ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2023﹈ 14 ᠳ᠋ᠦᠭᠡᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠶᠢᠮᠠᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠰᠢᠭᠤᠳ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | ︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2023 ᠣᠨ ᠤ 4 ᠰᠠᠷ᠎ᠠ ᠶᠢᠨ 1 | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ | ︶ | ᠬᠢᠩᠭᠠᠨ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠶᠢᠨ ᠲᠥᠯᠥᠭᠡ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠦᠷᠭᠡᠳᠬᠡᠨ ᠪᠠᠶᠢᠭᠤᠯᠵᠤ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠠᠵᠤ ᠠᠬᠤᠶᠢᠯᠠᠯ ᠤᠨ ᠡᠵᠡᠩᠨᠡᠯᠲᠡ ᠶᠢᠨ ᠥᠢᠯᠡ | ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ | ᠦᠷᠭᠦᠯᠵᠢᠯᠡᠨ ᠬᠥᠭᠵᠢᠬᠦ ᠶᠢ ᠲᠥᠯᠬᠢᠨ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠺᠣᠮᠫᠠᠨᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ | ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠠᠤᠯᠢ︾᠂ ︽ᠠᠵᠤ ᠠᠬᠤᠶᠢᠯᠠᠯ ᠤᠨ ᠤᠯᠤᠰ ᠤᠨ | ᠥᠮᠴᠢᠯᠡᠯᠳᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠥᠷ ᠬᠡᠷᠡᠭᠵᠢᠭᠦᠯᠬᠦ ᠲᠥᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠳᠤ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠥᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠤᠭᠳᠠᠭᠠᠪᠠ᠃ | | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ | ᠭᠡᠳᠡᠭ ᠨᠢ ᠠᠶᠢᠮᠠᠭ ᠤᠨ ᠵᠠᠬᠢᠷᠭ᠎ᠠ ᠠᠴᠠ ᠪᠠᠯᠠ ᠭᠠᠷᠭᠠᠵᠤ ᠪᠠᠶᠢᠭᠤᠯᠤᠭᠰᠠᠨ ᠤᠯᠤᠰ ᠤᠨ ᠥᠮᠴᠢᠯᠡᠯᠲᠦ ᠲᠤᠰᠬᠠᠢ | ᠪᠡᠯᠡᠳᠤ ᠺᠣᠮᠫᠠᠨᠢ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠤᠪᠢ ᠡᠵᠡᠮᠳᠡᠬᠦ ᠺᠣᠮᠫᠠᠨᠢ᠂ ᠤᠯᠤᠰ ᠤᠨ | ᠥᠮᠴᠢᠯᠡᠯᠲᠦ ᠬᠥᠷᠥᠩᠭᠡ ᠶᠢᠨ ᠬᠤᠪᠢ ᠣᠷᠣᠭᠤᠯᠤᠭᠰᠠᠨ ᠺᠣᠮᠫᠠᠨᠢ ᠶᠢᠨ ᠬᠠᠮᠲᠤ ᠬᠢᠩᠭᠠᠨ ᠠᠶᠢᠮᠠᠭ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︵ᠳᠣᠷᠣᠭᠰᠢ ᠠᠶᠢᠮᠠᠭ ᠤᠨ ᠤᠯᠤᠰ ᠤᠨ | ᠡᠳ᠋ ᠬᠥᠷᠥᠩᠭᠡ ᠶᠢᠨ ᠵᠥᠪᠯᠡᠯ ᠭᠡᠵᠦ ᠲᠣᠪᠴᠢᠯᠠᠨ᠎ᠠ︶ ᠳᠤ ᠡᠷᠬᠡ ᠣᠯᠭᠤᠵᠤ ᠬᠢᠨᠠᠨ ᠬᠠᠮᠢᠶᠠᠷᠤᠭᠤᠯᠤᠭᠰᠠᠨ ᠠᠵᠤ | ᠠᠬᠤᠶᠢᠯᠠᠯ ᠢ ᠵᠢᠭᠠᠵᠤ ᠪᠣᠶ᠃ | ᠭᠤᠷᠪᠠᠳᠤᠭᠠᠷ ᠵᠦᠢᠯ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠨᠢ ᠠᠶᠢᠮᠠᠭ ᠤᠨ ᠵᠠᠬᠢᠷᠭ᠎ᠠ ᠶᠢᠨ ᠡᠷᠬᠡ | ᠣᠯᠭᠤᠯᠲᠠ ᠶᠢ ᠦᠨᠳᠦᠰᠦᠯᠡᠵᠦ ᠠᠶᠢᠮᠠᠭ ᠤᠨ ᠵᠠᠬᠢᠷᠭ᠎ᠠ ᠶᠢ ᠲᠥᠯᠥᠭᠡᠯᠡᠨ ᠪᠠᠯᠠ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠭᠡᠵᠦ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠠᠶᠢᠮᠠᠭ ᠤᠨ | ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠲᠠᠷᠬᠠᠯᠲᠠ᠂ ᠬᠤᠪᠢᠷᠠᠯᠲᠠ᠂ ᠡᠳ᠋ ᠤᠨ ᠶᠠᠪᠤᠳᠠᠯ ᠤᠨ ᠪᠠᠶᠢᠳᠠᠯ ᠪᠠ ᠡᠵᠡᠩᠨᠡᠯᠲᠡ ᠶᠢᠨ ᠪᠠᠶᠢᠳᠠᠯ | ᠵᠡᠷᠭᠡ ᠳᠤ ᠬᠥᠳᠡᠯᠦᠩᠭᠦᠶ ᠬᠢᠨᠠᠨ ᠬᠡᠮᠵᠢᠯᠲᠡ ᠶᠢ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ | ᠪᠠᠶᠢᠷᠢᠰᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠬᠠᠮᠢᠶᠠᠷᠴᠤ᠂ ᠬᠥᠷᠥᠩᠭᠡ ᠶᠢᠨ ᠠᠵᠢᠯᠯᠠᠭᠠᠨ ᠢ ᠵᠢᠷᠤᠮᠵᠢᠭᠤᠯᠤᠨ | ᠂ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢᠯᠡᠭᠦᠯᠵᠦ᠂ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ | ᠬᠥᠷᠥᠩᠭᠡ ᠶᠢ ᠬᠠᠮᠢᠶᠠᠷᠬᠤ ᠪᠠᠷ ᠭᠤᠤᠯ ᠪᠣᠯᠭᠠᠬᠤ ᠶᠢ ᠪᠡᠶᠡᠯᠡᠭᠦᠯᠦᠨ᠂ ᠤᠯᠤᠰ ᠤᠨ ᠥᠮᠴᠢᠯᠡᠯᠲᠦ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠳᠥᠷᠪᠡᠳᠦᠭᠡᠷ ᠵᠦᠢᠯ ᠵᠠᠰᠠᠭ ᠠᠵᠤ ᠠᠬᠤᠶᠢᠯᠠᠯ ᠢ ᠰᠠᠯᠭᠠᠬᠤ᠂ ᠵᠠᠰᠠᠭ ᠡᠳ᠋ ᠭᠦᠷᠤᠩᠭᠡ ᠶᠢᠨ ᠥᠮᠴᠢᠯᠡᠯ ᠤᠨ | ᠡᠷᠬᠡ ᠶᠢ ᠰᠠᠯᠭᠠᠬᠤ᠂ ᠥᠮᠴᠢᠯᠡᠬᠦ ᠡᠷᠬᠡ ᠪᠣᠯᠤᠨ ᠡᠵᠡᠩᠨᠡᠬᠦ ᠡᠷᠬᠡ ᠶᠢ ᠰᠠᠯᠭᠠᠬᠤ ᠶᠢ ᠪᠠᠷᠢᠮᠲᠠᠯᠠᠵᠤ᠂ ᠡᠷᠬᠡ᠂ ᠡᠭᠦᠷᠭᠡ | ᠂ ᠬᠠᠷᠢᠭᠤᠴᠠᠯᠭ᠎ᠠ ᠶᠢ ᠨᠢᠭᠡᠳᠬᠡᠬᠦ᠂ ᠭᠦᠷᠤᠩᠭᠡ ᠶᠢ ᠬᠠᠮᠢᠶᠠᠷᠬᠤ ᠪᠠ ᠬᠥᠮᠦᠨ ᠢ ᠬᠠᠮᠢᠶᠠᠷᠬᠤ᠂ ᠤᠴᠢᠷ ᠶᠠᠪᠤᠳᠠᠯ ᠢ | ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠦᠨᠡᠨ ᠬᠦ ᠬᠠᠤᠯᠢ ᠶᠣᠰᠣᠭᠠᠷ ᠪᠡᠶ᠎ᠡ ᠪᠠᠨ | ᠳᠠᠭᠠᠭᠠᠵᠤ ᠡᠵᠡᠩᠨᠡᠬᠦ᠂ ᠣᠯᠵᠤ ᠠᠯᠳᠠᠬᠤ ᠪᠠᠨ ᠥᠪᠡᠰᠦᠪᠡᠨ ᠬᠠᠷᠢᠭᠤᠴᠠᠬᠤ᠂ ᠠᠶᠤᠯ ᠲᠦᠭᠰᠢᠭᠦᠷᠢ ᠶᠢ ᠥᠪᠡᠰᠦᠪᠡᠨ | ᠡᠭᠦᠷᠭᠡᠯᠡᠬᠦ᠂ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠬᠥᠭᠵᠢᠭᠦᠯᠬᠦ ᠪᠡᠶ᠎ᠡ ᠪᠠᠨ ᠳᠠᠭᠠᠭᠠᠭᠰᠠᠨ ᠵᠠᠬ᠎ᠠ | ᠳᠡᠯᠭᠡᠭᠦᠷ ᠤᠨ ᠪᠡᠶᠡᠴᠢ ᠴᠣᠭᠴᠠ ᠪᠣᠯᠭᠠᠨ᠎ᠠ᠃ | ᠲᠠᠪᠤᠳᠤᠭᠠᠷ ᠵᠦᠢᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ | ᠴᠢᠩᠭᠠᠳᠬᠠᠬᠤ ᠪᠠ ᠺᠣᠮᠫᠠᠨᠢ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠬᠦ ᠶᠢ | ᠨᠢᠭᠡᠳᠬᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠠᠶᠢᠮᠠᠭ ᠤᠨ ᠰᠢᠭᠤᠳ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠺᠣᠮᠫᠠᠨᠢ ᠶᠢᠨ ᠲᠦᠷᠢᠮ ᠳᠤ ᠣᠷᠣᠭᠤᠯᠵᠤ᠂ ᠺᠣᠮᠫᠠᠨᠢ ᠶᠢᠨ | ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠳᠠᠬᠢ ᠠᠵᠤ ᠠᠬᠤᠶᠢᠯᠠᠯ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠤᠯᠢ ᠪᠠᠷ ᠲᠣᠭᠲᠠᠭᠠᠭᠰᠠᠨ ᠪᠠᠶᠢᠷᠢ ᠰᠠᠭᠤᠷᠢ ᠶᠢ ᠲᠣᠳᠣᠷᠬᠠᠶᠢᠯᠠᠨ᠂ ᠠᠵᠤ ᠠᠬᠤᠶᠢᠯᠠᠯ ᠤᠨ | ᠴᠢᠬᠤᠯᠠ ᠶᠡᠭᠡ ᠠᠰᠠᠭᠤᠳᠠᠯ ᠤᠨ ᠰᠢᠢᠳᠪᠦᠷᠢᠳᠦ ᠪᠣᠳᠣᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠷᠢᠳᠠᠴᠢ ᠰᠤᠳᠤᠯᠤᠯ ᠢ ᠪᠠᠷᠢᠮᠲᠠᠯᠠᠵᠤ᠂ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠭᠯᠡᠯ ᠢ | ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ | ᠵᠢᠷᠭᠤᠳᠤᠭᠠᠷ ᠵᠦᠢᠯ ᠲᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠺᠣᠮᠫᠠᠨᠢ ᠶᠢᠨ ᠵᠠᠰᠠᠯᠲᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠠᠤᠯᠢ ᠶᠢᠨ | ᠬᠥᠮᠦᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠂ ᠡᠷᠬᠡ ᠬᠠᠷᠢᠭᠤᠴᠠᠯᠭ᠎ᠠ ᠶᠢ ᠠᠳᠠᠯᠢ ᠲᠡᠭᠰᠢ | ᠪᠠᠶᠢᠯᠭᠠᠬᠤ ᠶᠢ ᠴᠢᠩᠭᠠᠳᠬᠠᠵᠤ᠂ ᠥᠮᠴᠢᠯᠡᠬᠦ ᠡᠷᠬᠡ ᠨᠢ ᠲᠣᠳᠣᠷᠬᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ | ᠵᠠᠰᠠᠭ ᠠᠵᠤ ᠠᠬᠤᠶᠢᠯᠠᠯ ᠢ ᠰᠠᠯᠭᠠᠭᠰᠠᠨ᠂ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ ᠤᠳᠤ ᠦᠶ᠎ᠡ ᠶᠢᠨ ᠠᠵᠤ | ᠠᠬᠤᠶᠢᠯᠠᠯ ᠤᠨ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠠᠵᠢᠯᠯᠠᠭᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ᠬᠤᠶᠠᠳᠤᠭᠠᠷ ᠪᠦᠯᠦᠭ ᠠᠵᠢᠯᠳᠠᠨ ᠤ ᠶᠠᠪᠤᠳᠠᠯ ᠤᠨ ᠬᠠᠮᠢᠶᠠᠷᠤᠯᠲᠠ | ᠳᠣᠯᠣᠳᠤᠭᠠᠷ ᠵᠦᠢᠯ ᠠᠵᠤ ᠠᠬᠤᠶᠢᠯᠠᠯ ᠤᠨ ᠤᠳᠤᠷᠢᠳᠬᠤ ᠬᠥᠮᠦᠰ ᠵᠢᠴᠢ ᠵᠠᠩᠭᠢᠯᠠᠭ᠎ᠠ ᠶᠢᠨ ᠺᠠᠳ᠋ᠷ ᠤᠨ | ᠬᠠᠮᠢᠶᠠᠷᠤᠯᠲᠠ ᠶᠢᠨ ᠵᠠᠷᠴᠢᠮ᠃ ︽ᠨᠠᠮ ᠳᠠᠭᠠᠨ ᠦᠨᠡᠨᠴᠢ ᠰᠢᠳᠤᠷᠭᠤ᠂ ᠵᠣᠷᠢᠭᠲᠠᠶ ᠪᠠᠷ ᠰᠢᠨ᠎ᠡ ᠶᠢ ᠡᠭᠦᠳᠬᠦ᠂ ᠠᠵᠤ | ᠠᠬᠤᠶᠢᠯᠠᠯ ᠢ ᠵᠠᠰᠠᠬᠤ ᠳᠤ ᠠᠷᠭ᠎ᠠ ᠲᠠᠢ᠂ ᠠᠵᠤ ᠠᠬᠤᠶᠢᠯᠠᠯ ᠢ ᠬᠥᠭᠵᠢᠭᠦᠯᠬᠦ ᠳᠤ ᠴᠢᠷᠮᠠᠶᠢᠯᠭ᠎ᠠ ᠲᠠᠢ᠂ ᠠᠷᠢᠭᠤᠨ | ᠴᠢᠬᠡᠴᠢ ᠪᠠᠶᠢᠬᠤ︾ ᠪᠠᠷᠢᠮᠵᠢᠶ᠎ᠠ ᠶᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠬᠥᠮᠦᠰ | ᠵᠢᠴᠢ ᠵᠠᠩᠭᠢᠯᠠᠭ᠎ᠠ ᠶᠢᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠪᠦᠬᠦ ᠶᠠᠪᠤᠴᠠ ᠳᠤ ᠲᠤᠭᠤᠰᠢᠯᠠᠭᠤᠯᠵᠦ᠂ | ᠳᠣᠣᠷ᠎ᠠ ᠵᠢᠭᠰᠠᠭᠠᠭᠰᠠᠨ ᠵᠠᠷᠴᠢᠮ ᠤᠳ ᠢ ᠪᠣᠳᠠᠲᠠᠶ ᠪᠠᠷ ᠵᠢᠷᠤᠮᠯᠠᠬᠤ ᠬᠡᠷᠡᠭᠲᠡᠶ᠄ | ︵ᠨᠢᠭᠡ︶ ᠨᠠᠮ ᠠᠴᠠ ᠺᠠᠳ᠋ᠷ ᠢ ᠬᠠᠮᠢᠶᠠᠷᠬᠤ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠬᠦ ᠵᠠᠷᠴᠢᠮ︔ | ︵ᠬᠤᠶᠠᠷ︶ ᠤᠬᠠᠮᠰᠠᠷ ᠴᠢᠳᠠᠪᠤᠷᠢ ᠶᠢ ᠬᠤᠣᠰᠯᠠᠭᠤᠯᠬᠤ᠂ ᠤᠬᠠᠮᠰᠠᠷ ᠢ ᠲᠡᠷᠢᠭᠦᠨ ᠳᠤ ᠲᠠᠯᠪᠢᠬᠤ᠂ ᠪᠣᠳᠠᠲᠤ | ᠪᠦᠲᠦᠮᠵᠢ ᠶᠢ ᠴᠢᠬᠤᠯᠠᠴᠢᠯᠠᠬᠤ ᠵᠠᠷᠴᠢᠮ︔ | ︵ᠭᠤᠷᠪᠠ︶ ᠭᠠᠵᠠᠷ ᠣᠷᠣᠨ ᠢ ᠬᠠᠮᠢᠶᠠᠷᠤᠯ ᠦᠭᠡᠢ ᠡᠷᠳᠡᠮᠲᠡᠨ ᠮᠡᠷᠭᠡᠳ ᠢ ᠯᠡ ᠬᠡᠷᠡᠭᠯᠡᠬᠦ ᠵᠠᠷᠴᠢᠮ︔ | ︵ᠲᠦᠷᠪᠡ︶ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ︔ | ︵ᠲᠠᠪᠤ︶ ᠠᠷᠠᠳᠴᠢᠯᠠᠯ ᠢ ᠬᠡᠷᠡᠭᠵᠢᠭᠦᠯᠬᠦ᠂ ᠢᠯᠡ ᠪᠠᠶᠢᠯᠭᠠᠬᠤ᠂ ᠥᠷᠢᠰᠥᠯᠳᠦᠭᠦᠯᠬᠦ᠂ ᠰᠢᠯᠢᠳᠡᠭ ᠢ ᠨᠢ | ᠰᠣᠩᠭᠤᠬᠤ ᠵᠠᠷᠴᠢᠮ︔ | ︵ᠵᠢᠷᠭᠤᠭ᠎ᠠ︶ ᠪᠡᠯᠡ ᠭᠠᠷᠭᠠᠭᠴᠢ ᠮᠡᠳᠡᠷᠡᠨ ᠵᠥᠪᠰᠢᠶᠡᠷᠡᠬᠦ᠂ ᠠᠵᠢᠯᠳᠠᠨ ᠠᠵᠢᠯᠴᠢᠨ ᠤᠯᠠᠨ ᠲᠦᠮᠡᠨ ᠮᠡᠳᠡᠷᠡᠨ | ᠵᠥᠪᠰᠢᠶᠡᠷᠡᠬᠦ᠂ ᠵᠠᠬ᠎ᠠ ᠳᠡᠯᠭᠡᠭᠦᠷ ᠮᠡᠳᠡᠷᠡᠨ ᠵᠥᠪᠰᠢᠶᠡᠷᠡᠬᠦ ᠵᠠᠷᠴᠢᠮ︔ | ︵ᠲᠤᠯᠤᠭ᠎ᠠ︶ ᠠᠵᠢᠯ ᠦᠢᠯᠡᠰ ᠢ ᠳᠡᠭᠡᠳᠦᠯᠡᠬᠦ᠂ ᠭᠤᠣᠯᠴᠢ ᠰᠢᠳᠤᠷᠭᠤ ᠪᠠᠶᠢᠬᠤ ᠵᠠᠷᠴᠢᠮ᠃ | ᠨᠠᠢᠮᠠᠳᠤᠭᠠᠷ ᠵᠦᠢᠯ ᠠᠵᠤ ᠠᠬᠤᠶᠢᠯᠠᠯ ᠤᠨ ᠤᠳᠤᠷᠢᠳᠬᠤ ᠬᠥᠮᠦᠨ ᠵᠢᠴᠢ ᠵᠠᠩᠭᠢᠯᠠᠭ᠎ᠠ ᠶᠢᠨ ᠺᠠᠳ᠋ᠷ ᠢ | ᠲᠣᠮᠢᠯᠠᠬᠤ ᠪᠠᠭᠤᠯᠭᠠᠬᠤ ᠬᠢᠨᠠᠨ ᠰᠢᠯᠭᠠᠬᠤ ᠬᠠᠮᠢᠶᠠᠷᠤᠯᠲᠠ | ︵ᠨᠢᠭᠡ︶ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠦᠨᠳᠦᠰᠦᠯᠡᠨ᠂ ᠠᠶᠢᠮᠠᠭ ᠤᠨ ᠨᠠᠮ ᠤᠨ ᠬᠤᠷᠢᠶ᠎ᠠ ᠶᠢᠨ | ᠤᠳᠤᠷᠢᠳᠬᠤ ᠪᠠᠭ ᠢ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠵᠢᠩᠬᠢᠨᠢ ᠪᠠ ᠳᠡᠳ᠋ ᠲᠤᠰᠢᠶᠠᠯᠲᠠᠨ ᠢ | ᠠᠶᠢᠮᠠᠭ ᠠᠴᠠ ᠲᠣᠮᠢᠯᠠᠵᠤ ᠤᠭᠴᠠᠷᠠᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠠᠴᠠ ᠡᠳᠦᠷ ᠲᠤᠲᠤᠮ ᠤᠨ ᠬᠠᠮᠢᠶᠠᠷᠤᠯᠲᠠ ᠶᠢᠨ ᠬᠢᠨᠠᠨ ᠰᠢᠯᠭᠠᠯᠲᠠ ᠬᠢᠨ᠎ᠠ᠃ | ︵ᠬᠤᠶᠠᠷ︶ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠡᠳᠦᠷ ᠲᠤᠲᠤᠮ ᠤᠨ | ᠬᠠᠮᠢᠶᠠᠷᠤᠯᠲᠠ ᠶᠢᠨ ᠬᠢᠨᠠᠨ ᠰᠢᠯᠭᠠᠯᠲᠠ ᠬᠢᠬᠦ ᠠᠴᠠ ᠭᠠᠳᠠᠨᠠᠬᠢ ᠠᠶᠢᠮᠠᠭ ᠤᠨ ᠰᠢᠭᠤᠳ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠵᠠᠩᠭᠢᠯᠠᠭ᠎ᠠ ᠶᠢᠨ ᠺᠠᠳ᠋ᠷ ︵ᠰᠠᠯᠠᠭ᠎ᠠ ᠮᠥᠴᠢᠷ ᠵᠢᠴᠢ ᠬᠤᠪᠢᠶᠠᠷᠢ ᠠᠵᠤ | ᠠᠬᠤᠶᠢᠯᠠᠯ ᠤᠨ ᠬᠠᠷᠢᠭᠤᠴᠠᠯᠭᠠᠲᠠᠨ︶ ᠢ ᠠᠶᠢᠮᠠᠭ ᠤᠨ ᠪᠠᠯᠠ ᠮᠥᠩᠭᠦ ᠠᠴᠠ ᠲᠣᠮᠢᠯᠠᠵᠤ᠂ ᠠᠵᠤ ᠠᠬᠤᠶᠢᠯᠠᠯ ᠤᠨ | ᠨᠠᠮ ᠤᠨ ᠵᠣᠬᠢᠶᠠᠨ ᠪᠠᠶᠢᠭᠤᠯᠤᠯᠲᠠ ᠠᠴᠠ ᠡᠳᠦᠷ ᠲᠤᠲᠤᠮ ᠤᠨ ᠬᠠᠮᠢᠶᠠᠷᠤᠯᠲᠠ ᠶᠢᠨ ᠬᠢᠨᠠᠨ ᠰᠢᠯᠭᠠᠯᠲᠠ ᠬᠢᠨ᠎ᠠ᠃ | ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠩᠭᠢᠯᠠᠭ᠎ᠠ ᠶᠢᠨ ᠺᠠᠳ᠋ᠷ ᠢ | ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠠᠵᠢᠯ ᠤᠨ ᠪᠠᠶᠢᠷᠢ ᠶᠢᠨ ᠰᠠᠨᠠᠭᠠᠴᠢᠯᠠᠭ᠎ᠠ ᠪᠠ | ᠺᠠᠳ᠋ᠷ ᠢ ᠲᠣᠮᠢᠯᠠᠵᠤ ᠪᠠᠭᠤᠯᠭᠠᠬᠤ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠢᠨᠠᠨ | ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠵᠤ ᠠᠬᠤᠶᠢᠯᠠᠯ ᠤᠨ ᠳᠤᠷᠠᠳᠤᠭᠰᠠᠨ ᠵᠠᠩᠭᠢᠯᠠᠭ᠎ᠠ ᠶᠢᠨ ᠺᠠᠳ᠋ᠷ ᠤᠨ | ᠵᠢᠱᠢᠭᠳᠡᠭᠰᠡᠳ ᠲᠤ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠯᠲᠠ ᠬᠢᠵᠦ᠂ ᠠᠶᠢᠮᠠᠭ ᠤᠨ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ ᠬᠤᠷᠠᠯ ᠳᠤ ᠳᠡᠪᠰᠢᠭᠦᠯᠦᠨ ᠶᠠᠷᠢᠯᠴᠠᠭᠤᠯᠤᠨ ᠲᠣᠭᠲᠠᠭᠠᠯᠭᠠᠵᠤ | ᠂ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ | ᠪᠣᠳᠠᠲᠠᠶ ᠲᠠᠰ ᠳᠠᠷᠠᠭᠠᠯᠠᠯ ᠢ ᠨᠠᠮ ᠵᠠᠰᠠᠭ ᠤᠨ ᠪᠠᠶᠢᠭᠤᠯᠤᠯᠭ᠎ᠠ ᠶᠢᠨ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ | ᠲᠣᠮᠢᠯᠠᠨ ᠬᠡᠷᠡᠭᠯᠡᠬᠦ ᠲᠠᠰ ᠳᠠᠷᠠᠭᠠᠯᠠᠯ ᠢᠶᠠᠷ ᠯᠠᠪᠯᠠᠯᠲᠠ ᠪᠣᠯᠭᠠᠨ ᠶᠠᠪᠤᠭᠳᠠᠭᠤᠯᠤᠨ᠎ᠠ᠃ | ᠶᠢᠰᠦᠳᠦᠭᠡᠷ ᠵᠦᠢᠯ ᠠᠵᠤ ᠠᠬᠤᠶᠢᠯᠠᠯ ᠤᠨ ᠪᠠᠶᠢᠭᠤᠯᠤᠮᠵᠢ᠂ ᠠᠵᠢᠯᠲᠠᠨ ᠤ ᠬᠢᠵᠠᠭᠠᠷᠯᠠᠬᠤ ᠲᠤᠭ᠎ᠠ᠃ | ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠭᠤᠯᠤᠮᠵᠢ᠂ | ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ ᠶᠢᠨ ᠵᠢᠩᠬᠢᠨᠢ ᠪᠠ ᠳᠡᠳ᠋ ᠲᠤᠰᠢᠶᠠᠯ ᠤᠨ ᠡᠵᠡᠮᠳᠡᠬᠦ ᠲᠤᠭ᠎ᠠ᠂ | ᠠᠵᠢᠯᠲᠠᠨ ᠤ ᠡᠵᠡᠮᠳᠡᠬᠦ ᠲᠤᠭ᠎ᠠ ᠬᠡᠮᠵᠢᠶ᠎ᠡ ᠶᠢ ︽ᠵᠢᠷᠭᠤᠭ᠎ᠠ ᠶᠢ ᠲᠣᠭᠲᠠᠭᠠᠬᠤ︾ ᠲᠥᠰᠦᠯ ᠤᠨ ᠶᠣᠰᠣᠭᠠᠷ | ᠬᠡᠷᠡᠭᠵᠢᠭᠦᠯᠦᠨ᠎ᠡ᠃ ᠦᠨᠡᠬᠡᠷ ᠠᠵᠢᠯ ᠤᠨ ᠬᠡᠷᠡᠭᠴᠡᠭᠡ ᠠᠴᠠ ᠪᠤᠯᠵᠤ ᠬᠤᠪᠢᠷᠠᠭᠤᠯᠬᠤ ᠴᠢᠬᠤᠯᠠ ᠲᠠᠢ ᠪᠣᠯ ᠠᠵᠤ | ᠠᠬᠤᠶᠢᠯᠠᠯ ᠠᠴᠠ ᠬᠤᠪᠢᠷᠠᠭᠤᠯᠬᠤ ᠵᠢᠭᠠᠪᠤᠷᠢ ᠠᠪᠴᠤ᠂ ᠠᠶᠢᠮᠠᠭ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ | ᠵᠥᠪᠯᠡᠯ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠲᠤᠬᠢᠷᠠᠭᠤᠯᠤᠯᠳᠡ ᠬᠢᠨ᠎ᠠ᠃ | ᠠᠷᠪᠠᠳᠤᠭᠠᠷ ᠵᠦᠢᠯ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ | ᠴᠢᠳᠠᠪᠤᠷᠢᠲᠠᠨ ᠢᠶᠠᠷ ᠠᠵᠤ ᠠᠬᠤᠶᠢᠯᠠᠯ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ | ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠲᠣᠭᠲᠠᠴᠠ ᠶᠢ ᠪᠦᠷᠢᠨᠰᠢᠬᠦᠯᠦᠨ᠂ ᠠᠵᠤ | ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠳᠡᠭᠡᠳᠦ | ᠮᠡᠷᠭᠡᠵᠢᠯ ᠤᠨ ᠴᠢᠳᠠᠪᠤᠷᠢᠲᠠᠨ ᠵᠢᠴᠢ ᠣᠨᠴᠣᠭᠤᠶ ᠬᠦᠷᠢᠶ᠎ᠡ ᠴᠠᠷᠠᠭ᠎ᠠ ᠳᠤ ᠳᠤᠲᠠᠭᠳᠠᠵᠤ ᠪᠠᠶᠢᠭ᠎ᠠ ᠴᠢᠳᠠᠪᠤᠷᠢᠲᠠᠨ ᠤ | ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠥᠭᠵᠢᠭᠡᠬᠦ ᠪᠠ | ᠬᠠᠮᠠᠭᠠᠯᠠᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠰᠠᠶᠢᠨ ᠰᠠᠶᠢᠬᠠᠨ ᠣᠷᠴᠢᠨ | ᠲᠣᠭᠤᠷᠢᠨ ᠢ ᠪᠣᠶ ᠪᠣᠯᠭᠠᠨ᠎ᠠ᠃ | ᠠᠷᠪᠠᠨ ᠨᠢᠭᠡᠳᠦᠭᠡᠷ ᠵᠦᠢᠯ ᠵᠠᠬ᠎ᠠ ᠳᠡᠯᠭᠡᠭᠦᠷᠴᠢᠯᠡᠭᠰᠡᠨ ᠠᠵᠢᠯᠴᠢᠨ ᠬᠡᠷᠡᠭᠯᠡᠬᠦ ᠲᠦᠷᠢᠮ ᠢ ᠬᠡᠷᠡᠭᠵᠢᠭᠦᠯᠦᠨ᠎ᠡ᠃ | ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤᠷᠢᠬᠤ᠂ | ᠴᠢᠳᠠᠪᠤᠷᠢᠲᠠᠨ ᠣᠷᠣᠭᠤᠯᠤᠨ ᠠᠪᠴᠢᠷᠠᠬᠤ ᠳᠤ ᠵᠠᠬ᠎ᠠ ᠳᠡᠯᠭᠡᠭᠦᠷᠴᠢᠯᠡᠨ ᠠᠵᠢᠯᠴᠢᠨ ᠬᠡᠷᠡᠭᠯᠡᠬᠦ ᠵᠠᠷᠴᠢᠮ ᠢᠶᠠᠷ | ᠶᠠᠪᠤᠭᠳᠠᠭᠤᠯᠤᠨ᠎ᠠ᠃ ᠲᠤᠰ ᠱᠠᠲᠤᠨ ᠤ ᠠᠵᠢᠯᠳᠠᠨ ᠤ ᠶᠠᠪᠤᠳᠠᠯ ᠤᠨ ᠰᠢᠯᠭᠠᠯᠲᠠ ᠶᠢᠨ ᠪᠠᠶᠢᠭᠤᠯᠤᠮᠵᠢ ᠳᠤ ᠨᠠᠶᠢᠳᠠᠵᠤ | ᠵᠣᠬᠢᠶᠠᠨ ᠪᠠᠶᠢᠭᠤᠯᠤᠨ ᠬᠢᠯᠭᠡᠵᠦ ᠪᠣᠯᠤᠨ᠎ᠠ᠂ ᠠᠵᠤ ᠠᠬᠤᠶᠢᠯᠠᠯ ᠥᠪᠡᠷ ᠢᠶᠠᠨ ᠵᠣᠬᠢᠶᠠᠨ ᠪᠠᠶᠢᠭᠤᠯᠵᠤ ᠬᠢᠭᠰᠡᠨ ᠴᠦ | ᠪᠣᠯᠤᠨ᠎ᠠ᠃ ᠲᠣᠰ ᠱᠠᠲᠤᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠪᠠᠶᠢᠭᠤᠯᠤᠮᠵᠢ ᠳᠤ ᠨᠠᠶᠢᠳᠠᠵᠤ ᠢᠯᠡ ᠪᠠᠷ | ᠤᠷᠢᠨ ᠬᠡᠷᠡᠭᠯᠡᠬᠦ ᠪᠤᠶᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠠᠴᠠ ᠪᠣᠯᠵᠣ ᠣᠨᠴᠣᠭᠤᠶ ᠴᠢᠳᠠᠪᠤᠷᠢᠲᠠᠨ ᠢ ᠤᠷᠢᠨ | ᠣᠷᠣᠭᠤᠯᠬᠤ ᠳᠤ ᠭᠦᠷᠪᠡᠯ᠂ ᠵᠣᠬᠢᠶᠠᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠶᠠᠪᠤᠭᠳᠠᠭᠤᠯᠤᠨ᠎ᠠ᠃ ᠠᠵᠤ | ᠠᠬᠤᠶᠢᠯᠠᠯ ᠣᠨᠴᠣᠭᠤᠶ ᠲᠤᠬᠠᠶᠢᠯᠠᠭᠰᠠᠨ ᠠᠵᠢᠯ ᠤᠨ ᠬᠡᠷᠡᠭᠴᠡᠭᠡ ᠠᠴᠠ ᠪᠣᠯᠵᠣ ᠥᠪᠡᠰᠦᠪᠡᠨ ᠢᠯᠡ ᠪᠠᠷ ᠤᠷᠢᠨ | ᠬᠡᠷᠡᠭᠯᠡᠬᠦ ᠳᠤ ᠭᠦᠷᠪᠡᠯ᠂ ᠤᠷᠢᠳᠠᠪᠠᠷ ᠬᠥᠮᠦᠨ ᠬᠡᠷᠡᠭᠯᠡᠬᠦ ᠪᠣᠳᠠᠲᠠᠶ ᠲᠥᠰᠦᠯ ᠪᠠ ᠤᠷᠢᠨ ᠬᠡᠷᠡᠭᠯᠡᠬᠦ ᠲᠠᠰ ᠳᠠᠷᠠᠭᠠᠯᠠᠯ ᠢ | ᠳᠤᠷᠠᠳᠤᠨ ᠭᠠᠷᠭᠠᠵᠤ᠂ ᠤᠷᠢᠨ ᠬᠡᠷᠡᠭᠯᠡᠬᠦ ᠲᠠᠰ ᠳᠠᠷᠠᠭᠠᠯᠠᠯ ᠢᠶᠠᠨ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ᠂ ᠲᠣᠮᠢᠯᠠᠨ ᠰᠠᠭᠤᠯᠭᠠᠭᠰᠠᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠠᠵᠢᠯᠲᠠᠨ᠂ ᠠᠶᠢᠮᠠᠭ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠥᠬᠦᠶ ᠠᠵᠢᠯᠲᠠᠨ ᠣᠷᠣᠯᠴᠠᠵᠤ᠂ ᠢᠯᠡ ᠪᠠᠷ | ᠡᠯᠰᠡᠨ ᠬᠡᠷᠡᠭᠯᠡᠬᠦ ᠬᠡᠷᠡᠭᠲᠡᠶ᠃ | ᠭᠤᠷᠪᠠᠳᠤᠭᠠᠷ ᠪᠦᠯᠦᠭ ᠪᠡᠯᠡ ᠣᠷᠣᠭᠤᠯᠤᠯᠲᠠ᠂ ᠳᠠᠭᠠᠭᠠᠯᠲᠠ᠂ ᠪᠡᠯᠡ ᠲᠤᠬᠢᠷᠠᠭᠤᠯᠭ᠎ᠠ ᠶᠢᠨ ᠬᠠᠮᠢᠶᠠᠷᠤᠯᠲᠠ | ᠠᠷᠪᠠᠨ ᠬᠤᠶᠠᠳᠤᠭᠠᠷ ᠵᠦᠢᠯ ᠪᠡᠯᠡ ᠣᠷᠣᠭᠤᠯᠤᠯᠲᠠ ᠶᠢ ᠬᠢᠨᠠᠨ ᠬᠠᠮᠢᠶᠠᠷᠬᠤ | ︵ᠨᠢᠭᠡ︶ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠨᠢ ᠠᠶᠢᠮᠠᠭ ᠤᠨ ᠰᠢᠭᠤᠳ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠯᠥᠪᠵᠢᠭᠦᠯᠭᠡ ︵ᠬᠤᠪᠢᠶᠠᠷᠢ | ᠺᠣᠮᠫᠠᠨᠢ ᠪᠠᠶᠢᠭᠤᠯᠬᠤ ᠶᠢ ᠪᠠᠭᠲᠠᠭᠠᠨ᠎ᠠ︶᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠳᠤ᠂ | ᠤᠯᠤᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ | ᠦᠨᠳᠦᠰᠦᠯᠡᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠵᠦ᠂ ᠠᠵᠤ ᠠᠬᠤᠶᠢᠯᠠᠯ ᠤᠨ | ᠣᠨ ᠤ ᠪᠠᠯᠠ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠤᠭᠰᠠᠨ ᠲᠥᠷᠥᠯ ᠵᠦᠢᠯ ᠳᠤ ᠲᠥᠷᠥᠯ ᠬᠤᠪᠢᠶᠠᠨ | ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃ | ︵ᠬᠤᠶᠠᠷ︶ ᠠᠵᠤ ᠠᠬᠤᠶᠢᠯᠠᠯ ᠤᠨ ᠡᠯ᠎ᠡ ᠱᠠᠲᠤᠨ ᠤ ᠭᠤᠤᠯ ᠠᠵᠢᠯ ᠲᠥᠷᠥᠯ ᠤᠨ ᠪᠠᠯᠠ ᠣᠷᠣᠭᠤᠯᠤᠯᠲᠠ ᠶᠢᠨ | ᠲᠥᠷᠥᠯ ᠵᠦᠢᠯ ᠢ ᠣᠨ ᠤ ᠪᠠᠯᠠ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠤᠭᠰᠠᠨ ᠪᠠᠶᠢᠪᠠᠯ᠂ ᠣᠨᠴᠣᠭᠤᠶ | ᠬᠢᠨᠠᠨ ᠬᠠᠮᠢᠶᠠᠷᠬᠤ ᠲᠥᠷᠥᠯ ᠤᠨ ᠲᠥᠷᠥᠯ ᠵᠦᠢᠯ ᠠᠴᠠ ᠪᠤᠰᠤᠳ ᠠᠶᠢᠮᠠᠭ ᠤᠨ ᠪᠠᠯᠠ ᠬᠥᠷᠥᠩᠭᠡ ᠶᠢᠨ ᠵᠥᠪᠯᠡᠯ ᠳᠤ | ᠳᠡᠩᠰᠡᠯᠡᠨ ᠬᠠᠮᠢᠶᠠᠷᠬᠤ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠨᠢ ᠵᠢᠯ ᠪᠦᠷᠢ ᠶᠢᠨ 2 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠣᠨ ᠤ ᠪᠠᠯᠠ ᠣᠷᠣᠭᠤᠯᠤᠯᠲᠠ ᠶᠢᠨ ᠲᠥᠯᠥᠪᠯᠡᠭᠡ ᠵᠢᠴᠢ ᠥᠰᠥᠭ ᠪᠢᠴᠢᠭ ᠤᠨ | ᠲᠣᠳᠣᠷᠬᠠᠶᠢᠯᠠᠯᠲᠠ ᠪᠠᠨ ᠠᠶᠢᠮᠠᠭ ᠤᠨ ᠪᠠᠯᠠ ᠣᠷᠣᠭᠤᠯᠤᠯᠲᠠ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠵᠤ᠂ | ᠠᠵᠤ ᠠᠬᠤᠶᠢᠯᠠᠯ ᠨᠢ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠨ ᠤ ᠪᠠᠯᠠ ᠣᠷᠣᠭᠤᠯᠤᠯᠲᠠ ᠶᠢᠨ | ᠲᠥᠯᠥᠪᠯᠡᠭᠡ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ ᠪᠣᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠲᠥᠷᠥᠯ | ᠵᠦᠢᠯ᠂ ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠤᠨ ᠲᠥᠷᠥᠯ ᠵᠦᠢᠯ᠂ ᠪᠠᠴᠢᠮ | ᠵᠦᠢᠯᠡᠰ ᠪᠠ ᠣᠨᠴᠣᠭᠤᠶ ᠪᠠᠶᠢᠳᠠᠯ ᠳᠤ ᠪᠣᠳᠠᠲᠠᠶ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠵᠦ᠂ ᠬᠡᠷᠡᠭ | ᠮᠡᠳᠡᠭᠴᠢᠳ ᠤᠨ ᠬᠤᠷᠠᠯ ᠢᠶᠠᠷ ᠰᠢᠢᠳᠪᠦᠷᠢᠳᠦ ᠪᠣᠳᠣᠯᠭ᠎ᠠ ᠲᠣᠭᠲᠠᠭᠠᠯᠭᠠᠭᠰᠠᠨ ᠤ ᠳᠠᠷᠠᠭ᠎ᠠ᠂ ᠠᠶᠢᠮᠠᠭ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠢᠨᠠᠨ ᠲᠣᠭᠲᠠᠭᠠᠯᠭᠠᠨ᠎ᠠ᠃ | ︵ᠭᠤᠷᠪᠠ︶ ᠨᠢᠭᠡᠳᠦᠭᠡᠷ ᠳᠡᠰ ᠤᠨ ᠠᠵᠤ ᠠᠬᠤᠶᠢᠯᠠᠯ ᠪᠣᠯᠤᠨ ᠴᠢᠬᠤᠯᠠ ᠬᠤᠪᠢᠶᠠᠷᠢ ᠠᠵᠤ ᠠᠬᠤᠶᠢᠯᠠᠯ ᠤᠨ | ᠭᠤᠤᠯ ᠠᠵᠢᠯ ᠲᠥᠷᠥᠯ ᠤᠨ ᠪᠤᠰᠤ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠠᠶᠢᠮᠠᠭ ᠤᠨ ᠡᠳ᠋ | ᠬᠥᠷᠥᠩᠭᠡ ᠶᠢᠨ ᠵᠥᠪᠯᠡᠯ ᠠᠴᠠ ᠬᠢᠨᠠᠨ ᠵᠥᠪᠰᠢᠶᠡᠷᠡᠵᠦ ᠬᠠᠮᠢᠶᠠᠷᠬᠤ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠨᠢ | ᠬᠤᠯᠪᠣᠭᠠᠲᠤ ᠤᠯᠤᠰ ᠤᠨ ᠡᠳ᠋ ᠬᠥᠷᠥᠩᠭᠡ ᠶᠢᠨ ᠵᠥᠪᠯᠡᠯ ᠳᠤ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠭᠰᠠᠨ | ᠵᠢᠭᠠᠪᠤᠷᠢ ᠠᠪᠬᠤ ᠶᠢᠨ ᠬᠠᠮᠲᠤ ᠲᠥᠷᠥᠯ ᠵᠦᠢᠯ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠪᠠ ᠬᠠᠤᠯᠢ | ᠴᠠᠭᠠᠵᠠ ᠶᠢᠨ ᠰᠠᠨᠠᠯ ᠤᠨ ᠪᠢᠴᠢᠭ᠂ ᠬᠤᠪᠢ ᠣᠷᠣᠭᠤᠯᠤᠭᠴᠢᠳ ᠤᠨ ᠵᠥᠪᠯᠡᠯ ᠪᠤᠶᠤ ᠬᠡᠷᠡᠭ ᠮᠡᠳᠡᠭᠴᠢᠳ ᠤᠨ | ᠵᠥᠪᠯᠡᠯ ᠤᠨ ᠰᠢᠢᠳᠪᠦᠷᠢ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠷᠠᠯ ᠤᠨ ᠲᠣᠪᠴᠢ ᠲᠡᠮᠳᠡᠭᠯᠡᠯ᠂ | ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠭᠰᠠᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠴᠠᠭᠠᠯᠲᠠ ᠶᠢᠨ ᠮᠡᠳᠡᠭᠦᠯᠦᠯᠲᠡ᠂ ᠡᠳ᠋ ᠤᠨ ᠶᠠᠪᠤᠳᠠᠯ ᠤᠨ ᠬᠢᠨᠠᠨ | ᠪᠤᠳᠤᠯᠲᠠ᠂ ᠡᠳ᠋ ᠬᠥᠷᠥᠩᠭᠡ ᠶᠢᠨ ᠬᠢᠨᠠᠨ ᠬᠠᠷᠭᠤᠭᠤᠯᠤᠯᠲᠠ᠂ ᠡᠳ᠋ ᠬᠥᠷᠥᠩᠭᠡ ᠶᠢᠨ ᠦᠨᠡᠯᠡᠨ ᠵᠢᠱᠢᠯᠲᠡ ᠵᠡᠷᠭᠡ | ᠲᠤᠰᠬᠠᠶ ᠮᠡᠷᠭᠡᠵᠢᠯ ᠤᠨ ᠮᠡᠳᠡᠭᠦᠯᠦᠯᠲᠡ ᠶᠢ ᠬᠠᠩᠭᠠᠨ᠎ᠠ᠃ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠨᠢ 20 ᠠᠵᠢᠯᠯᠠᠬᠤ ᠡᠳᠦᠷ ᠲᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠪᠡᠶᠡᠯᠡᠭᠦᠯᠬᠦ | ᠬᠡᠷᠡᠭᠲᠡᠶ᠃ ᠪᠤᠰᠤᠳ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠠᠵᠤ ᠠᠬᠤᠶᠢᠯᠠᠯ ᠤᠨ ᠭᠤᠤᠯ ᠠᠵᠢᠯ | ᠲᠥᠷᠥᠯ ᠤᠨ ᠪᠤᠰᠤ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ᠂ ᠠᠵᠤ ᠠᠬᠤᠶᠢᠯᠠᠯ ᠤᠨ ᠳᠣᠲᠣᠭᠠᠳᠤ ᠳᠤ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ ᠰᠢᠢᠳᠪᠦᠷᠢᠳᠦ ᠪᠣᠳᠣᠯᠭ᠎ᠠ | ᠲᠣᠭᠲᠠᠭᠠᠬᠤ ᠲᠠᠰ ᠳᠠᠷᠠᠭᠠᠯᠠᠯ ᠢ ᠭᠦᠢᠴᠡᠳᠭᠡᠨ᠎ᠡ᠃ | ︵ᠳᠥᠷᠪᠡ︶ ᠣᠨᠴᠣᠭᠤᠶ ᠬᠢᠨᠠᠨ ᠬᠠᠮᠢᠶᠠᠷᠬᠤ ᠲᠥᠷᠥᠯ ᠤᠨ ᠲᠥᠷᠥᠯ ᠵᠦᠢᠯ ᠳᠤ ᠠᠶᠢᠮᠠᠭ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠵᠥᠪᠰᠢᠶᠡᠷᠡᠵᠦ ᠬᠠᠮᠢᠶᠠᠷᠬᠤ ᠶᠢ | ᠬᠡᠷᠡᠭᠵᠢᠭᠦᠯᠦᠨ᠎ᠡ᠃ ᠡᠭᠦᠨ ᠳᠤ ᠭᠤᠣᠯᠳᠠᠭᠤ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠪᠡᠯᠡ ᠣᠷᠣᠭᠤᠯᠬᠤ | ᠵᠦᠢᠯᠡᠰ ᠪᠠ ᠬᠢᠯᠢ ᠶᠢᠨ ᠳᠣᠲᠣᠷ᠎ᠠ ᠪᠡᠯᠡ ᠣᠷᠣᠭᠤᠯᠤᠭᠰᠠᠨ ᠲᠤᠭ᠎ᠠ ᠪᠠᠷ ᠨᠡᠯᠢᠶᠡᠳ ᠶᠡᠭᠡ ᠪᠡᠯᠡ ᠣᠷᠣᠭᠤᠯᠬᠤ | ᠵᠦᠢᠯᠡᠰ ᠪᠠᠭᠲᠠᠨ᠎ᠠ᠃ ᠬᠢᠯᠢ ᠶᠢᠨ ᠳᠣᠲᠣᠷᠠᠬᠢ ᠪᠡᠯᠡ ᠣᠷᠣᠭᠤᠯᠤᠯᠲᠠ ᠶᠢᠨ ᠲᠤᠭ᠎ᠠ ᠪᠠᠷ ᠨᠡᠯᠢᠶᠡᠳ ᠶᠡᠭᠡ ᠪᠡᠯᠡ | ᠣᠷᠣᠭᠤᠯᠤᠯᠲᠠ ᠶᠢᠨ ᠵᠦᠢᠯᠡᠰ ᠭᠡᠳᠡᠭ ᠨᠢ ᠨᠢᠭᠡᠳᠦᠭᠡᠷ ᠳᠡᠰ ᠤᠨ ᠠᠵᠤ ᠠᠬᠤᠶᠢᠯᠠᠯ ᠪᠣᠯᠤᠨ ᠴᠢᠬᠤᠯᠠ ᠬᠤᠪᠢᠶᠠᠷᠢ | ᠠᠵᠤ ᠠᠬᠤᠶᠢᠯᠠᠯ ᠤᠨ ᠭᠠᠭᠴᠠ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠨᠢ ᠲᠦᠷᠦᠭᠦᠦ ᠵᠢᠯ ᠤᠨ | ᠡᠴᠦᠰ ᠤᠨ ᠨᠡᠶᠢᠯᠡᠭᠦᠯᠦᠭᠰᠡᠨ ᠨᠢᠭᠲᠠᠯᠠᠨ ᠪᠤᠳᠤᠯᠳᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢᠨ ᠴᠡᠪᠡᠷ ᠡᠳ᠋ | ᠬᠦᠷᠦᠩᠭᠡ ᠶᠢᠨ 30% ᠵᠢᠴᠢ ᠲᠡᠭᠦᠨ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠵᠦᠢᠯᠡᠰ ᠢ ᠵᠢᠭᠠᠵᠤ ᠪᠠᠶᠢᠨ᠎ᠠ᠃ | | ︵ᠲᠠᠪᠤ︶ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠪᠤᠶᠤ ᠠᠶᠢᠮᠠᠭ ᠤᠨ ᠵᠠᠬᠢᠷᠭ᠎ᠠ ᠶᠢᠨ ᠵᠥᠪᠰᠢᠶᠡᠷᠡᠭᠰᠡᠨ | ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ᠂ ᠠᠵᠤ ᠠᠬᠤᠶᠢᠯᠠᠯ ᠨᠢ ᠤᠯᠠᠷᠢᠯ ᠢᠶᠠᠷ ᠠᠶᠢᠮᠠᠭ ᠤᠨ ᠡᠳ᠋ | ᠬᠥᠷᠥᠩᠭᠡ ᠶᠢᠨ ᠵᠥᠪᠯᠡᠯ ᠳᠤ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠪᠠᠨ | ᠮᠡᠳᠡᠭᠦᠯᠦᠨ ᠬᠦᠷᠭᠡᠵᠦ᠂ ᠳᠠᠷᠠᠭᠠᠬᠢ ᠦᠨᠡᠯᠡᠯᠲᠡ ᠶᠢᠨ ᠲᠦᠷᠢᠮ ᠢ ᠴᠠᠭ ᠲᠤᠬᠠᠶ ᠳᠤᠨᠢ ᠪᠠᠶᠢᠭᠤᠯᠤᠨ᠂ ᠠᠶᠢᠮᠠᠭ ᠤᠨ | ᠡᠳ᠋ ᠬᠥᠷᠥᠩᠭᠡ ᠶᠢᠨ ᠵᠥᠪᠯᠡᠯ ᠨᠢ ᠤᠯᠠᠷᠢᠯ ᠤᠨ ᠲᠣᠬᠢᠷᠠᠭᠤᠯᠤᠯᠲᠠ ᠪᠠ ᠥᠷᠨᠢᠭᠦᠯᠦᠭᠰᠡᠨ ᠤ ᠳᠠᠷᠠᠭᠠᠬᠢ | ᠦᠨᠡᠯᠡᠯᠲᠡ ᠶᠢᠨ ᠠᠵᠢᠯ ᠢ ᠬᠠᠷᠢᠭᠤᠴᠠᠬᠤ ᠵᠢᠴᠢ ᠠᠵᠤ ᠠᠬᠤᠶᠢᠯᠠᠯ ᠤᠨ ᠣᠨ ᠤ ᠡᠳ᠋ ᠤᠨ ᠶᠠᠪᠤᠳᠠᠯ ᠤᠨ | ᠮᠡᠳᠡᠭᠦᠯᠦᠯᠲᠡ ᠶᠢᠨ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠳᠠᠭᠠᠭᠠᠯᠲᠠ ᠶᠢᠨ ᠬᠠᠮᠢᠶᠠᠷᠤᠯᠲᠠ | ︵ᠨᠢᠭᠡ︶ ᠳᠠᠭᠠᠭᠠᠯᠲᠠ ᠬᠢᠬᠦ ᠬᠡᠪᠴᠢᠶ᠎ᠡ ᠪᠣᠯ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠳᠤ | ᠠᠵᠤ ᠠᠬᠤᠶᠢᠯᠠᠯ ᠤᠨ ᠨᠡᠶᠢᠯᠡᠭᠦᠯᠬᠦ ᠬᠡᠪᠴᠢᠶᠡᠨ ᠳᠤ ᠣᠷᠣᠭᠤᠯᠤᠭᠰᠠᠨ ᠬᠤᠪᠢᠶᠠᠷᠢ ᠠᠵᠤ ᠠᠬᠤᠶᠢᠯᠠᠯ ᠪᠣᠯᠤᠨ | ᠨᠡᠶᠢᠯᠡᠭᠦᠯᠬᠦ ᠬᠡᠪᠴᠢᠶᠡᠨ ᠳᠤ ᠣᠷᠣᠭᠤᠯᠤᠭᠠᠳᠤᠶ ᠬᠤᠪᠢ ᠣᠷᠣᠭᠤᠯᠤᠭᠰᠠᠨ ᠠᠵᠤ ᠠᠬᠤᠶᠢᠯᠠᠯ ᠳᠤ ᠬᠢᠭᠰᠡᠨ | ᠳᠠᠭᠠᠭᠠᠯᠲᠠ ᠪᠣᠯᠤᠨ᠎ᠠ᠃ ᠬᠤᠪᠢ ᠣᠷᠣᠭᠤᠯᠤᠭᠰᠠᠨ ᠠᠵᠤ ᠠᠬᠤᠶᠢᠯᠠᠯ ᠳᠤ ᠬᠤᠪᠢ ᠳᠠᠪᠠᠭᠰᠠᠨ ᠬᠠᠷᠢᠴᠠᠯ ᠤᠨ | ᠳᠠᠭᠠᠭᠠᠯᠲᠠ ᠬᠢᠬᠦ ᠶᠢ ᠴᠢᠩᠭ᠎ᠠ ᠴᠠᠭᠠᠵᠠᠯᠠᠵᠤ᠂ ᠰᠲ᠋ᠣᠺ ᠤᠨ ᠡᠷᠬᠡ ᠶᠢᠨ ᠬᠠᠷᠢᠴᠠᠭ᠎ᠠ ᠦᠭᠡᠢ ᠠᠵᠤ ᠠᠬᠤᠶᠢᠯᠠᠯ ᠳᠤ | ᠶᠠᠮᠠᠷᠪᠠ ᠳᠠᠭᠠᠭᠠᠯᠲᠠ ᠬᠠᠩᠭᠠᠬᠤ ᠶᠢ ᠴᠢᠩᠭ᠎ᠠ ᠴᠠᠭᠠᠵᠠᠯᠠᠨ᠎ᠠ᠃ ᠵᠠᠷᠴᠢᠮ ᠳᠡᠭᠡᠷ᠎ᠡ ᠪᠠᠨ ᠵᠥᠪᠬᠡᠨ ᠦᠷᠭᠦᠯᠵᠢᠯᠡᠨ | ᠡᠵᠡᠩᠨᠡᠬᠦ ᠴᠢᠳᠠᠪᠤᠷᠢ ᠪᠠ ᠥᠷᠢ ᠥᠭᠴᠡᠭᠡ ᠪᠠᠨ ᠳᠥᠯᠥᠬᠦ ᠴᠢᠳᠠᠪᠤᠷᠢ ᠲᠠᠢ ᠬᠤᠪᠢᠶᠠᠷᠢ ᠠᠵᠤ ᠠᠬᠤᠶᠢᠯᠠᠯ ᠪᠤᠶᠤ | ᠬᠤᠪᠢ ᠣᠷᠣᠭᠤᠯᠤᠭᠰᠠᠨ ᠠᠵᠤ ᠠᠬᠤᠶᠢᠯᠠᠯ ᠳᠤ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠨ᠎ᠠ᠃ ᠠᠵᠤ | ᠠᠬᠤᠶᠢᠯᠠᠯ ᠤᠨ ᠳᠠᠭᠠᠭᠠᠯᠲᠠ ᠶᠢᠨ ᠡᠷᠬᠡ ᠮᠡᠳᠡᠯ ᠤᠨ ᠬᠡᠪᠴᠢᠶ᠎ᠡ᠂ ᠳᠠᠭᠠᠭᠠᠯᠲᠠ ᠶᠢᠨ ᠲᠠᠰ ᠳᠠᠷᠠᠭᠠᠯᠠᠯ ᠢ ᠲᠣᠭᠲᠠᠭᠠᠯ | ᠶᠣᠰᠣᠭᠠᠷ ᠴᠢᠩᠭ᠎ᠠ ᠬᠡᠷᠡᠭᠵᠢᠭᠦᠯᠵᠦ᠂ ᠨᠡᠶᠢᠲᠡ ᠳᠠᠭᠠᠭᠠᠯᠲᠠ ᠶᠢᠨ ᠲᠤᠭ᠎ᠠ ᠶᠢ ᠵᠠᠷᠴᠢᠮ ᠳᠡᠭᠡᠷ᠎ᠡ ᠪᠠᠨ ᠪᠦᠯᠦᠭᠯᠡᠯ ᠤᠨ | ᠨᠡᠶᠢᠯᠡᠭᠦᠯᠦᠭᠰᠡᠨ ᠴᠡᠪᠡᠷ ᠡᠳ᠋ ᠬᠥᠷᠥᠩᠭᠡ ᠶᠢᠨ 40% ᠠᠴᠠ ᠬᠡᠲᠦᠷᠡᠭᠦᠯᠵᠦ ᠪᠣᠯᠬᠤ ᠥᠬᠡᠶ᠂ ᠭᠠᠭᠴᠠ ᠡᠷᠦᠬᠡ ᠶᠢᠨ | ᠠᠵᠤ ᠠᠬᠤᠶᠢᠯᠠᠯ ︵ᠪᠦᠯᠦᠭᠯᠡᠯ ᠤᠨ ᠲᠣᠰ ᠬᠡᠯᠲᠡᠰ ᠪᠠᠭᠲᠠᠨ᠎ᠠ︶ ᠤᠨ ᠨᠡᠶᠢᠲᠡ ᠳᠠᠭᠠᠭᠠᠯᠲᠠ ᠶᠢᠨ ᠲᠤᠭ᠎ᠠ ᠶᠢ ᠲᠣᠰ | ᠠᠵᠤ ᠠᠬᠤᠶᠢᠯᠠᠯ ᠤᠨ ᠴᠡᠪᠡᠷ ᠡᠳ᠋ ᠬᠥᠷᠥᠩᠭᠡ ᠶᠢᠨ 50% ᠠᠴᠠ ᠬᠡᠲᠦᠷᠡᠭᠦᠯᠵᠦ ᠪᠣᠯᠬᠤ ᠥᠬᠡᠶ᠃ | ︵ᠬᠤᠶᠠᠷ︶ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠵᠢᠴᠢ ᠴᠢᠬᠤᠯᠠ | ᠰᠠᠯᠪᠤᠷᠢ ᠠᠵᠤ ᠠᠬᠤᠶᠢᠯᠠᠯ ᠤᠨ ᠳᠣᠲᠣᠷᠠᠬᠢ ︽ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠣᠯᠤᠭᠰᠠᠨ ᠪᠠᠯᠠ ᠲᠣᠬᠢᠷᠠᠭᠤᠯᠭ᠎ᠠ ᠶᠢᠨ ᠴᠢᠨᠠᠷᠲᠠᠶ | ᠳᠠᠭᠠᠭᠠᠯᠲᠠ ᠶᠢᠨ ᠠᠵᠤ ᠠᠬᠤᠶᠢᠯᠠᠯ᠂ ᠲᠡᠭᠦᠨ ᠤ ᠡᠵᠡᠩᠨᠡᠯᠲᠡ ᠶᠢᠨ ᠬᠡᠪᠴᠢᠶᠡᠨ ᠳᠠᠬᠢ ᠪᠠᠯᠠ ᠲᠣᠬᠢᠷᠠᠭᠤᠯᠭ᠎ᠠ ᠶᠢᠨ | ᠴᠢᠨᠠᠷᠲᠠᠶ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠬᠦ ᠳᠤ᠂ ᠬᠠᠮᠢᠶ᠎ᠠ ᠪᠥᠬᠦᠶ ᠬᠠᠤᠯᠢ ᠴᠠᠭᠠᠵᠠ᠂ | ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠲᠦᠷᠢᠮ ᠤᠨ ᠲᠣᠭᠲᠠᠭᠠᠯ ᠢ ᠴᠢᠩᠭ᠎ᠠ ᠵᠢᠷᠤᠮᠯᠠᠵᠤ᠂ | ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠲᠡᠭᠦᠨ ᠤ ᠪᠠᠯᠠ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ ᠶᠢᠨ | ᠲᠤᠬᠠᠶᠢᠯᠠᠭᠰᠠᠨ ᠠᠵᠢᠯ ᠢ ᠬᠡᠪ ᠤᠨ ᠶᠣᠰᠣᠭᠠᠷ ᠥᠷᠨᠢᠭᠦᠯᠬᠦ ᠶᠠᠪᠤᠴᠠ ᠳᠤ ᠶᠠᠮᠠᠷᠪᠠ ᠬᠢᠨᠠᠨ ᠵᠥᠪᠰᠢᠶᠡᠷᠡᠬᠦ ᠲᠠᠰ | ᠳᠠᠷᠠᠭᠠᠯᠠᠯ ᠢ ᠨᠡᠮᠡᠬᠦ ᠥᠬᠡᠶ᠂ ᠭᠡᠪᠡᠴᠦ ᠲᠡᠭᠦᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠵᠢᠴᠢ ᠲᠦᠭᠰᠢᠭᠦᠷᠢ ᠶᠢᠨ | ᠬᠠᠮᠢᠶᠠᠷᠤᠯᠲᠠ ᠳᠤ ᠬᠢᠨᠠᠯᠲᠠ ᠪᠠᠶᠢᠴᠠᠭᠠᠯᠲᠠ ᠬᠢᠬᠦ ᠡᠷᠬᠡ ᠲᠠᠢ᠃ | ᠠᠷᠪᠠᠨ ᠳᠥᠷᠪᠡᠳᠦᠭᠡᠷ ᠵᠦᠢᠯ ᠪᠡᠯᠡ ᠲᠤᠬᠢᠷᠠᠭᠤᠯᠭ᠎ᠠ ᠶᠢᠨ ᠬᠢᠨᠠᠯᠲᠠ ᠬᠠᠮᠢᠶᠠᠷᠤᠯᠲᠠ | ︵ᠨᠢᠭᠡ︶ ᠠᠵᠤ ᠠᠬᠤᠶᠢᠯᠠᠯ ᠤᠳ ᠪᠠᠯᠠ ᠲᠣᠬᠢᠷᠠᠭᠤᠯᠭ᠎ᠠ ᠶᠢᠨ ᠬᠡᠪᠴᠢᠶ᠎ᠡ ᠶᠢᠨ ᠶᠡᠷᠦᠩᠬᠡᠶ ᠬᠡᠮᠵᠢᠶ᠎ᠡ ᠶᠢ | ᠬᠢᠵᠠᠭᠠᠷᠯᠠᠵᠤ᠂ ᠣᠶᠤᠨᠴᠢ ᠪᠠᠷ᠂ ᠵᠣᠬᠢᠰᠲᠠᠶ ᠪᠠᠯᠠ ᠳᠣᠭᠢᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠪᠠ | ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠬᠤ ᠬᠡᠷᠡᠭᠲᠡᠶ︔ ᠪᠠᠯᠠ ᠲᠣᠬᠢᠷᠠᠭᠤᠯᠭ᠎ᠠ ᠶᠢᠨ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠪᠠᠯᠠ ᠲᠣᠬᠢᠷᠠᠭᠤᠯᠭ᠎ᠠ ᠶᠢᠨ ᠲᠦᠭᠰᠢᠭᠦᠷᠢ ᠶᠢ | ᠬᠠᠮᠤᠭ ᠤᠨ ᠶᠡᠭᠡ ᠪᠠᠯᠠ ᠲᠣᠬᠢᠷᠠᠭᠤᠯᠭ᠎ᠠ ᠶᠢᠨ ᠦᠯᠡᠳᠡᠪᠦᠷᠢ ᠲᠤᠭ᠎ᠠ ᠵᠢᠴᠢ ᠡᠬᠡ ᠬᠦᠤ ᠶᠢ ᠪᠤᠴᠠᠭᠠᠬᠤ ᠨᠠᠷᠢᠨ | ᠵᠦᠢᠯᠡᠰ ᠢ ᠤᠯᠠᠷᠢᠯ ᠢᠶᠠᠷ ᠠᠶᠢᠮᠠᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠳᠤ ᠴᠠᠭ ᠲᠤᠬᠠᠶ ᠳᠤᠨᠢ | ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ︵ᠬᠤᠶᠠᠷ︶ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠶᠠᠮᠠᠷᠪᠠ ᠬᠡᠯᠪᠡᠷᠢ ᠪᠠᠷ ᠣᠷᠣᠨ ᠨᠤᠲᠤᠭ ᠤᠨ | ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠲᠤ ᠵᠢᠭᠡᠯᠡᠯᠭᠡ ᠠᠪᠬᠤ ᠶᠢ ᠴᠢᠩᠭ᠎ᠠ ᠴᠠᠭᠠᠵᠠᠯᠠᠵᠤ᠂ | ᠶᠠᠮᠠᠷᠪᠠ ᠬᠡᠯᠪᠡᠷᠢ ᠪᠠᠷ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠣᠷᠣᠯᠭ᠎ᠠ ᠪᠠᠷ ᠵᠣᠭᠤᠰ ᠪᠤᠴᠠᠭᠠᠬᠤ ᠢᠷᠡᠯᠲᠡ | ᠪᠣᠯᠭᠠᠵᠤ᠂ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠨᠡᠮᠡᠭᠳᠡᠭᠦᠯᠬᠦ ᠦᠶ᠋ᠯᠡ ᠠᠵᠢᠯᠯᠠᠭ᠎ᠠ ᠡᠭᠦᠰᠬᠦ ᠶᠢ ᠴᠢᠩᠭ᠎ᠠ | ᠴᠠᠭᠠᠵᠠᠯᠠᠨ᠎ᠠ᠃ | ᠳᠥᠷᠪᠡᠳᠦᠭᠡᠷ ᠪᠦᠯᠦᠭ ᠡᠳ᠋ ᠬᠦᠷᠦᠩᠭᠡ ᠶᠢᠨ ᠬᠠᠮᠢᠶᠠᠷᠤᠯᠲᠠ | ᠠᠷᠪᠠᠨ ᠲᠠᠪᠤᠳᠤᠭᠠᠷ ᠵᠦᠢᠯ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ | ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠠᠶᠢᠮᠠᠭ ᠤᠨ | ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠥᠮᠴᠢᠯᠡᠬᠦ ᠡᠷᠬᠡ ᠶᠢ ᠳᠠᠩᠰᠠᠯᠠᠬᠤ᠂ ᠡᠳ᠋ ᠬᠥᠷᠥᠩᠭᠡ ᠬᠤᠳᠠᠯᠳᠤᠨ ᠠᠪᠬᠤ᠂ ᠡᠳ᠋ ᠬᠥᠷᠥᠩᠭᠡ | ᠬᠡᠷᠡᠭᠯᠡᠬᠦ᠂ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ᠂ ᠡᠳ᠋ ᠬᠥᠷᠥᠩᠭᠡ ᠶᠢ ᠦᠨᠡᠯᠡᠨ ᠵᠢᠱᠢᠬᠦ᠂ ᠡᠳ᠋ | ᠬᠥᠷᠥᠩᠭᠡ ᠶᠢ ᠰᠢᠢᠳᠪᠦᠷᠢᠯᠡᠬᠦ᠂ ᠥᠮᠴᠢᠯᠡᠬᠦ ᠡᠷᠬᠡ ᠶᠢ ᠠᠷᠠᠯᠵᠢᠶᠠᠯᠠᠬᠤ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ | ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠨᠢ ᠲᠣᠭᠲᠠᠭᠠᠯ ᠶᠣᠰᠣᠭᠠᠷ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠳᠤ ᠠᠵᠤ ᠠᠬᠤᠶᠢᠯᠠᠯ ᠤᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠪᠣᠯᠤᠨ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠮᠡᠳᠡᠭᠦᠯᠬᠦ ᠬᠦᠰᠦᠨᠦᠭᠲᠦ ᠵᠡᠷᠭᠡ | ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠨᠢ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠤᠨ | ᠶᠠᠪᠤᠳᠠᠯ ᠤᠨ ᠪᠠᠶᠢᠳᠠᠯ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤ ᠪᠦᠷᠢᠳᠬᠡᠨ ᠵᠠᠳᠠᠯᠤᠯᠲᠠ ᠬᠢᠵᠦ᠂ | ᠲᠣᠭᠲᠠᠮᠠᠯ ᠬᠤᠭᠤᠴᠠᠭ᠎ᠠ ᠲᠠᠢ ᠪᠠᠷ ᠠᠶᠢᠮᠠᠭ ᠤᠨ ᠵᠠᠬᠢᠷᠭ᠎ᠠ ᠳᠤ ᠪᠦᠷᠢᠳᠬᠡᠨ ᠵᠠᠳᠠᠯᠤᠭᠰᠠᠨ ᠦᠷ᠎ᠡ ᠳ᠋ᠦᠩ ᠢᠶᠠᠨ | ᠮᠡᠳᠡᠭᠦᠯᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡ ᠭᠠᠷᠭᠠᠭᠰᠠᠨ ᠠᠵᠤ ᠠᠬᠤᠶᠢᠯᠠᠯ ᠤᠨ | ᠡᠳ᠋ ᠤᠨ ᠶᠠᠪᠤᠳᠠᠯ ᠳᠤ ᠬᠢᠨᠠᠯᠲᠠ ᠲᠠᠯᠪᠢᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠦᠷᠳᠡᠭ ᠢ | ᠪᠠᠲᠤᠯᠠᠵᠤ ᠦᠷᠳᠡᠭ ᠢ ᠨᠡᠮᠡᠭᠳᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠠᠷᠪᠠᠨ ᠨᠠᠶᠢᠮᠠᠳᠤᠭᠠᠷ ᠵᠦᠢᠯ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠨᠢ ᠳᠣᠲᠣᠭᠠᠳᠤ ᠶᠢᠨ ᠬᠢᠨᠠᠯᠲᠠ ᠲᠠᠯᠪᠢᠬᠤ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ | ᠴᠢᠩᠭᠠᠳᠬᠠᠵᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠳ᠋ ᠤᠨ ᠶᠠᠪᠤᠳᠠᠯ᠂ ᠬᠢᠨᠠᠨ ᠪᠤᠳᠤᠬᠤ᠂ ᠠᠵᠤ | ᠠᠬᠤᠶᠢᠯᠠᠯ ᠤᠨ ᠬᠠᠤᠯᠢ ᠴᠠᠭᠠᠵᠠ ᠶᠢᠨ ᠵᠥᠪᠯᠡᠭᠴᠢ ᠪᠠ ᠠᠵᠢᠯᠲᠠᠨ ᠠᠵᠢᠯᠴᠢᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠵᠡᠷᠭᠡ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠬᠤᠭᠤᠷᠣᠨᠳᠣ ᠥᠮᠴᠢᠯᠡᠬᠦ ᠡᠷᠬᠡ ᠶᠢᠨ ᠵᠢᠭᠤᠷᠠᠯᠳᠤᠭᠠᠨ ᠭᠠᠷᠪᠠᠯ᠂ ᠬᠠᠷᠢᠯᠴᠠᠨ ᠠᠭᠤᠴᠢᠯᠠᠵᠤ | ᠬᠠᠷᠢᠯᠴᠠᠨ ᠨᠠᠶᠢᠷ ᠲᠠᠯᠪᠢᠬᠤ ᠵᠠᠷᠴᠢᠮ ᠢᠶᠠᠷ ᠵᠥᠪᠳᠡᠯᠴᠡᠨ ᠰᠢᠢᠳᠪᠦᠷᠢᠯᠡᠵᠦ᠂ ᠵᠥᠪᠳᠡᠯᠴᠡᠭᠡᠳ ᠪᠦᠲᠦᠭᠰᠡᠨ ᠥᠬᠡᠶ | ᠦᠶ᠎ᠡ ᠳᠤ ᠬᠠᠷᠢᠶᠠᠯᠠᠯ ᠤᠨ ᠡᠷᠬᠡ ᠲᠠᠢ ᠠᠷᠠᠳ ᠤᠨ ᠰᠢᠭᠦᠬᠦ ᠬᠤᠷᠢᠶ᠎ᠠ ᠳᠤ ᠵᠠᠭᠠᠯᠳᠤᠵᠤ ᠰᠢᠢᠳᠪᠦᠷᠢᠯᠡᠨ᠎ᠡ᠃ | ᠲᠠᠪᠤᠳᠤᠭᠠᠷ ᠪᠦᠯᠦᠭ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ᠎ᠠ | ᠬᠤᠷᠢᠳᠤᠭᠠᠷ ᠵᠦᠢᠯ ᠭᠦᠩᠰᠧ ᠶᠢᠨ ᠲᠦᠷᠢᠮ ᠢᠶᠠᠷ ᠰᠠᠭᠤᠷᠢ ᠪᠣᠯᠭᠠᠭᠰᠠᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠳᠣᠲᠣᠭᠠᠳᠤ ᠶᠢᠨ ᠬᠢᠵᠠᠭᠠᠷᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠶᠢᠮᠠᠭ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠠᠶᠢᠮᠠᠭ ᠤᠨ ᠰᠢᠭᠤᠳ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠳᠤᠮᠳᠠᠳᠤ ᠤᠯᠤᠰ ᠤᠨ ᠥᠮᠴᠢᠯᠡᠯᠲᠦ ᠲᠤᠰᠠᠭᠠᠷ ᠪᠡᠯᠡᠲᠦ ᠺᠣᠮᠫᠠᠨᠢ ᠶᠢᠨ | ᠲᠦᠷᠢᠮ ᠵᠢᠴᠢ ᠵᠠᠰᠠᠪᠤᠷᠢ ᠣᠷᠣᠭᠤᠯᠬᠤ ᠲᠥᠰᠦᠯ ᠢ ᠬᠢᠨᠠᠨ ᠬᠠᠷᠭᠤᠭᠤᠯᠵᠤ ᠵᠥᠪᠰᠢᠶᠡᠷᠡᠬᠦ ᠶᠢ ᠬᠠᠷᠢᠭᠤᠴᠠᠵᠤ᠂ ᠠᠵᠤ | ᠠᠬᠤᠶᠢᠯᠠᠯ ᠢ ᠬᠢᠨᠠᠨ ᠬᠠᠮᠢᠶᠠᠷᠴᠤ ᠪᠠᠶᠢᠭᠠᠳ ᠲᠣᠭᠲᠠᠭᠰᠠᠨ ᠲᠠᠰ ᠳᠠᠷᠠᠭᠠᠯᠠᠯ ᠪᠠ ᠴᠠᠭ ᠤᠨ ᠬᠢᠵᠠᠭᠠᠷ ᠶᠣᠰᠣᠭᠠᠷ | ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠵᠤ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠪᠡᠶᠡᠯᠡᠭᠦᠯᠬᠦ ᠶᠢᠨ ᠬᠠᠮᠲᠤ | ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠳᠠᠩᠰᠠᠯᠠᠭᠤᠯᠤᠨ᠎ᠠ᠃ ᠠᠶᠢᠮᠠᠭ ᠤᠨ | ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠳᠠᠬᠢ ᠣᠯᠠᠨ ᠡᠰᠢᠲᠦ ᠪᠠᠯᠠ ᠣᠷᠣᠭᠤᠯᠤᠯᠲᠠ ᠶᠢᠨ | ᠭᠤᠤᠯ ᠴᠣᠭᠴᠠ ᠶᠢᠨ ᠺᠣᠮᠫᠠᠨᠢ ᠶᠢᠨ ᠲᠦᠷᠢᠮ ᠳᠤ ᠵᠠᠰᠠᠪᠤᠷᠢ ᠣᠷᠣᠭᠤᠯᠬᠤ ᠵᠥᠪᠯᠡᠯᠭᠡ ᠳᠤ ᠤᠯᠤᠰ ᠤᠨ ᠥᠮᠴᠢᠯᠡᠯᠲᠦ | ᠬᠤᠪᠢ ᠣᠷᠣᠭᠤᠯᠤᠭᠴᠢ ᠠᠴᠠ ᠰᠠᠨᠠᠯ ᠲᠤᠷᠠᠳᠤᠨ᠎ᠠ᠃ | ᠬᠤᠷᠢᠨ ᠨᠢᠭᠡᠳᠦᠭᠡᠷ ᠵᠦᠢᠯ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠳᠠᠴᠢ ᠰᠤᠳᠤᠯᠭᠠᠨ ᠤ ᠲᠠᠰ ᠳᠠᠷᠠᠭᠠᠯᠠᠯ ᠪᠠ ︽ᠭᠤᠷᠪᠠᠨ ᠴᠢᠬᠤᠯᠠ | ᠨᠢᠭᠡ ᠶᠡᠭᠡ︾ ᠶᠢᠨ ᠰᠢᠢᠳᠪᠦᠷᠢᠳᠦ ᠪᠣᠳᠣᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠶᠢᠮᠠᠭ ᠤᠨ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠬᠤ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠨᠢ ᠠᠵᠤ ᠠᠬᠤᠶᠢᠯᠠᠯ ᠤᠨ ︽ᠭᠤᠷᠪᠠᠨ ᠴᠢᠬᠤᠯᠠ ᠨᠢᠭᠡ ᠶᠡᠭᠡ︾ | ᠶᠢᠨ ᠵᠦᠢᠯᠡᠰ ᠲᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ | ᠵᠦᠢᠯᠡᠰ ᠲᠤ ᠬᠤᠯᠪᠣᠭᠳᠠᠨ᠎ᠠ᠂ ᠠᠵᠤ ᠠᠬᠤᠶᠢᠯᠠᠯ ᠨᠢ ᠡᠮᠦᠨᠡᠬᠢ ᠬᠤᠭᠤᠴᠠᠭᠠᠨ ᠤ ᠵᠥᠪᠳᠡᠯᠴᠡᠬᠦ ᠪᠠᠷ ᠳᠡᠮᠵᠢᠨ | ᠰᠢᠢᠳᠪᠦᠷᠢᠳᠦ ᠪᠣᠳᠣᠯᠭ᠎ᠠ ᠲᠣᠭᠲᠠᠭᠠᠭᠰᠠᠨ ᠤ ᠳᠠᠷᠠᠭ᠎ᠠ᠂ ᠡᠷᠬᠡᠪᠰᠢ ᠬᠤᠪᠢ ᠣᠷᠣᠭᠤᠯᠤᠭᠴᠢ ᠪᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠳᠠᠬᠢᠨ ᠬᠠᠮᠲᠤ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠪᠠ ᠰᠢᠢᠳᠪᠦᠷᠢᠳᠦ | ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠲᠣᠰ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ | ᠵᠢᠯ ᠤᠨ ᠡᠴᠦᠰ ᠤᠨ ᠬᠡᠷᠡᠭ ᠮᠡᠳᠡᠭᠴᠢᠳ ᠤᠨ ᠵᠥᠪᠯᠡᠯ ᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠨ᠎ᠠ᠃ | ᠬᠤᠷᠢᠨ ᠬᠤᠶᠠᠳᠤᠭᠠᠷ ᠵᠦᠢᠯ ᠬᠡᠷᠡᠭ ᠮᠡᠳᠡᠭᠴᠢᠳ ᠤᠨ ᠵᠥᠪᠯᠡᠯ ᠤᠨ ᠪᠠᠶᠢᠯᠳᠤᠬᠤ ᠪᠤᠳᠤᠯᠭ᠎ᠠ ᠲᠣᠭᠲᠠᠭᠠᠬᠤ᠂ | ᠰᠢᠢᠳᠪᠦᠷᠢᠳᠦ ᠪᠤᠳᠤᠯᠭ᠎ᠠ ᠲᠣᠭᠲᠠᠭᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠴᠢᠳᠠᠪᠤᠷᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠡᠷᠡᠭ ᠮᠡᠳᠡᠭᠴᠢᠳ ᠤᠨ ᠵᠥᠪᠯᠡᠯ ᠤᠨ ᠪᠠᠶᠢᠭᠤᠯᠬᠤ ᠶᠣᠰᠣᠲᠠᠶ ᠶᠢ ᠨᠢ ᠴᠥᠮ ᠪᠠᠶᠢᠭᠤᠯᠬᠤ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠭᠠᠳᠠᠨᠠᠬᠢ ᠬᠡᠷᠡᠭ ᠮᠡᠳᠡᠭᠴᠢᠳ ᠵᠠᠷᠴᠢᠮ ᠳᠡᠭᠡᠷ᠎ᠡ ᠪᠠᠨ ᠬᠡᠷᠡᠭ ᠮᠡᠳᠡᠭᠴᠢᠳ ᠤᠨ | ᠵᠥᠪᠯᠡᠯ ᠤᠨ ᠪᠦᠷᠢᠯᠳᠦᠬᠦᠨ ᠤ ᠣᠯᠠᠩᠬᠢ ᠲᠤᠭ᠎ᠠ ᠶᠢ ᠡᠵᠡᠯᠡᠵᠦ᠂ ᠬᠡᠷᠡᠭ ᠮᠡᠳᠡᠭᠴᠢᠳ ᠤᠨ ᠵᠥᠪᠯᠡᠯ ᠤᠨ | ᠵᠢᠷᠤᠮᠵᠢᠭᠰᠠᠨ ᠠᠵᠢᠯᠯᠠᠭᠠᠨ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠡᠷᠡᠭ ᠮᠡᠳᠡᠭᠴᠢᠳ ᠤᠨ ᠵᠥᠪᠯᠡᠯ ᠤᠨ | ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠲᠣᠭᠲᠠᠭᠠᠬᠤ᠂ ᠬᠥᠮᠦᠨ ᠰᠣᠩᠭᠤᠵᠤ ᠬᠥᠮᠦᠨ ᠬᠡᠷᠡᠭᠯᠡᠬᠦ᠂ ᠴᠠᠯᠢᠩ | ᠬᠥᠯᠥᠰᠥ ᠬᠤᠪᠢᠶᠠᠷᠢᠯᠠᠬᠤ ᠵᠡᠷᠭᠡ ᠡᠷᠬᠡ ᠶᠢ ᠪᠦᠬᠦ ᠲᠠᠯ᠎ᠠ ᠪᠠᠷ ᠬᠠᠤᠯᠢ ᠶᠣᠰᠣᠭᠠᠷ ᠨᠠᠶᠢᠳᠠᠪᠤᠷᠢᠵᠢᠭᠤᠯᠤᠨ᠎ᠠ᠃ | ᠬᠤᠷᠢᠨ ᠭᠤᠷᠪᠠᠳᠤᠭᠠᠷ ᠵᠦᠢᠯ ᠳᠠᠭᠠᠭᠠᠮᠠᠯ ᠤᠨ ᠱᠠᠳᠤ ᠱᠠᠳᠤ ᠪᠠᠷ ᠡᠵᠡᠩᠨᠡᠬᠦ᠂ ᠨᠠᠶᠢᠳᠠᠪᠤᠷᠢᠵᠢᠭᠤᠯᠤᠯᠲᠠ ᠶᠢ | ᠠᠳᠬᠤᠬᠤ᠂ ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠴᠢᠩᠭᠠᠳᠬᠠᠬᠤ ᠶᠢ ᠪᠠᠲᠤᠯᠠᠬᠤ ᠬᠡᠷᠡᠭᠲᠡᠶ᠃ ᠠᠶᠢᠮᠠᠭ ᠤᠨ | ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠬᠡᠷᠡᠭ ᠮᠡᠳᠡᠭᠴᠢᠳ ᠤᠨ ᠵᠥᠪᠯᠡᠯ ᠠᠴᠠ | ᠳᠠᠭᠠᠭᠠᠮᠠᠯ ᠤᠨ ᠳᠠᠪᠬᠤᠷᠭ᠎ᠠ ᠳᠤ ᠡᠷᠬᠡ ᠣᠯᠭᠤᠬᠤ ᠠᠵᠢᠯ ᠤᠨ ᠲᠥᠰᠦᠯ᠂ ᠲᠦᠷᠢᠮ᠂ ᠨᠠᠷᠢᠨ ᠬᠠᠭᠤᠳᠠᠰᠤ ᠶᠢ | ᠪᠠᠶᠢᠭᠤᠯᠵᠤ᠂ ᠳᠠᠭᠠᠭᠠᠮᠠᠯ ᠤᠨ ᠳᠠᠪᠬᠤᠷᠭ᠎ᠠ ᠨᠢ ᠣᠨ ᠢᠶᠠᠷ ᠬᠡᠷᠡᠭ ᠮᠡᠳᠡᠭᠴᠢᠳ ᠤᠨ ᠵᠥᠪᠯᠡᠯ ᠳᠤ ᠠᠵᠢᠯ ᠢᠶᠠᠨ | ᠮᠡᠳᠡᠭᠦᠯᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠴᠢᠬᠤᠯᠠ ᠶᠡᠭᠡ ᠵᠦᠢᠯᠡᠰ ᠢ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠤᠨ᠎ᠠ᠃ | ︽ᠬᠢᠩᠭᠠᠨ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠪᠠᠯᠠ ᠭᠠᠷᠭᠠᠭᠰᠠᠨ ᠠᠵᠤ ᠠᠬᠤᠶᠢᠯᠠᠯ ᠤᠨ ᠴᠢᠬᠤᠯᠠ ᠶᠡᠭᠡ ᠵᠦᠢᠯᠡᠰ ᠢ ᠮᠡᠳᠡᠭᠦᠯᠬᠦ ᠲᠦᠷᠢᠮ︾ ︵ᠠᠵᠤ | ᠠᠬᠤᠶᠢᠯᠠᠯ ᠢ ᠬᠥᠭᠵᠢᠭᠦᠯᠦᠨ ᠮᠠᠨᠳᠤᠭᠤᠯᠬᠤ ᠥᠭᠡᠷᠡᠴᠢᠯᠡᠨ ᠪᠠᠶᠢᠭᠤᠯᠬᠤ ᠠᠯᠪᠠᠨ ᠲᠠᠷᠬᠠᠭᠠᠭᠰᠠᠨ ︹ 2021 ︺ | 10 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠬᠢᠨᠠᠨ ᠵᠥᠪᠰᠢᠶᠡᠷᠡᠬᠦ ᠵᠦᠶ᠋ᠯᠡᠰ ᠪᠠ ᠳᠠᠩᠰᠠᠯᠠᠭᠤᠯᠬᠤ ᠵᠦᠢᠯᠡᠰ ᠤᠨ ᠬᠠᠮᠢᠶᠠᠷᠤᠯᠲᠠ ᠶᠢ ᠶᠠᠪᠤᠭᠳᠠᠭᠤᠯᠤᠨ᠎ᠠ᠃ | ᠵᠢᠷᠭᠤᠳᠤᠭᠠᠷ ᠪᠦᠯᠦᠭ ᠬᠢᠨᠠᠯᠲᠠ ᠲᠠᠯᠪᠢᠬᠤ ᠪᠠ ᠬᠢᠨᠠᠨ ᠰᠢᠯᠭᠠᠬᠤ | ᠬᠤᠷᠢᠨ ᠲᠠᠪᠤᠳᠤᠭᠠᠷ ᠵᠦᠢᠯ ᠡᠵᠤ ᠠᠬᠤᠶᠢᠯᠠᠯ ᠤᠨ ᠤᠳᠤᠷᠢᠳᠬᠤ ᠪᠠᠭ ᠲᠤ ᠲᠠᠯᠪᠢᠬᠤ ᠬᠢᠨᠠᠯᠲᠠ ᠶᠢ | ᠴᠢᠩᠭᠠᠳᠬᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ | ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠬᠦ᠂ ᠤᠳᠤᠷᠢᠳᠬᠤ ᠪᠠᠭ ᠤᠨ | ᠠᠷᠠᠳᠴᠢᠯᠠᠭᠰᠠᠨ ᠠᠮᠢᠳᠤᠷᠠᠯ ᠤᠨ ᠬᠤᠷᠠᠯ᠂ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠵᠡᠷᠭᠡ ᠲᠦᠷᠢᠮ ᠢ ᠪᠠᠷᠢᠮᠲᠠᠯᠠᠨ᠎ᠠ᠃ | ᠬᠤᠷᠢᠨ ᠵᠢᠷᠭᠤᠳᠤᠭᠠᠷ ᠵᠦᠢᠯ ᠤᠯᠤᠰ ᠤᠨ ᠥᠮᠴᠢᠯᠡᠯ ᠤᠨ ᠡᠳ᠋ ᠬᠦᠷᠦᠩᠭᠡ ᠪᠠ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠲᠡᠭᠦᠯᠳᠡᠷᠵᠢᠭᠦᠯᠵᠦ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠪᠦᠬᠦᠯᠢ ᠴᠣᠭᠴᠠ ᠶᠢᠨ ᠡᠵᠡᠩᠨᠡᠯᠲᠡ ᠪᠠ ᠬᠢᠨᠠᠯᠲᠠ ᠬᠠᠮᠢᠶᠠᠷᠤᠯᠲᠠ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢ ᠬᠠᠤᠯᠢ | ᠲᠣᠭᠲᠠᠭᠠᠯ ᠶᠣᠰᠣᠭᠠᠷ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠠᠵᠤ ᠠᠬᠤᠶᠢᠯᠠᠯ ᠤᠨ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠡᠵᠡᠩᠨᠡᠯᠲᠡ ᠶᠢᠨ ᠲᠤᠬᠠᠶ ᠨᠡᠶᠢᠭᠡᠮ ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠪᠠ | ᠬᠢᠨᠠᠯᠲᠠ ᠲᠠᠯᠪᠢᠬᠤ ᠡᠷᠬᠡ ᠶᠢ ᠪᠦᠲᠦᠮᠵᠢᠲᠡᠶ ᠪᠠᠲᠤᠯᠠᠨ᠎ᠠ᠃ | ᠬᠤᠷᠢᠨ ᠳᠣᠯᠣᠳᠤᠭᠠᠷ ᠵᠦᠢᠯ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠬᠢᠨᠠᠨ ᠪᠤᠳᠤᠵᠤ ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠳᠣᠲᠣᠭᠠᠳᠤ ᠳᠠᠭᠠᠨ | ᠬᠢᠨᠠᠨ ᠪᠤᠳᠤᠬᠤ ᠪᠠ ᠭᠠᠳᠠᠨ᠎ᠠ ᠠᠴᠠ ᠬᠢᠨᠠᠨ ᠪᠤᠳᠤᠬᠤ ᠶᠢ ᠬᠠᠷᠢᠯᠴᠠᠨ ᠤᠶᠠᠯᠳᠤᠭᠤᠯᠤᠭᠰᠠᠨ᠂ ᠵᠠᠰᠠᠭ ᠤᠨ | ᠣᠷᠳᠣᠨ ᠤ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠳᠤ ᠬᠠᠮᠲᠤᠪᠠᠷ ᠣᠷᠣᠯᠴᠠᠭᠰᠠᠨ ᠬᠢᠨᠠᠨ ᠪᠤᠳᠤᠵᠤ | ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠵᠤ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠠᠵᠤ | ᠠᠬᠤᠶᠢᠯᠠᠯ ᠤᠨ ᠭᠤᠤᠯ ᠬᠠᠷᠢᠭᠤᠴᠠᠯᠭᠠᠲᠠᠨ ᠤ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ᠂ | ᠠᠵᠤ ᠠᠬᠤᠶᠢᠯᠠᠯ ᠤᠨ ᠡᠳ᠋ ᠬᠥᠷᠥᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ ᠶᠢᠨ ᠪᠠᠶᠢᠳᠠᠯ ᠤᠨ ᠬᠢᠨᠠᠨ | ᠪᠤᠳᠤᠯᠲᠠ ᠶᠢ ᠴᠢᠩᠭᠠᠳᠬᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠶᠡᠷᠦᠩᠬᠡᠶ ᠬᠢᠨᠠᠨ | ᠪᠤᠳᠤᠭᠴᠢ ᠶᠢᠨ ᠲᠦᠷᠢᠮ ᠪᠠᠶᠢᠭᠤᠯᠬᠤ ᠶᠢ ᠲᠦᠯᠬᠢᠨ ᠠᠬᠢᠭᠤᠯᠵᠤ᠂ ᠳᠣᠲᠣᠭᠠᠳᠤ ᠶᠢᠨ ᠬᠢᠨᠠᠨ ᠪᠤᠳᠤᠬᠤ | ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ | ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠠᠵᠤ | ᠠᠬᠤᠶᠢᠯᠠᠯ ᠤᠨ ᠣᠨ ᠤ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ᠂ ᠠᠵᠤ ᠠᠬᠤᠶᠢᠯᠠᠯ ᠤᠨ | ᠳᠣᠲᠣᠭᠠᠳᠤ ᠶᠢᠨ ᠡᠵᠡᠮᠳᠡᠯ ᠵᠢᠴᠢ ᠲᠦᠭᠰᠢᠭᠦᠷᠢ ᠶᠢᠨ ᠬᠠᠮᠢᠶᠠᠷᠤᠯᠲᠠ ᠶᠢᠨ ᠪᠠᠶᠢᠳᠠᠯ ᠤᠨ ᠬᠢᠨᠠᠨ ᠪᠤᠳᠤᠯᠳᠠ ᠶᠢ | ᠥᠷᠨᠢᠭᠦᠯᠦᠨ᠎ᠡ᠃ | ᠬᠤᠷᠢᠨᠨᠠᠢᠮᠠᠳᠤᠭᠠᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠡᠵᠡᠩᠨᠡᠯᠲᠡ ᠶᠢᠨ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠬᠡᠷᠡᠭᠵᠢᠭᠦᠯᠵᠦ᠂ ᠠᠷᠭ᠎ᠠ ᠶᠢᠨ ᠤᠯᠠᠷᠢᠯ ᠤᠨ ᠣᠨ ᠢᠶᠠᠷ ᠦᠶᠡᠯᠡᠯ ᠤᠨ | ᠬᠤᠭᠤᠴᠠᠭ᠎ᠠ ᠪᠣᠯᠭᠠᠨ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠵᠠᠷᠴᠢᠮ ᠤᠨ | ᠶᠣᠰᠣᠭᠠᠷ᠂ ᠠᠵᠤ ᠠᠬᠤᠶᠢᠯᠠᠯ ᠨᠢ ︽ᠨᠢᠭᠡ ᠳᠤ ᠠᠰᠢᠭᠲᠠᠶ ᠲᠠᠪᠤᠨ ᠨᠣᠷᠮ᠎ᠠ︾ ᠶᠢ ᠪᠡᠶᠡᠯᠡᠭᠦᠯᠦᠭᠰᠡᠨ ᠰᠠᠭᠤᠷᠢᠨ | ᠳᠡᠭᠡᠷ᠎ᠡ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢ ᠳᠤᠷᠠᠳᠤᠨ ᠭᠠᠷᠭᠠᠵᠤ᠂ ᠠᠶᠢᠮᠠᠭ ᠤᠨ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠢᠶᠠᠷ ᠠᠩᠬ᠎ᠠ ᠬᠢᠨᠠᠭᠤᠯᠵᠤ᠂ ᠠᠶᠢᠮᠠᠭ ᠵᠠᠬᠢᠷᠭ᠎ᠠ ᠳᠤ ᠮᠡᠳᠡᠭᠦᠯᠦᠨ | ᠲᠣᠭᠲᠠᠭᠠᠯᠭᠠᠵᠤ᠂ ᠭᠦᠢᠴᠡᠳᠭᠡᠯ ᠲᠤᠭ᠎ᠠ ᠶᠢ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ ᠶᠢ | ᠪᠠᠲᠤᠯᠠᠨ᠎ᠠ᠃ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠨᠢ ᠡᠵᠡᠩᠨᠡᠯᠲᠡ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠶᠢ ᠬᠡᠷᠡᠭᠵᠢᠭᠦᠯᠦᠭᠰᠡᠨ ᠪᠠᠶᠢᠳᠠᠯ ᠳᠤ᠂ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠰᠢᠰᠲ᠋ᠧᠮ ᠢᠶᠠᠷ ᠳᠡᠮᠵᠢᠨ ᠬᠥᠳᠡᠯᠦᠩᠭᠦᠶ ᠮᠥᠷᠳᠡᠯᠲᠡ ᠬᠢᠬᠦ ᠪᠠ ᠵᠣᠬᠢᠬᠤ ᠬᠤᠪᠢ | ᠣᠯᠭᠤᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠨ ᠤ ᠠᠮᠵᠢᠯᠲᠠ | ᠪᠦᠲᠦᠮᠵᠢ ᠶᠢᠨ ᠴᠠᠯᠢᠩ ᠢ ᠪᠡᠶᠡᠯᠡᠭᠦᠯᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ | ᠬᠤᠷᠢ ᠶᠢᠰᠦᠳᠦᠭᠡᠷ ᠵᠦᠢᠯ ᠬᠤᠯᠪᠣᠭᠠᠨ ᠤ ᠤᠯᠤᠰ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ︽ᠬᠢᠩᠭᠠᠨ ᠠᠶᠢᠮᠠᠭ ᠤᠨ ᠰᠢᠭᠤᠳ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠦᠷ ᠬᠡᠷᠡᠭᠵᠢᠭᠦᠯᠬᠦ ᠠᠷᠭ᠎ᠠ︾ ︽ᠬᠢᠩᠭᠠᠨ ᠠᠶᠢᠮᠠᠭ ᠤᠨ ᠰᠢᠭᠤᠳ | ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ︽ᠬᠢᠩᠭᠠᠨ ᠠᠶᠢᠮᠠᠭ ᠤᠨ ᠰᠢᠭᠤᠳ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ | ᠡᠭᠦᠷᠭᠡ ᠲᠤᠰᠢᠶᠠᠯ ᠢᠶᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠴᠠᠯᠢᠩ ᠬᠥᠯᠥᠰᠥ ᠶᠢᠨ | ᠬᠠᠮᠢᠶᠠᠷᠤᠯᠲᠠ᠂ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠣᠯᠭᠤᠮᠵᠢ᠂ ᠲᠤᠬᠠᠶᠢᠯᠠᠭᠰᠠᠨ ᠠᠵᠢᠯ ᠤᠨ | ᠵᠠᠷᠤᠯᠭ᠎ᠠ ᠶᠢ ᠬᠢᠨᠠᠨ ᠬᠠᠮᠢᠶᠠᠷᠬᠤ ᠬᠡᠷᠡᠭᠲᠡᠶ᠃ | ᠳᠣᠯᠣᠳᠤᠭᠠᠷ ᠪᠦᠯᠦᠭ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ | ᠭᠤᠴᠢᠳᠤᠭᠠᠷ ᠵᠦᠢᠯ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ | ᠵᠣᠬᠢᠶᠠᠨ ᠪᠠᠶᠢᠭᠤᠯᠤᠯᠲᠠ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ | ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠳᠠᠯᠠᠬᠤ ᠪᠠ ᠵᠢᠷᠤᠮᠵᠢᠭᠤᠯᠵᠤ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠳᠣᠭᠢᠷᠠᠭᠤᠯᠬᠤ ᠪᠠ ᠵᠢᠷᠤᠮᠵᠢᠭᠤᠯᠵᠤ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠡᠯ᠎ᠡ ᠵᠦᠢᠯ ᠤᠨ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠶ | ᠃ ᠡᠯ᠎ᠡ ᠵᠦᠢᠯ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠨᠠᠷᠢᠨ ᠬᠢᠨᠠᠮᠠᠭᠠᠢ ᠥᠷᠨᠢᠭᠦᠯᠵᠦ᠂ | ︽ᠭᠤᠷᠪᠠᠨ ᠬᠤᠷᠠᠯ ᠨᠢᠭᠡ ᠬᠢᠴᠢᠶᠡᠯ︾᠂ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ᠂ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠵᠡᠷᠭᠡ | ᠦᠨᠳᠦᠰᠦᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠠᠷᠤᠳᠠᠯ ᠢ ᠪᠠᠲᠤᠯᠠᠬᠤ᠂ ᠨᠠᠮ ᠤᠨ ᠰᠦᠢᠳᠬᠡᠯ ᠢ | ᠬᠤᠷᠢᠶᠠᠬᠤ᠂ ᠨᠠᠮ ᠤᠨ ᠠᠵᠢᠯ ᠤᠨ ᠪᠠᠶᠢᠭᠤᠯᠤᠮᠵᠢ ᠶᠢ ᠪᠠᠶᠢᠭᠤᠯᠬᠤ ᠪᠠ ᠨᠠᠮ ᠤᠨ ᠠᠵᠢᠯ ᠤᠨ ᠲᠤᠰᠬᠠᠶ ᠲᠤᠰᠢᠶᠠᠯᠲᠤ | ᠠᠵᠢᠯᠳᠠᠨ ᠢ ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠨ᠎ᠠ᠃ | ᠭᠤᠴᠢᠨ ᠨᠢᠭᠡᠳᠦᠭᠡᠷ ᠵᠦᠢᠯ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠎ᠠ᠃ ᠠᠶᠢᠮᠠᠭ ᠤᠨ ᠰᠢᠭᠤᠳ ᠬᠠᠷᠢᠶ᠎ᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ︽ᠨᠢᠭᠡᠳᠦᠭᠡᠷ ᠵᠥᠪᠯᠡᠬᠦ ᠰᠡᠳᠦᠪ︾ ᠢᠶᠠᠨ ︽ᠨᠢᠭᠡᠳᠦᠭᠡᠷ ᠵᠥᠪᠯᠡᠬᠦ ᠰᠡᠳᠦᠪ︾ ᠤᠨ | ᠰᠤᠷᠤᠯᠴᠠᠯᠭ᠎ᠠ ᠶᠢᠨ ᠲᠦᠷᠢᠮ ᠢ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ | ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠤᠯᠤᠰ ᠲᠥᠷᠥ ᠶᠢᠨ ᠤᠳᠤᠷᠢᠳᠤᠮᠵᠢ ᠶᠢ ᠴᠢᠩᠭᠠᠳᠬᠠᠬᠤ᠂ ᠨᠠᠮ ᠤᠨ | ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠶᠢ ᠳᠠᠪᠲᠠᠨ ᠪᠣᠯᠪᠠᠰᠤᠷᠠᠭᠤᠯᠬᠤ ᠴᠢᠬᠤᠯᠠ ᠭᠠᠷᠳᠠᠴᠠ ᠪᠣᠯᠭᠠᠵᠤ᠂ | ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠶ | ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠨ᠎ᠠ᠃ | ᠭᠤᠴᠢᠨ ᠬᠤᠶᠠᠳᠤᠭᠠᠷ ᠵᠦᠢᠯ ︽ᠬᠤᠶᠠᠷ ᠲᠠᠯ᠎ᠠ ᠪᠠᠷ ᠢᠶᠠᠨ ᠣᠷᠣᠬᠤ᠂ ᠰᠣᠯᠪᠢᠴᠠᠨ ᠲᠤᠰᠢᠶᠠᠯ ᠬᠠᠷᠢᠭᠤᠴᠠᠬᠤ | ︾ ᠤᠳᠤᠷᠢᠳᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠨᠥᠬᠦᠴᠡᠯ ᠳᠤ ᠨᠡᠶᠢᠴᠡᠭᠰᠡᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠠᠭ ᠤᠨ ᠪᠦᠷᠢᠯᠳᠦᠬᠦᠨ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ | ᠬᠡᠷᠡᠭ ᠮᠡᠳᠡᠭᠴᠢᠳ ᠤᠨ ᠵᠥᠪᠯᠡᠯ ᠳᠤ ᠣᠷᠣᠵᠤ ᠪᠣᠯᠤᠨ᠎ᠠ᠂ ᠳᠠᠭᠠᠭᠠᠮᠠᠯ ᠤᠨ ᠳᠠᠪᠬᠤᠷᠭ᠎ᠠ᠂ ᠬᠡᠷᠡᠭ ᠮᠡᠳᠡᠭᠴᠢᠳ ᠤᠨ | ᠵᠥᠪᠯᠡᠯ᠂ ᠳᠠᠭᠠᠭᠠᠮᠠᠯ ᠤᠨ ᠳᠠᠪᠬᠤᠷᠭ᠎ᠠ ᠶᠢᠨ ᠪᠦᠷᠢᠯᠳᠦᠬᠦᠨ ᠤ ᠳᠣᠲᠣᠷᠠᠬᠢ ᠨᠥᠬᠦᠴᠡᠯ ᠳᠤ ᠨᠡᠶᠢᠴᠡᠭᠰᠡᠨ ᠨᠠᠮ ᠤᠨ | ᠭᠡᠰᠢᠭᠦᠨ ᠬᠤᠯᠪᠣᠭᠳᠠᠯ ᠪᠦᠬᠦᠢ ᠲᠣᠭᠲᠠᠭᠠᠯ ᠪᠠ ᠵᠢᠷᠤᠮ ᠤᠨ ᠶᠣᠰᠣᠭᠠᠷ ᠨᠠᠮ ᠤᠨ ᠵᠣᠬᠢᠶᠠᠨ ᠪᠠᠶᠢᠭᠤᠯᠤᠯᠲᠠ ᠳᠤ | ᠣᠷᠣᠵᠤ ᠪᠣᠯᠤᠨ᠎ᠠ᠃ | ᠭᠤᠴᠢᠨ ᠭᠤᠷᠪᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠳᠠᠴᠢ ᠰᠤᠳᠤᠯᠭᠠᠨ ᠤ ᠵᠢᠷᠤᠮ ᠢ | ᠨᠠᠶᠢᠳᠠᠪᠤᠷᠢᠵᠢᠭᠤᠯᠤᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠴᠢᠬᠤᠯᠠ ᠶᠡᠭᠡ ᠡᠵᠡᠩᠨᠡᠯᠲᠡ ᠬᠠᠮᠢᠶᠠᠷᠤᠯᠲᠠ ᠶᠢᠨ ᠵᠦᠢᠯᠡᠰ ᠢ ᠡᠷᠬᠡᠪᠰᠢ ᠨᠠᠮ ᠤᠨ ᠵᠣᠬᠢᠶᠠᠨ ᠪᠠᠶᠢᠭᠤᠯᠤᠯᠲᠠ ᠠᠴᠠ | ᠰᠤᠳᠤᠯᠤᠨ ᠶᠠᠷᠢᠯᠴᠠᠭᠰᠠᠨ ᠤ ᠳᠠᠷᠠᠭ᠎ᠠ᠂ ᠬᠡᠷᠡᠭ ᠮᠡᠳᠡᠭᠴᠢᠳ ᠤᠨ ᠵᠥᠪᠯᠡᠯ ᠪᠤᠶᠤ ᠳᠠᠭᠠᠭᠠᠮᠠᠯ ᠤᠨ ᠳᠠᠪᠬᠤᠷᠭ᠎ᠠ ᠠᠴᠠ | ᠲᠣᠭᠲᠠᠭᠠᠯ ᠭᠠᠷᠭᠠᠨ᠎ᠠ᠃ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠠᠵᠤ ᠠᠬᠤᠶᠢᠯᠠᠯ ᠤᠨ | ᠪᠤᠰᠤᠳ ᠺᠣᠮᠫᠠᠨᠢ ᠶᠢᠨ ᠵᠠᠰᠠᠯᠲᠠ ᠶᠢᠨ ᠪᠡᠶᠡᠴᠢ ᠴᠣᠭᠴᠠ ᠶᠢᠨ ᠬᠤᠭᠤᠷᠣᠨᠳᠣᠬᠢ ᠬᠠᠷᠢᠴᠠᠭ᠎ᠠ ᠶᠢ ᠵᠥᠪ ᠢᠶᠠᠷ | ᠰᠢᠢᠳᠪᠦᠷᠢᠯᠡᠵᠦ᠂ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ | ᠲᠤᠬᠠᠶ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠣᠷᠣᠯᠴᠠᠬᠤ ᠠᠭᠤᠯᠭ᠎ᠠ᠂ ᠵᠢᠷᠤᠮ ᠪᠠ ᠠᠷᠭ᠎ᠠ ᠵᠠᠮ ᠢ | ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠪᠤᠰᠤᠳ ᠺᠣᠮᠫᠠᠨᠢ ᠶᠢᠨ ᠵᠠᠰᠠᠯᠲᠠ ᠶᠢᠨ ᠪᠡᠶᠡᠴᠢ | ᠴᠣᠭᠴᠠ ᠶᠢᠨ ᠬᠤᠭᠤᠷᠣᠨᠳᠣᠬᠢ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶ ᠪᠣᠯᠭᠠᠵᠤ᠂ | ᠨᠠᠮ ᠤᠨ ᠤᠳᠤᠷᠢᠳᠤᠯᠭ᠎ᠠ ᠬᠢᠭᠡᠳ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ | ᠵᠠᠰᠠᠯᠲᠠ ᠶᠢᠨ ᠪᠦᠲᠦᠴᠡ ᠶᠢᠨ ᠣᠷᠭᠠᠨᠢᠭ ᠢᠶᠠᠷ ᠤᠶᠠᠯᠳᠤᠬᠤ ᠶᠢ ᠲᠦᠯᠬᠢᠨ ᠠᠬᠢᠭᠤᠯᠤᠨ᠎ᠠ᠃ | ᠭᠤᠴᠢᠨ ᠳᠥᠷᠪᠡᠳᠦᠭᠡᠷ ᠵᠦᠢᠯ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠨ᠎ᠠ᠃ ᠨᠠᠮ ᠤᠨ ᠪᠠᠶᠢᠭᠤᠯᠤᠯᠲᠠ ᠶᠢᠨ ᠠᠵᠢᠯ ᠳᠤ ᠺᠣᠮᠫᠠᠨᠢ ᠶᠢᠨ ᠲᠦᠷᠢᠮ ᠳᠤ ᠪᠢᠴᠢᠨ | ᠣᠷᠣᠭᠤᠯᠵᠤ᠂ ᠺᠣᠮᠫᠠᠨᠢ ᠶᠢ ᠵᠠᠰᠠᠬᠤ ᠪᠦᠲᠦᠴᠡ ᠳᠠᠬᠢ ᠠᠵᠤ ᠠᠬᠤᠶᠢᠯᠠᠯ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠠᠶᠢᠷᠢ ᠰᠠᠭᠤᠷᠢ ᠶᠢ ᠲᠣᠳᠣᠷᠬᠠᠶᠢᠯᠠᠬᠤ ᠶᠢ ᠱᠠᠭᠠᠷᠳᠠᠪᠠ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ︽ᠨᠢᠭᠡᠳᠦᠭᠡᠷ ᠬᠠᠷᠢᠭᠤᠴᠠᠯᠭᠠᠲᠠᠨ︾ ᠢ ᠠᠳᠬᠤᠬᠤ | ᠲᠤᠰᠢᠶᠠᠯ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ | ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠭᠦᠢᠴᠡᠳᠬᠡᠵᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ | ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠨᠠᠮ ᠤᠨ | ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠬᠢᠨᠠᠨ ᠰᠢᠯᠭᠠᠬᠤ ᠲᠦᠷᠢᠮ ᠢ | ᠨᠠᠶᠢᠳᠠᠪᠤᠷᠢᠵᠢᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠢ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠲᠠᠢ ᠬᠠᠮᠲᠤ ᠪᠠᠷ ᠲᠥᠯᠥᠪᠵᠢᠭᠦᠯᠬᠦ᠂ ᠬᠠᠮᠲᠤ ᠪᠠᠷ ᠪᠠᠶᠢᠷᠢᠯᠠᠭᠤᠯᠬᠤ᠂ ᠬᠠᠮᠲᠤ ᠪᠠᠷ ᠠᠬᠢᠭᠤᠯᠬᠤ᠂ | ᠬᠠᠮᠲᠤ ᠪᠠᠷ ᠬᠢᠨᠠᠨ ᠰᠢᠯᠭᠠᠬᠤ ᠶᠢ ᠲᠦᠯᠬᠢᠨ ᠠᠬᠢᠭᠤᠯᠤᠨ᠎ᠠ᠃ | ᠭᠤᠴᠢᠨ ᠲᠠᠪᠤᠳᠤᠭᠠᠷ ᠵᠦᠢᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠨᠡᠨᠬᠦ ᠰᠠᠶᠢᠲᠤᠷ ᠡᠭᠦᠷᠭᠡᠯᠡᠵᠦ᠂ ᠰᠠᠶᠢᠲᠤᠷ ᠨᠠᠶᠢᠳᠠᠪᠤᠷᠢᠵᠢᠭᠤᠯᠵᠤ᠂ ᠰᠤᠷᠲᠠᠯ ᠤᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠴᠠᠭᠠᠷᠠᠭᠰᠠᠨ ᠡᠩᠨᠡᠭᠡ ᠶᠢ ᠪᠠᠶᠢᠭᠤᠯᠵᠤ᠂ ᠠᠵᠤ ᠠᠬᠤᠶᠢᠯᠠᠯ ᠤᠨ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠤᠨ | ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠵᠠᠩᠭᠢᠯᠠᠭ᠎ᠠ ᠶᠢᠨ ᠠᠵᠢᠯ ᠤᠨ ᠪᠠᠶᠢᠷᠢ᠂ ᠭᠤᠣᠯᠳᠠᠯᠭ᠎ᠠ ᠲᠠᠢ | ᠬᠥᠮᠦᠰ ᠢᠯᠠᠩᠭᠤᠶ᠎ᠠ ︽ᠨᠢᠭᠡᠳᠦᠭᠡᠷ ᠭᠠᠷ︾ ᠲᠤ ᠬᠢᠨᠠᠯᠲᠠ ᠲᠠᠯᠪᠢᠬᠤ ᠶᠢ ᠲᠤᠪᠤᠶᠢᠯᠭᠠᠪᠠ᠃ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ ᠵᠠᠷᠴᠢᠮ︾ ᠤᠨ ᠲᠣᠭᠲᠠᠴᠠ ᠶᠢ ᠨᠢᠭᠡ ᠴᠤᠭᠴᠠᠵᠢᠭᠤᠯᠤᠨ | ᠲᠦᠯᠬᠢᠨ ᠠᠬᠢᠭᠤᠯᠤᠨ᠎ᠠ᠃ ᠬᠡᠷᠡᠭ ᠢᠶᠠᠷ ᠵᠠᠰᠠᠬᠤ ᠶᠢ ᠠᠬᠢᠭᠤᠯᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ | ᠠᠵᠢᠯ ᠢ ᠭᠦᠨᠵᠡᠭᠡᠶᠢᠷᠡᠭᠦᠯᠵᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠲᠦᠯᠬᠢᠨ | ᠠᠬᠢᠭᠤᠯᠵᠤ᠂ ᠰᠡᠷᠡᠮᠵᠢᠯᠡᠭᠦᠯᠬᠦ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠭᠤᠴᠢᠨ ᠵᠢᠷᠭᠤᠳᠤᠭᠠᠷ ᠵᠦᠢᠯ ᠪᠤᠰᠤᠳ ᠰᠢᠢᠳᠪᠦᠷᠢᠯᠡᠵᠦ ᠳᠠᠭᠤᠰᠤᠭᠠᠳᠤᠶ ᠵᠦᠢᠯᠡᠰ ᠲᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠤᠯᠢ︾ ᠶᠢᠨ | ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃ | ᠭᠤᠴᠢᠨ ᠳᠣᠯᠣᠳᠤᠭᠠᠷ ᠵᠦᠢᠯ ᠮᠦᠩᠭᠦᠨ ᠭᠦᠢᠯᠭᠡᠭᠡᠨ ᠤ ᠠᠵᠤ ᠠᠬᠤᠶᠢᠯᠠᠯ ᠵᠡᠷᠭᠡ ᠣᠨᠴᠠᠭᠠᠶ ᠠᠵᠢᠯ | ᠲᠦᠷᠦᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ | ᠬᠢᠨᠠᠯᠲᠠ ᠶᠢᠨ ᠲᠤᠬᠠᠶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ | ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠤᠴᠢᠨ ᠨᠠᠢᠮᠠᠳᠤᠭᠠᠷ ᠵᠦᠢᠯ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠰᠠᠭᠤᠷᠢ ᠮᠥᠩᠭᠦ ᠶᠢᠨ ᠪᠠᠯᠠ ᠣᠷᠣᠭᠤᠯᠤᠯᠲᠠ ᠳᠤ ᠠᠰᠲᠠᠭᠠᠨ ᠲᠣᠭᠲᠠᠭᠠᠯ ᠲᠠᠢ ᠪᠣᠯ᠂ ᠬᠠᠮᠢᠶ᠎ᠠ | ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠤᠴᠢ ᠶᠢᠰᠦᠳᠦᠭᠡᠷ ᠵᠦᠢᠯ ᠡᠯ᠎ᠡ ᠬᠤᠰᠢᠭᠤ ᠰᠢᠶᠠᠨ ᠬᠤᠲᠠ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠠᠷᠭ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠵᠦ ᠪᠣᠯᠤᠨ᠎ᠠ᠃ | ᠳᠥᠴᠢᠳᠦᠭᠡᠷ ᠵᠦᠢᠯ ᠲᠣᠰ ᠠᠷᠭ᠎ᠠ ᠶᠢᠨ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2 ᠵᠢᠯ᠂ ᠨᠡᠶᠢᠲᠡᠯᠡᠭᠰᠡᠨ | ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃ | ᠬᠢᠩᠭᠠᠨ ᠠᠶᠢᠮᠠᠭ ᠤᠨ ᠵᠠᠬᠢᠷᠭ᠎ᠠ ᠶᠢᠨ | ᠠᠯᠪᠠᠨ ᠬᠡᠷ |