ᠸᠠᠩ ᠰᠢᠶᠣᠣ ᠬᠤᠸᠠᠨ 2023 ᠣᠨ ᠤ ᠲᠠᠪᠤᠳᠤᠭᠠᠷ ᠤᠳᠠᠭᠠᠨ ᠤ ᠬᠤᠳᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/8
      5 ᠰᠠᠷ᠎ᠠ ᠶᠢᠨ 31 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠣᠣ ᠬᠤᠸᠠᠨ 2023 ᠣᠨ ᠤ ᠲᠠᠪᠤᠳᠤᠭᠠᠷ ᠤᠳᠠᠭᠠᠨ ᠤ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠷᠠᠰᠢᠶᠠᠨ ᠤ ᠰᠠᠭᠤᠭᠳᠠᠯ︾ ᠤᠨ ᠶᠡᠷᠦᠩᠬᠡᠶᠢᠯᠡᠭᠰᠡᠨ ᠳᠠᠭᠠᠳᠬᠠᠯ ᠤᠨ ᠦᠢᠯᠡᠴᠢᠯᠡᠭᠡᠨ ᠤ ᠲᠥᠰᠥᠯ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ᠂ ᠡᠯ᠎ᠡ ᠬᠠᠷᠢᠭᠤᠴᠠᠯᠭᠠᠲᠤ ᠨᠢᠭᠡᠴᠢ ᠶᠢᠨ ᠬᠢᠨ ᠷᠠᠰᠢᠶᠠᠨ ᠤ ᠵᠤᠭᠠᠴᠠᠯ ᠤᠨ ᠵᠠᠬ᠎ᠠ ᠳᠡᠯᠭᠡᠭᠦᠷ ᠤᠨ ᠳᠠᠭᠠᠳᠬᠠᠯ ᠤᠨ ᠲᠣᠭᠲᠠᠴᠠ ᠶᠢ ᠪᠠᠶᠢᠭᠤᠯᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠨᠡᠶᠢᠭᠡᠮ ᠤᠨ ᠵᠥᠷᠢᠴᠡᠯ ᠪᠣᠯᠣᠨ ᠨᠠᠵᠠᠭᠠᠢ ᠲᠠᠯ᠎ᠠ ᠶᠢᠨ ᠨᠥᠯᠥᠭᠡ ᠶᠢ ᠴᠠᠭ ᠲᠤᠬᠠᠢ ᠳᠤᠨᠢ ᠠᠷᠢᠯᠭᠠᠵᠤ᠂ ᠷᠠᠰᠢᠶᠠᠨ ᠤ ᠵᠤᠭᠠᠴᠠᠯ ᠤᠨ ᠬᠥᠭᠵᠢᠯᠲᠡ ᠶᠢ ᠪᠠᠲᠤᠯᠠᠬᠤ ᠬᠡᠷᠡᠭᠲᠡᠢ᠃ ᠵᠤᠭᠠᠴᠠᠯ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠣᠨ᠂ ᠵᠤᠭᠠᠴᠠᠯ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠷᠠᠰᠢᠶᠠᠨ ᠤ ᠵᠤᠭᠠᠴᠠᠯ ᠤᠨ ᠵᠠᠬ᠎ᠠ ᠳᠡᠯᠭᠡᠭᠦᠷ ᠤᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠶᠢᠯᠠᠭᠠᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠳᠠᠭᠠᠳᠬᠠᠯ ᠤᠨ ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠡᠶ᠎ᠡ ᠵᠣᠬᠢᠴᠠᠩᠭᠤᠢ ᠲᠣᠭᠲᠠᠭᠤᠨ ᠵᠤᠭᠠᠴᠠᠯ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠪᠤᠢ ᠪᠣᠯᠭᠠᠵᠤ᠂ ᠵᠤᠭᠠᠴᠠᠭᠰᠠᠳ ᠤᠨ ᠵᠤᠭᠠᠴᠠᠯ ᠤᠨ ᠶᠠᠪᠤᠴᠠ ᠶᠢ ᠪᠦᠬᠦ ᠲᠠᠯ᠎ᠠ ᠪᠠᠷ ᠬᠠᠮᠠᠭᠠᠯᠠᠬᠤ ᠬᠡᠷᠡᠭᠲᠡᠢ ᠭᠡᠵᠣ ᠴᠢᠬᠤᠯᠠᠴᠢᠯᠡᠬᠰᠠᠨ ᠪᠠᠶᠢᠨ᠎ᠠ᠃    
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号