᠳᠠᠲᠠᠢ ᠬᠦᠷᠲᠡᠭᠡᠮᠵᠢ ᠶᠢᠨ | ᠲᠥᠷᠥᠭᠳᠡᠯ ᠲᠠᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠡᠨᠧᠷᠭᠢ ᠶᠢᠨ ᠮᠠᠰᠢᠨ ᠲᠡᠷᠭᠡ ᠪᠣᠯ ᠮᠠᠰᠢᠨ ᠲᠡᠷᠭᠡᠨ ᠤ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠭᠤᠣᠯ ᠴᠢᠭᠯᠡᠯ ᠪᠠᠶᠢᠵᠤ᠂ ᠬᠥᠭᠵᠢᠯᠲᠡ ᠶᠢᠨ | ᠣᠷᠣᠨ ᠵᠠᠢ ᠮᠠᠰᠢ ᠥᠷᠭᠡᠨ ᠠᠭᠤᠳᠠᠮ ᠶᠤᠮ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ | ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠬᠥᠳᠡᠯᠭᠡᠭᠴᠢ ᠬᠦᠴᠦᠨ ᠤ ᠳ᠋ᠢᠶᠠᠨ ᡂᠢ ᠶᠢᠨ ᠰᠢᠰᠲ᠋ᠧᠮ᠂ ᠰᠢᠨ᠎ᠡ ᠬᠡᠯᠪᠡᠷᠢ ᠶᠢᠨ ᠠᠷᠠᠯ ᠤᠨ | ᠪᠦᠲᠦᠴᠡ᠂ ᠣᠶᠤᠨᠴᠢ ᠵᠢᠯᠤᠭᠤᠳᠬᠤ ᠲᠣᠭᠲᠠᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ | ᠪᠠ ᠤᠯᠠᠨ ᠤᠯᠤᠰ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠨᠢᠭᠡᠳᠦᠯᠲᠡᠢ ᠲᠥᠯᠥᠪᠯᠡᠨ᠂ ᠬᠥᠳᠡᠯᠭᠡᠭᠴᠢ | ᠬᠦᠴᠦᠨ ᠤ ᠳ᠋ᠢᠶᠠᠨ ᡂᠢ ᠶᠢ ᠡᠭᠡᠭᠦᠯᠦᠨ ᠬᠤᠷᠢᠶᠠᠵᠤ ᠠᠰᠢᠭᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ︽ᠲᠡᠷᠭᠡ | ᠡᠨᠧᠷᠭᠢ ᠵᠠᠮ ᠤᠨ ᠡᠭᠦᠯᠡᠨ ᠲᠠᠪᠴᠠᠩ︾ ᠤᠨ ᠠᠭᠤᠰᠤᠯᠴᠠᠨ ᠬᠥᠭᠵᠢᠭᠰᠡᠨ ᠠᠵᠤ ᠦᠢᠯᠡᠰ ᠤᠨ ᠠᠮᠢ ᠠᠬᠤᠢ ᠶᠢ | ᠪᠠᠶᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤᠶᠢᠴᠠ ᠴᠢᠳᠠᠪᠤᠷᠢ | ᠪᠠ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠲᠦᠷᠦ ᠶᠢᠨ | ᠪᠣᠳᠣᠯᠭ᠎ᠠ ᠶᠢ ᠦᠷᠭᠦᠯᠵᠢᠯᠡᠭᠦᠯᠬᠦ ᠪᠠ ᠰᠢᠯᠢᠳᠡᠭᠵᠢᠭᠦᠯᠵᠦ᠂ ᠴᠠᠬᠢᠯᠭᠠᠨ ᠴᠡᠨᠡᠭᠯᠡᠬᠦ ᠴᠢᠨᠠᠷ ᠰᠠᠶᠢᠲᠠᠢ ᠰᠠᠭᠤᠷᠢ | ᠪᠡᠯᠡᠳᠬᠡᠮᠵᠢ ᠶᠢᠨ ᠲᠣᠭᠲᠠᠯᠴᠠᠭ᠎ᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠤᠯᠠᠮ ᠴᠢᠨᠠᠭᠰᠢᠳᠠ | ᠲᠣᠭᠲᠠᠪᠤᠷᠢᠵᠢᠭᠤᠯᠤᠨ᠂ ᠬᠡᠷᠡᠭᠯᠡᠭᠡᠨ ᠤ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠡᠷᠡᠭᠯᠡᠭᠡ ᠶᠢᠨ ᠳᠠᠯᠳᠠ ᠬᠦᠴᠦᠨ ᠢ ᠨᠡᠩ ᠶᠡᠭᠡ ᠪᠠᠷ ᠪᠠᠳᠠᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠠᠤᠯᠢ ︵ᠡᠬᠡ ᠨᠣᠣᠷᠠᠭ︶︾ ᠶᠢ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ | ᠂ ᠡᠬᠡ ᠨᠣᠣᠷᠠᠭ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ ᠲᠣᠭᠲᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ | ᠡᠬᠢᠯᠡᠯᠲᠡ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠬᠤᠯᠠ ᠦᠢᠯᠡᠰ ᠮᠥᠨ᠃ ᠡᠨᠡ ᠨᠢ ᠲᠦᠭ ᠲᠦᠮᠡᠨ | ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠤᠯᠪᠣᠭᠳᠠᠬᠤ ᠪᠣᠯᠬᠤᠷ ᠬᠠᠤᠯᠢ ᠪᠠᠷ ᠵᠠᠰᠠᠬᠤ ᠪᠠᠲᠤᠯᠠᠭ᠎ᠠ ᠶᠢ | ᠴᠢᠩᠭᠠᠳᠬᠠᠬᠤ ᠨᠢ ᠲᠤᠶᠢᠯ ᠤᠨ ᠴᠢᠬᠤᠯᠠ ᠶᠤᠮ᠃ ᠣᠳᠣᠬᠠᠨ ᠤ ᠪᠠ ᠠᠯᠤᠰ ᠬᠡᠲᠦ ᠶᠢ ᠨᠢᠭᠡᠳᠦᠯᠲᠡᠢ ᠲᠥᠯᠥᠪᠯᠡᠵᠦ᠂ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠪᠠ ᠰᠤᠷᠭᠠᠭᠤᠯᠢ ᠶᠢᠨ ᠨᠠᠰᠤᠨ ᠤ ᠬᠥᠮᠥᠨ ᠠᠮᠠ ᠶᠢᠨ | ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠬᠤ ᠶᠢᠨ ᠬᠠᠮᠲᠤ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ | ᠬᠡᠷᠡᠭᠲᠡᠢ᠃ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠠᠬᠢ ᠣᠷᠣᠭᠤᠯᠤᠯᠲᠠ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠭᠠᠵᠠᠷ ᠣᠷᠣᠨ᠂ ᠦᠨᠳᠦᠰᠦᠲᠡᠨ ᠤ ᠭᠠᠵᠠᠷ ᠣᠷᠣᠨ ᠳᠤ ᠬᠡᠯᠪᠡᠶᠢᠯᠭᠡᠬᠦ ᠡᠷᠴᠢᠮ ᠢᠶᠠᠨ | ᠴᠢᠩᠭᠠᠷᠠᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠶᠢᠨ ᠣᠷᠣ ᠶᠢᠨ ᠬᠠᠩᠭᠠᠯᠭ᠎ᠠ ᠶᠢ | ᠨᠡᠮᠡᠭᠳᠡᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ | ᠲᠦᠭᠡᠮᠡᠯᠵᠢᠭᠦᠯᠦᠯᠲᠡ ᠲᠦᠭᠡᠮᠡᠯ ᠬᠠᠷᠠᠭᠠᠯᠵᠠᠯ᠂ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |