ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ᠨᠠᠮ ᠤᠨ ᠦᠨᠳᠦᠰᠦᠨ ᠤᠨᠤᠯ ᠤᠨ ᠮᠡᠳᠡᠯᠭᠡ ᠶᠢᠨ ᠲᠤᠬᠠᠢ ᠰᠢᠯᠭᠠᠯᠲᠠ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2023/6/8
     ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠦᠵᠡᠯ ᠰᠠᠨᠠᠭ᠎ᠠ ᠤᠨᠤᠯ ᠢ ᠰᠤᠷᠤᠯᠴᠠᠨ ᠣᠶᠢᠯᠠᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 6 ᠤ ᠡᠳᠣᠷ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ᠠᠴᠠ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷ᠂ ᠡᠯ᠎ᠡ ᠲᠣᠰᠬᠤᠨ ᠤ ᠨᠡᠶᠢᠭᠡᠮ ᠲᠣᠭᠤᠷᠢᠭ ᠤᠨ ᠱᠦᠵᠢ᠂ ᠨᠢᠭᠡᠳᠦᠭᠡᠷ ᠱᠦᠵᠢ ᠶᠢ ᠵᠣᠬᠢᠶᠠᠨ ᠪᠠᠶᠢᠭᠤᠯᠵᠤ ᠨᠠᠮ ᠤᠨ ᠰᠠᠭᠤᠷᠢ ᠤᠨᠤᠯ ᠤᠨ ᠮᠡᠳᠡᠯᠭᠡ ᠶᠢᠨ ᠰᠢᠯᠭᠠᠯᠲᠠ ᠶᠢᠨ ᠠᠵᠢᠯᠯᠠᠭ᠎ᠠ ᠶᠠᠪᠤᠭᠳᠠᠭᠤᠯᠵᠠᠢ᠃ ᠲᠤᠰ ᠤᠳᠠᠭᠠᠨ ᠤ ᠠᠵᠢᠯᠯᠠᠭ᠎ᠠ ᠢᠯᠡ ᠪᠤᠰᠣ ᠲᠥᠪᠯᠡᠷᠡᠭᠦᠯᠦᠨ ᠰᠢᠯᠭᠠᠬᠤ ᠬᠡᠯᠪᠡᠷᠢ ᠪᠠᠷ ᠶᠠᠪᠤᠭᠳᠠᠵᠤ᠂ ᠰᠢᠯᠭᠠᠯᠲᠠ ᠶᠢᠨ ᠰᠡᠳᠦᠪ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠮᠡᠳᠡᠪᠡᠰᠣ ᠵᠤᠬᠢᠬᠤ ᠵᠡᠷᠭᠡ ᠠᠭᠤᠯᠭ᠎ᠠ ᠶᠢ ᠬᠠᠮᠤᠷᠤᠭᠰᠠᠨ ᠪᠠᠶᠢᠨ᠎ᠠ᠃ ᠰᠢᠯᠭᠠᠯᠲᠠ ᠶᠢᠨ ᠶᠠᠪᠤᠴᠠ ᠳᠤ ᠪᠣᠶ ᠪᠦᠬᠦᠢ ᠬᠥᠮᠥᠰ ᠰᠢᠯᠭᠠᠯᠲᠠ ᠶᠢᠨ ᠰᠠᠬᠢᠯᠭ᠎ᠠ ᠪᠠᠲᠤ ᠪᠠ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠥᠪ ᠴᠢᠩᠭ᠎ᠠ ᠪᠠᠷ ᠬᠠᠨᠳᠤᠨ ᠨᠠᠷᠢᠨ ᠬᠢᠨᠠᠮᠠᠭᠠᠢ ᠬᠠᠷᠢᠭᠤᠯᠤᠭᠰᠠᠨ ᠢᠶᠠᠷ ᠰᠢᠯᠭᠠᠯᠲᠠ ᠶᠢᠨ ᠠᠬᠤᠢ ᠲᠠᠯᠠᠪᠠᠶ ᠡᠮᠬᠢ ᠳᠢᠭᠯᠢᠮ ᠲᠠᠢ ᠪᠠᠶᠢᠵᠤ᠂ ᠴᠥᠮ ᠲᠣᠭᠲᠠᠭᠰᠠᠨ ᠴᠠᠭ ᠤᠨ ᠳᠣᠲᠣᠷ᠎ᠠ ᠰᠢᠯᠭᠠᠯᠲᠠ ᠶᠢᠨ ᠬᠠᠭᠤᠳᠠᠰᠣ ᠪᠠᠨ ᠲᠤᠰᠢᠶᠠᠭᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠦᠨᠳᠦᠰᠦᠨ ᠤᠨᠤᠯ ᠤᠨ ᠮᠡᠳᠡᠯᠭᠡ ᠶᠢ ᠡᠵᠡᠮᠰᠢᠭᠰᠡᠨ ᠪᠠᠶᠢᠳᠠᠯ ᠢ ᠪᠦᠲᠦᠮᠵᠢᠲᠡᠶ ᠪᠠᠷ ᠰᠢᠯᠭᠠᠨ ᠪᠠᠶᠢᠴᠠᠭᠠᠵᠤ᠂ ᠨᠡᠩ ᠴᠤ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ︽ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠮᠡᠳᠡᠯᠭᠡ ᠶᠢ ᠠᠬᠢᠭᠤᠯᠬᠤ᠂ ᠮᠡᠳᠡᠯᠭᠡ ᠪᠠᠷ ᠦᠢᠯᠡ ᠠᠵᠢᠯᠯᠠᠭ᠎ᠠ ᠶᠢ ᠠᠬᠢᠭᠤᠯᠬᠤ︾ ᠵᠢᠱᠢᠭᠰᠡᠨ ᠦᠷ᠎ᠡ ᠪᠦᠲᠦᠮᠵᠢ ᠶᠢ ᠪᠡᠶᠡᠯᠡᠭᠦᠯᠵᠠᠢ᠃      
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号