ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠲᠠᠮᠠᠬᠢ ᠦᠭᠡᠢ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/8
     5 ᠰᠠᠷ᠎ᠠ ᠶᠢᠨ 31 ᠤ ᠡᠳᠦᠷ ᠪᠣᠯ 36 ᠳ᠋ᠤᠭᠠᠷ ︽ᠳᠡᠯᠡᠬᠡᠢ ᠶᠢᠨ ᠲᠠᠮᠠᠬᠢ ᠦᠭᠡᠢ ᠡᠳᠦᠷ︾ ᠪᠣᠯᠣᠨ᠎ᠠ᠂ ᠷᠠᠰᠢᠶᠠᠨ ᠬᠤᠳᠠ ᠶᠢᠨ ᠰᠧᠨᠸᠠᠩ ᠨᠡᠶᠢᠭᠡᠮ ᠲᠣᠭᠤᠷᠢᠭ ᠤᠨ ᠬᠢᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ᠂ ᠡᠪᠯᠡᠯ ᠤᠨ ᠭᠡᠰᠢᠭᠦᠨ ᠰᠠᠶᠢᠨ ᠳᠤᠷ᠎ᠠ ᠶᠢᠨ ᠣᠶᠢᠯᠡᠴᠢᠯᠡᠭᠴᠢ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠶᠢ ᠵᠣᠬᠢᠶᠠᠨ ᠪᠠᠶᠢᠭᠤᠯᠵᠤ ︽ᠳᠡᠯᠡᠬᠡᠢ ᠶᠢᠨ ᠲᠠᠮᠠᠬᠢ ᠦᠭᠡᠢ ᠡᠳᠦᠷ ᠢ ᠲᠤᠷᠠᠰᠬᠠᠵᠤ᠂ ᠬᠦᠮᠦᠰ ᠤᠨ ᠡᠷᠡᠭᠦᠯ ᠮᠡᠨᠳᠦ ᠶᠢ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠡᠢ᠃ ᠲᠤᠰ ᠤᠳᠠᠭᠠᠨ ᠤ ᠲᠠᠮᠠᠬᠢ ᠦᠭᠡᠢ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ᠂ ᠰᠠᠶᠢᠨ ᠳᠤᠷ᠎ᠠ ᠶᠢᠨ ᠣᠶᠢᠯᠡᠴᠢᠯᠡᠭᠴᠢ᠂ ᠡᠮᠡᠭᠲᠡᠶᠢᠴᠦᠳ ᠤᠨ ᠬᠤᠯᠪᠣᠭ᠎ᠠ ᠲᠠᠮᠠᠬᠢ ᠦᠭᠡᠢ ᠶᠢ ᠲᠤᠷᠠᠰᠬᠠᠬᠤ ᠸᠢᠳᠢᠤ᠋ ᠶᠢ ᠦᠵᠡᠬᠦ ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠬᠠᠷᠢᠶ᠎ᠠ ᠣᠷᠣᠨ ᠤ ᠰᠠᠭᠤᠭᠠᠯᠢ ᠠᠷᠠᠳ᠂ ᠪᠢᠴᠢᠬᠠᠨ ᠨᠠᠶᠢᠵᠠ ᠨᠠᠷ ᠲᠤ ᠲᠠᠮᠠᠬᠢ ᠤᠤᠭᠤᠬᠤ ᠨᠢ ᠭᠡᠷ ᠤᠨ ᠬᠥᠮᠥᠰ ᠤᠨ ᠡᠷᠡᠭᠦᠯ ᠮᠡᠨᠳᠦ᠂ ᠣᠷᠴᠢᠨ ᠲᠤᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠢ ᠰᠠᠶᠢᠳᠤᠷ ᠲᠠᠶᠢᠯᠪᠤᠷᠢᠯᠡᠵᠦ ᠦᠭᠬᠦ ᠶᠢᠨ ᠬᠠᠮᠲᠤ᠂ ᠪᠢᠴᠢᠬᠠᠨ ᠨᠠᠶᠢᠵᠠ ᠨᠠᠷ ᠲᠤ ᠲᠠᠮᠠᠬᠢᠨ ᠤᠳᠤᠭᠠᠨ ᠳᠤ ᠬᠤᠤᠷᠳᠠᠭᠳᠠᠬᠤ ᠠᠴᠠ ᠵᠠᠶᠢᠯᠠᠰᠬᠢᠬᠦ ᠶᠢ ᠰᠠᠨᠠᠭᠠᠴᠢᠯᠠᠵᠤ᠂ ᠭᠡᠷ ᠲᠡᠭᠡᠨ ᠬᠠᠷᠢᠪᠡᠯ ᠲᠥᠷᠥᠯ ᠰᠠᠳᠤᠨ ᠳᠠᠭᠠᠨ ᠲᠠᠮᠠᠬᠢ ᠤᠤᠭᠤᠬᠤ ᠶᠢᠨ ᠬᠤᠣᠷ ᠬᠥᠨᠥᠭᠡᠯ ᠢ ᠬᠡᠯᠡᠵᠦ ᠥᠭᠴᠦ᠂ ᠥᠪᠡᠷ ᠤᠨ ᠠᠵᠢᠯᠯᠠᠭ᠎ᠠ ᠪᠠᠷ ᠢᠶᠠᠨ ᠨᠠᠩ ᠣᠯᠠᠨ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠲᠠᠮᠠᠬᠢ ᠤᠤᠭᠤᠬᠤ ᠶᠢ ᠬᠢᠵᠠᠭᠠᠷᠯᠠᠬᠤ ᠠᠵᠢᠯ ᠳᠤ ᠣᠷᠣᠯᠴᠠᠭᠤᠯᠵᠤ᠂ ᠳᠡᠷᠭᠡᠳᠡᠬᠢ ᠰᠠᠶᠢᠨ ᠰᠠᠶᠢᠬᠠᠨ ᠣᠷᠴᠢᠨ ᠠᠬᠤᠢ ᠪᠠᠨ ᠴᠡᠪᠡᠷᠰᠢᠭᠦᠯᠬᠦ ᠬᠡᠷᠡᠭᠳᠡᠢ ᠭᠡᠵᠦ ᠵᠠᠬᠢᠵᠠᠢ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠲᠤ ᠲᠠᠮᠠᠬᠢ ᠶᠢᠨ ᠬᠤᠣᠷ ᠬᠥᠨᠥᠭᠡᠯ ᠢ ᠲᠠᠨᠢᠭᠤᠯᠵᠤ᠂ ᠤᠯᠤᠰ ᠤᠨ ᠲᠠᠮᠠᠬᠢ ᠣᠣᠭᠤᠬᠤ ᠶᠢ ᠬᠢᠵᠠᠭᠠᠷᠯᠠᠬᠤ ᠠᠵᠢᠯ ᠤᠨ ᠲᠤᠬᠠᠢ ᠰᠠᠭᠤᠭᠠᠯᠢ ᠠᠷᠠᠳ ᠤᠨ ᠲᠠᠨᠢᠯᠲᠠ ᠶᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨᠴᠢ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠰᠠᠭᠤᠭᠠᠯᠢ ᠠᠷᠠᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃  
 
ᠢᠷᠡᠯᠲᠡ᠄ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号