ᠪᠠᠶᠠᠨᠭᠤᠣᠯ ᠰᠦᠢᠳᠬᠡᠯ ᠬᠤᠷᠢᠶᠠᠬᠤ ᠭᠠᠵᠠᠷ ᠤᠨ ᠨᠠᠮ ᠤᠨ ᠡᠭᠦᠷ ᠨᠡᠶᠢᠭᠡᠮ ᠲᠣᠭᠤᠷᠢᠭ ᠤᠨ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠵᠠᠢ
ᠨᠡᠶᠢᠲᠡᠯᠡᠭᠰᠡᠨ ᠴᠠᠭ᠄
2023/6/8
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠂ ᠦᠨᠳᠦᠰᠦᠲᠡᠨ ᠨᠦᠭᠦᠳ ᠤᠨ ᠪᠦᠯᠬᠦᠮᠳᠡᠯ ᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 26 ᠤ ᠡᠳᠦᠷ᠂ ᠵᠠᠯᠠᠶᠢᠳ ᠬᠤᠰᠢᠭᠤᠨ ᠤ ᠪᠠᠶᠠᠨᠭᠤᠣᠯ ᠰᠦᠢᠳᠬᠡᠯ ᠬᠤᠷᠢᠶᠠᠬᠤ ᠭᠠᠵᠠᠷ ᠤᠨ ᠨᠠᠮ ᠤᠨ ᠡᠭᠦᠷ ᠪᠠᠶᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠲᠠᠢ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠨᠡᠶᠢᠭᠡᠮ ᠲᠣᠭᠤᠷᠢᠭ ᠤᠨ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠬᠤ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠵᠡᠢ᠃ ᠲᠤᠰ ᠠᠵᠢᠯᠯᠠᠭ᠎ᠠ ᠶᠢᠨ ᠳᠤᠮᠳᠠ᠂ ᠪᠠᠶᠠᠨᠭᠤᠣᠯ ᠰᠦᠢᠳᠬᠡᠯ ᠬᠤᠷᠢᠶᠠᠬᠤ ᠭᠠᠵᠠᠷ ᠤᠨ ᠨᠠᠮ ᠤᠨ ᠡᠭᠦᠷ ᠤᠨ ᠲᠥᠯᠥᠭᠡᠯᠡᠭᠴᠢ ᠠᠮᠢᠳᠤᠷᠠᠯ ᠨᠢ ᠬᠦᠴᠢᠷᠳᠡᠯᠲᠡᠢ ᠰᠦᠨ ᠹᠧᠩ ᠰᠢᠤᠸᠠᠢ ᠶᠢᠨ ᠬᠡᠷ ᠢᠶᠠᠷ ᠬᠦᠷᠴᠦ᠂ ᠲᠡᠳᠡᠨ ᠤ ᠪᠡᠶ᠎ᠡ ᠮᠠᠬᠠᠪᠤᠳ ᠤᠨ ᠪᠠᠶᠢᠳᠠᠯ ᠪᠠ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠨᠠᠷᠢᠨ ᠠᠰᠠᠭᠤᠨ ᠯᠠᠪᠯᠠᠬᠤ ᠶᠢᠨ ᠬᠠᠮᠳᠣ ᠪᠠᠶᠠᠰᠤᠩᠭᠤᠢ ᠤᠪᠤᠷ ᠢᠶᠠᠷ ᠠᠮᠢᠳᠤᠷᠠᠯ ᠳᠤ ᠪᠠᠨ ᠬᠠᠨᠳᠤᠬᠤ ᠶᠢ ᠵᠣᠷᠢᠭᠵᠢᠭᠤᠯᠪᠠ᠃ ᠨᠠᠰᠤᠲᠠᠨ ᠤ ᠨᠢᠭᠡ ᠭᠡᠷ ᠤᠨ ᠬᠢᠨ ᠲᠤᠬᠠᠢ ᠶᠢᠨ ᠲᠠᠯᠠᠪᠤᠷ ᠲᠤ ᠪᠠᠶᠢᠭᠰᠠᠨ ᠬᠥᠮᠥᠰ ᠢ ᠬᠠᠯᠠᠮᠵᠢᠯᠠᠨ ᠬᠠᠪᠰᠤᠷᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠢᠭᠡᠴᠢ ᠪᠣᠯᠣᠨ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠭᠤᠷᠣᠨᠳᠣᠬᠢ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠲᠡᠳᠡᠨ ᠳᠤ ᠨᠠᠮ ᠤᠨ ᠬᠠᠶᠢᠷ᠎ᠠ ᠰᠡᠳᠬᠢᠯᠭᠡ ᠶᠢ ᠭᠦᠨᠵᠡᠭᠡᠢ ᠮᠡᠳᠡᠷᠡᠭᠦᠯᠵᠦ᠂ ᠠᠮᠢᠳᠤᠷᠠᠯ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠡᠢ᠃
 
ᠢᠷᠡᠯᠲᠡ᠄ ᠪᠠᠶᠠᠨᠭᠤᠣᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号