ᠬᠤᠳᠠ ᠶᠢᠨ ᠳᠠᠷᠤᠭ᠎ᠠ ᠸᠠᠩ ᠰᠢᠶᠣᠣ ᠬᠤᠸᠠᠨ ᠢᠷᠪᠢᠰ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/8
     5 ᠰᠠᠷ᠎ᠠ ᠶᠢᠨ 31 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠣᠣ ᠬᠤᠸᠠᠨ ᠢᠷᠪᠢᠰ ᠪᠠᠯᠭᠠᠰᠤ ᠪᠠᠷ ᠭᠦᠨᠵᠡᠭᠡᠶᠢᠷᠡᠨ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠴᠢᠶᠣᠤ ᠹᠧᠩ ᠯᠢᠨ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠢᠷᠪᠢᠰ ᠵᠡᠭᠡᠯᠢ᠂ ᠰᠢᠨ ᠴᠧᠩ ᠵᠡᠭᠡᠯᠢ᠂ ᠯᠢᠨ ᠬᠠᠢ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃      ᠸᠠᠩ ᠰᠢᠶᠣᠣ ᠬᠤᠸᠠᠨ᠂ ᠡᠯ᠎ᠡ ᠵᠡᠭᠡᠯᠢ ᠭᠤᠳᠤᠮᠵᠢ᠂ ᠡᠯ᠎ᠡ ᠬᠠᠷᠢᠭᠤᠴᠠᠯᠭᠠᠲᠤ ᠨᠢᠭᠡᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠣᠭᠤᠭᠠᠷᠠᠭᠤᠯᠬᠤ᠂ ᠭᠤᠶᠣᠵᠢᠭᠤᠯᠬᠤ᠂ ᠭᠡᠷᠡᠯᠲᠦᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠥᠷᠨᠢᠭᠦᠯᠣᠨ᠂ ᠷᠠᠰᠢᠶᠠᠨ ᠤ ᠵᠣᠭᠠᠴᠠᠯ ᠤᠨ ᠥᠩᠭᠡ ᠦᠵᠡᠮᠵᠢ ᠪᠠ ᠠᠮᠢ ᠠᠬᠤᠢ ᠶᠢᠨ ᠦᠵᠡᠮᠵᠢ ᠶᠢ ᠭᠦᠢᠴᠡᠳ ᠢᠯᠡᠷᠡᠭᠦᠯᠬᠦ ᠬᠡᠷᠡᠭᠲᠡᠢ᠃ ᠴᠡᠪᠡᠷ ᠲᠡᠭᠰᠢ ᠣᠷᠴᠢᠨ ᠲᠣᠭᠤᠷᠢᠨ ᠢᠶᠠᠷ ᠷᠠᠰᠢᠶᠠᠨ ᠤ ᠵᠤᠭᠠᠴᠠᠯ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠭᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠳᠠᠯ ᠦᠭᠡᠢ ᠬᠦᠷᠴᠦ ᠢᠷᠡᠬᠦ ᠵᠤᠨ ᠤ ᠰᠠᠶᠢᠬᠠᠨ ᠵᠤᠭᠠᠴᠠᠯ ᠤᠨ ᠬᠥᠭᠵᠢᠶᠡᠨᠲᠡᠢ ᠤᠯᠠᠷᠢᠯ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠰᠧᠨ ᠭᠥᠩ ᠺᠣᠮᠫᠠᠨᠢ ᠲᠠᠢ ᠬᠠᠮᠲᠤᠪᠠᠷ ᠬᠦᠴᠦᠯᠡᠨ᠂ ᠢᠷᠪᠢᠰ ᠪᠠᠯᠭᠠᠰᠤᠨ ᠤ ᠵᠠᠮ ᠳᠠᠭᠠᠤ ᠶᠢᠨ ᠨᠣᠭᠤᠭᠠᠷᠠᠭᠤᠯᠤᠯᠲᠠ ᠵᠢᠴᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠲᠤᠯᠠᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠣᠨ᠂ ᠢᠷᠪᠢᠰ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠣ ᠴᠢᠬᠤᠯᠠᠴᠢᠯᠠᠵᠡᠢ    
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号