ᠢᠷᠪᠢᠰ ᠵᠡᠭᠡᠯᠢ ᠶᠢᠨ ᠨᠥᠮᠥᠷᠭᠡᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠡᠯᠡᠬᠡᠢ ᠶᠢᠨ ᠲᠠᠮᠠᠬᠢ ᠦᠭᠡᠢ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/8
   5 ᠰᠠᠷ᠎ᠠ ᠶᠢᠨ 31 ᠤ ᠡᠳᠦᠷ ᠪᠣᠯ 36 ᠳ᠋ᠤᠭᠠᠷ ᠳᠡᠯᠡᠬᠡᠢ ᠶᠢᠨ ᠲᠠᠮᠠᠬᠢ ᠦᠭᠡᠢ ᠡᠳᠦᠷ ᠪᠣᠯᠣᠨ᠎ᠠ᠃ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠷᠡᠭᠦᠯ ᠰᠠᠷᠠᠭᠤᠯ ᠢᠶᠠᠷ ᠠᠮᠢᠳᠤᠷᠠᠬᠤ ᠰᠤᠷᠳᠠᠯ ᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ᠂ ᠡᠷᠡᠭᠦᠯ ᠰᠠᠷᠠᠭᠤᠯ᠂ ᠠᠷᠢᠭᠤᠨ ᠴᠡᠪᠡᠷ᠂ ᠲᠠᠮᠠᠬᠢ ᠦᠭᠡᠢ ᠠᠮᠢᠳᠤᠷᠠᠯ ᠤᠨ ᠣᠷᠴᠢᠨ ᠨᠥᠬᠦᠴᠡᠯ ᠢ ᠦᠨᠡᠨ ᠬᠦ ᠪᠣᠶ ᠪᠣᠯᠭᠠᠬᠤ ᠶᠢᠨ ᠲᠥᠯᠥᠭᠡ᠂ ᠷᠠᠰᠢᠶᠠᠨ ᠬᠤᠳᠠ ᠶᠢᠨ ᠢᠷᠪᠢᠰ ᠵᠡᠭᠡᠯᠢ ᠶᠢᠨ ᠨᠥᠮᠥᠷᠭᠡᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ︽ᠲᠠᠮᠠᠬᠢ ᠦᠭᠡᠢ ᠣᠷᠴᠢᠨ ᠲᠣᠭᠤᠷᠢᠨ ᠳᠤ ᠡᠷᠡᠬᠦᠯ ᠢᠶᠠᠷ ᠦᠰᠦᠨ ᠪᠤᠶᠢᠵᠢᠶ᠎ᠠ︾ ᠭᠡᠬᠦ ᠳᠡᠯᠡᠬᠡᠢ ᠶᠢᠨ ᠲᠠᠮᠠᠬᠢ ᠦᠭᠡᠢ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠠᠪᠴᠢᠨ ᠲᠠᠮᠠᠬᠢ ᠶᠢᠨ ᠬᠤᠣᠷ ᠬᠥᠨᠥᠭᠡᠯ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠲᠠᠮᠠᠬᠢ ᠤᠤᠭᠤᠬᠤ ᠶᠢ ᠬᠢᠵᠠᠭᠠᠷᠯᠠᠬᠤ ᠤᠬᠠᠮᠰᠠᠷ ᠢ ᠴᠢᠩᠭᠠᠷᠠᠭᠤᠯᠤᠨ᠂ ᠬᠥᠮᠥᠨ ᠪᠦᠬᠦᠨ ᠲᠠᠮᠠᠬᠢ ᠶᠢ ᠬᠢᠵᠠᠭᠠᠷᠯᠠᠬᠤ ᠠᠵᠢᠯᠯᠠᠭ᠎ᠠ ᠳᠤ ᠣᠷᠣᠯᠴᠠᠨ᠂ ᠬᠥᠮᠥᠨ ᠪᠦᠬᠦᠨ ᠲᠠᠮᠠᠬᠢ ᠶᠢ ᠬᠢᠵᠠᠭᠠᠷᠯᠠᠬᠤ ᠠᠵᠢᠯᠯᠠᠭ᠎ᠠ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠵᠠᠢ᠃    
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号