ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠬᠡᠪᠴᠢᠶ᠎ᠡ ᠶᠢ | ᠥᠷᠭᠡᠳᠬᠡᠬᠦ᠂ ᠰᠦᠯᠵᠢᠶᠡᠨ ᠳᠡᠭᠡᠷ᠎ᠡ ᠳᠠᠩᠰᠠᠯᠠᠭᠤᠯᠬᠤ᠂ ᠠᠵᠢᠯᠲᠠᠨ ᠠᠵᠢᠯᠴᠢᠨ ᠤ ᠡᠩ ᠤᠨ ᠡᠭᠦᠳᠡᠨ ᠡᠮᠨᠡᠯᠭᠡ ᠶᠢᠨ | ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠮᠠᠨ ᠬᠥᠨᠳᠡᠢ ᠶᠢᠨ ᠲᠠᠷᠢᠮᠠᠯ ᠤᠨ | ᠡᠮᠴᠢᠯᠡᠭᠡᠨ ᠤ ᠵᠠᠷᠤᠳᠠᠯ ᠤᠨ ᠦᠨ᠎ᠡ ᠶᠢ ᠪᠦᠬᠦ ᠲᠠᠯ᠎ᠠ ᠪᠠᠷ ᠪᠠᠭᠤᠷᠠᠭᠤᠯᠬᠤ ᠁ ᠬᠡᠳᠦᠨ ᠡᠳᠦᠷ ᠤᠨ ᠲᠤᠷᠰᠢ᠂ | ᠡᠮ ᠡᠮᠨᠡᠯᠭᠡ ᠶᠢᠨ ᠳᠠᠭᠠᠳᠬᠠᠯ ᠢᠶᠠᠷ ᠠᠷᠠᠳ ᠲᠤ ᠠᠰᠢᠭ ᠬᠦᠷᠲᠡᠭᠡᠬᠦ ᠠᠯᠢ ᠣᠯᠠᠨ ᠰᠢᠨ᠎ᠡ ᠲᠥᠷᠥ ᠶᠢᠨ ᠪᠣᠳᠣᠯᠭ᠎ᠠ ᠶᠢ | ᠨᠠᠷᠢᠨ ᠨᠠᠶᠢᠳᠠᠪᠤᠷᠢᠵᠢᠭᠤᠯᠬᠤ ᠶᠢ ᠳᠠᠭᠠᠯᠳᠤᠨ᠂ ᠤᠯᠠᠭᠠᠨᠬᠤᠲᠠ ᠶᠢᠨ ᠠᠷᠠᠳ ᠣᠯᠠᠨ ᠤ ᠡᠪᠡᠳᠴᠢᠨ ᠦᠵᠡᠭᠦᠯᠬᠦ | ᠳᠠᠷᠤᠭᠠᠰᠤ ᠶᠢ ᠬᠥᠩᠭᠡᠯᠡᠭᠰᠡᠨ ᠢᠶᠠᠷ ᠪᠠᠷᠠᠬᠤ ᠦᠭᠡᠢ᠂ ᠬᠤᠲᠠ ᠶᠢᠨ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ | ᠪᠠ ᠵᠣᠯ ᠵᠢᠷᠭᠠᠯᠲᠤ ᠲᠥᠷᠥᠭᠳᠡᠯ ᠢ ᠴᠦ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠤᠯᠠᠭᠠᠨᠬᠤᠲᠠ ᠶᠢᠨ | ᠠᠷᠠᠳ ᠤᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭᠠᠨ ᠤ ᠭᠡᠰᠢᠭᠦᠨ ᠯᠢ ᠰᠢᠨ | ᠲᠦᠩ ᠤᠨ ᠲᠠᠨᠢᠯᠴᠠᠭᠤᠯᠤᠭᠰᠠᠨ ᠢᠶᠠᠷ᠂ ᠤᠯᠠᠭᠠᠨᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ 2022 ᠣᠨ ᠤ | 10 ᠰᠠᠷ᠎ᠠ ᠶᠢᠨ 1 ᠤ ᠡᠳᠦᠷ ᠠᠴᠠ ᠡᠬᠢᠯᠡᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ | ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯᠲᠠᠨ ᠠᠵᠢᠯᠴᠢᠨ | ᠡᠪᠡᠳᠴᠢᠨ ᠦᠵᠡᠭᠦᠯᠬᠦ ᠦᠶ᠎ᠡ ᠳᠤ᠂ ᠡᠮ ᠤᠨ ᠵᠦᠢᠯ᠂ ᠣᠨᠣᠰᠢᠯᠠᠨ ᠡᠮᠴᠢᠯᠡᠬᠦ ᠪᠤᠶᠤ ᠬᠤᠷᠣᠭᠳᠠᠯ ᠮᠠᠲ᠋ᠧᠷᠢᠶᠠᠯ | ᠭᠡᠰᠡᠨ ᠦᠭᠡᠢ᠂ ᠵᠢᠯ ᠳᠤ ᠨᠡᠶᠢᠲᠡ 1000 ᠲᠥᠭᠦᠷᠢᠭ ᠠᠴᠠ ᠳᠡᠭᠡᠭᠰᠢ ᠪᠠᠶᠢᠪᠠᠯ ᠬᠤᠲᠠ ᠶᠢᠨ ᠠᠷᠠᠳ ᠤᠨ | ᠡᠮᠨᠡᠯᠭᠡ ᠶᠢᠨ ᠬᠤᠷᠢᠶ᠎ᠠ ᠳᠤ ᠰᠢᠭᠤᠳ ᠲᠠᠩᠰᠠ ᠳᠡᠶᠢᠯᠵᠦ ᠪᠣᠯᠣᠨ᠎ᠠ᠂ ᠲᠠᠩᠰᠠ ᠲᠠᠶᠢᠯᠬᠤ ᠬᠠᠷᠢᠴᠠᠯ ᠨᠢ ᠠᠵᠢᠯ ᠤᠨ | ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ 65%᠂ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ | ᠠᠵᠢᠯᠴᠢᠨ 70% ᠪᠠᠶᠢᠵᠤ᠂ ᠵᠢᠯ ᠤᠨ ᠲᠠᠩᠰᠠ ᠲᠠᠶᠢᠯᠬᠤ ᠳᠡᠭᠡᠳᠦ ᠬᠢᠵᠠᠭᠠᠷ ᠨᠢ ᠠᠵᠢᠯ ᠤᠨ ᠪᠠᠶᠢᠷᠢ ᠳᠤ ᠪᠠᠶᠢᠭ᠎ᠠ | ᠠᠵᠢᠯᠲᠠᠨ ᠠᠵᠢᠯᠴᠢᠨ 4000 ᠲᠥᠭᠦᠷᠢᠭ᠂ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ | 5000 ᠲᠥᠭᠦᠷᠢᠭ ᠪᠣᠯᠣᠨ᠎ᠠ᠃ | ᠤᠯᠠᠭᠠᠨᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ | ᠴᠣᠩᠬᠤᠪᠴᠢ ᠳᠤ᠂ ᠠᠵᠢᠯᠲᠠᠨ ᠵᠢᠶᠠᠩ ᠨᠠᠨ ᠷᠦᠢ ᠬᠤᠲᠠ ᠶᠢᠨ ᠠᠷᠠᠳ ᠲᠤ ᠣᠨᠳᠣᠣ ᠭᠠᠵᠠᠷ ᠲᠤ ᠡᠪᠡᠳᠴᠢᠨ | ᠦᠵᠡᠭᠦᠯᠬᠦ ᠶᠢ ᠳᠠᠩᠰᠠᠯᠠᠭᠤᠯᠬᠤ ᠭᠠᠷ ᠭᠦᠢᠴᠡᠳᠬᠡᠯ ᠢ ᠬᠡᠷᠬᠢᠨ ᠭᠦᠢᠴᠡᠳᠬᠡᠬᠦ᠂ ᠬᠡᠷᠬᠢᠨ ᠲᠡᠰᠦᠯᠦᠨ ᠪᠤᠳᠤᠬᠤ ᠵᠡᠷᠭᠡ | ᠠᠰᠠᠭᠤᠳᠠᠯ ᠢ ᠲᠠᠨᠢᠯᠴᠠᠭᠤᠯᠵᠤ ᠪᠠᠶᠢᠨ᠎ᠠ᠂ ᠲᠡᠭᠦᠨ ᠤ ᠬᠠᠪᠰᠤᠷᠤᠯᠭ᠎ᠠ ᠳᠣᠣᠷ᠎ᠠ᠂ ᠬᠤᠲᠠ ᠶᠢᠨ ᠠᠷᠠᠳ ᠬᠡᠳᠦᠬᠡᠨ | ᠮᠢᠨᠦ᠋ᠲ ᠤᠨ ᠴᠠᠭ ᠢ ᠬᠡᠷᠡᠭᠯᠡᠵᠦ ᠪᠠᠶᠢᠭᠠᠳ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠲᠠᠪᠴᠠᠩ ᠤᠨ APP ᠳᠡᠭᠡᠷ᠎ᠡ ᠣᠨᠳᠣᠣ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠭᠤᠯᠬᠤ ᠭᠠᠷ | ᠭᠦᠢᠴᠡᠳᠬᠡᠯ ᠢ ᠪᠡᠶᠡᠯᠡᠭᠦᠯᠦᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠣᠨᠳᠣᠣ ᠭᠠᠵᠠᠷ ᠲᠤ ᠡᠮᠴᠢᠯᠡᠭᠦᠯᠦᠭᠰᠡᠨ | ᠵᠠᠷᠤᠳᠠᠯ ᠢ ᠰᠢᠭᠤᠳ ᠲᠡᠰᠦᠯᠦᠨ ᠪᠤᠳᠤᠬᠤ ᠳᠤ ︽ᠡᠮᠴᠢᠯᠡᠭᠦᠯᠦᠭᠰᠡᠨ ᠭᠠᠵᠠᠷ ᠤᠨ ᠭᠠᠷᠴᠠᠭ᠂ ᠳᠠᠭᠠᠳᠬᠠᠯ ᠳᠤ | ᠣᠷᠣᠯᠴᠠᠭᠰᠠᠨ ᠭᠠᠵᠠᠷ ᠤᠨ ᠲᠥᠷᠥ ᠶᠢᠨ ᠪᠣᠳᠣᠯᠭ᠎ᠠ᠂ ᠡᠮᠴᠢᠯᠡᠭᠦᠯᠦᠭᠰᠡᠨ ᠭᠠᠵᠠᠷ ᠤᠨ ᠬᠠᠮᠢᠶᠠᠷᠤᠯᠲᠠ︾ ᠶᠢᠨ | ᠵᠠᠷᠴᠢᠮ ᠶᠣᠰᠣᠭᠠᠷ ᠲᠡᠰᠦᠯᠦᠨ ᠪᠤᠳᠤᠬᠤ ᠲᠤᠬᠠᠶᠢᠯᠠᠭᠰᠠᠨ ᠠᠵᠢᠯ ᠢ ᠭᠦᠢᠴᠡᠳᠬᠡᠨ᠎ᠡ᠃ | ︽ᠥᠷᠭᠡᠨ ᠣᠯᠠᠨ ᠡᠪᠡᠳᠴᠢᠲᠡᠨ ᠤ ᠣᠨᠳᠣᠣ ᠭᠠᠵᠠᠷ ᠲᠤ ᠡᠮᠴᠢᠯᠡᠭᠦᠯᠬᠦ᠂ ᠳ᠋ᠦᠩᠨᠡᠨ ᠪᠤᠳᠤᠬᠤ ᠳᠤ ᠲᠥᠬᠦᠮ | ᠦᠵᠡᠭᠦᠯᠬᠦ ᠶᠢᠨ ᠲᠥᠯᠥᠭᠡ᠂ ᠳᠠᠭᠠᠳᠬᠠᠯ ᠳᠤ ᠣᠷᠣᠯᠴᠠᠭᠰᠠᠨ ᠪᠣᠶ ᠪᠦᠬᠦᠢ ᠬᠥᠮᠥᠰ ᠴᠥᠮ ᠤᠯᠤᠰ ᠤᠨ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ᠪᠤᠶᠤ ᠸᠢᠴᠠᠲ ᠤᠨ ᠵᠢᠵᠢᠭ ᠫᠷᠣᠭ᠍ᠷᠠᠮ ᠢᠶᠠᠷ | ᠳᠠᠮᠵᠢᠭᠤᠯᠤᠨ ᠣᠨᠳᠣᠣ ᠭᠠᠵᠠᠷ ᠲᠤ ᠡᠮᠴᠢᠯᠡᠭᠦᠯᠬᠦ ᠳᠠᠩᠰᠠᠯᠠᠯᠲᠠ ᠬᠢᠯᠭᠡᠵᠦ ᠪᠣᠯᠣᠨ᠎ᠠ᠂ ᠳᠠᠩᠰᠠᠯᠠᠯᠲᠠ ᠬᠢᠭᠡᠳ | ᠠᠮᠵᠢᠯᠲᠠ ᠣᠯᠣᠭᠰᠠᠨ ᠤ ᠳᠠᠷᠠᠭ᠎ᠠ 180 ᠡᠳᠦᠷ ᠤᠨ ᠳᠣᠲᠣᠷ᠎ᠠ ᠬᠦᠴᠦᠨ ᠲᠠᠢ ᠪᠠᠶᠢᠵᠤ᠂ ᠡᠨᠡ ᠬᠤᠭᠤᠴᠠᠭᠠᠨ ᠳᠤ | ᠡᠯᠧᠺᠳ᠋ᠷᠣᠨ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ | ᠬᠠᠩᠭᠠᠵᠤ ᠡᠮᠴᠢᠯᠡᠭᠦᠯᠦᠭᠰᠡᠨ ᠭᠠᠵᠠᠷ ᠲᠤ ᠰᠢᠭᠤᠳ ᠳ᠋ᠦᠩᠨᠡᠨ ᠪᠤᠳᠤᠵᠤ ᠲᠠᠩᠰᠠ ᠳᠡᠶᠢᠯᠵᠦ ᠪᠣᠯᠣᠨ᠎ᠠ︾ ᠭᠡᠵᠦ | ᠤᠯᠠᠭᠠᠨᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠣᠨᠳᠣᠣ ᠭᠠᠵᠠᠷ ᠲᠤ | ᠡᠪᠡᠳᠴᠢᠨ ᠦᠵᠡᠭᠦᠯᠬᠦ ᠲᠠᠰᠤᠭ ᠤᠨ ᠳᠠᠷᠤᠭ᠎ᠠ ᠵᠢᠶᠠᠩ ᠨᠠᠨ ᠷᠦᠢ ᠬᠡᠯᠡᠪᠡ᠃ ᠤᠯᠠᠭᠠᠨᠬᠤᠲᠠ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠠᠩ ᠣᠯᠠᠨ ᠠᠷᠭ᠎ᠠ ᠬᠡᠮᠵᠢᠶ᠎ᠡ ᠶᠢ | ᠦᠷᠭᠦᠯᠵᠢᠯᠡᠨ ᠠᠪᠴᠤ᠂ ᠡᠮ ᠡᠮᠨᠡᠯᠭᠡ ᠶᠢᠨ ᠳᠠᠭᠠᠳᠬᠠᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠲᠦᠭ ᠲᠦᠮᠡᠨ ᠠᠶᠢᠯ ᠡᠷᠦᠬᠡ ᠳᠤ ᠬᠦᠷᠲᠡᠭᠡᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠣᠷ ᠢ | ᠨᠢᠭᠲᠠ ᠪᠥᠭᠡᠳ ᠪᠠᠲᠤ ᠪᠠᠶᠢᠭᠤᠯᠤᠨ᠂ ᠠᠷᠠᠳ ᠤᠨ ᠠᠮᠢᠳᠤᠷᠠᠯ ᠤᠨ ᠪᠣᠶᠠᠨ ᠵᠢᠷᠭᠠᠯ ᠢ ᠨᠡᠮᠡᠭᠳᠡᠭᠦᠯᠬᠦ ᠶᠢᠨ ᠬᠠᠮᠲᠤ᠂ | ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠠᠩ ᠲᠡᠭᠦᠯᠳᠡᠷ᠂ ᠨᠠᠩ | ᠪᠠᠲᠤᠯᠠᠭ᠎ᠠ ᠲᠠᠢ ᠪᠣᠯᠭᠠᠪᠠ᠃ | |