ᠶᠠᠩ ᠵᠢᠢ ᠫᠧᠩ ᠠᠷᠠᠳ ᠤᠨ ᠠᠮᠢᠳᠤᠷᠠᠯ ᠤᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2023/7/11
   7 ᠰᠠᠷ᠎ᠠ ᠶᠢᠨ 6 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠢ ᠫᠧᠩ ᠵᠠᠮ ᠨᠡᠪᠲᠡᠷᠡᠯᠭᠡ ᠶᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ᠂ ᠬᠤᠲᠠ ᠶᠢᠨ ᠨᠠᠰᠤᠵᠢᠯ ᠤᠨ ᠠᠰᠠᠷᠠᠮᠵᠢ᠂ ᠠᠮᠢᠳᠤᠯᠢᠭ ᠠᠵᠢᠯ ᠣᠯᠭᠤᠯᠲᠠ᠂ ᠴᠠᠭ ᠲᠤᠬᠠᠢ ᠳᠤᠨᠢ ᠲᠤᠰᠢᠶᠠᠬᠤ ᠠᠰᠠᠷ ᠤᠨ ᠲᠥᠷᠥᠯ ᠵᠦᠢᠯ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠬᠦ ᠳᠤ᠂ ᠬᠤᠲᠠ ᠶᠢᠨ ᠤᠳᠤᠷᠢᠳᠤᠯᠭ᠎ᠠ ᠸᠠᠩ ᠭᠦᠸᠧ ᠠᠨ᠂ ᠸᠠᠩ ᠬᠠᠢ ᠵᠢᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠶᠢᠴᠠᠭᠠᠨ ᠰᠤᠳᠤᠯᠪᠡ᠃    ᠶᠠᠩ ᠵᠢᠢ ᠫᠧᠩ ᠨᠠᠷ ᠤᠷᠢᠳ ᠬᠤᠵᠢᠳ ᠬᠤᠲᠠ ᠶᠢᠨ ᠬᠤᠶᠢᠲᠤ ᠶᠡᠭᠡ ᠵᠡᠭᠡᠯᠢ ᠶᠢᠨ ᠶᠠᠪᠠᠭᠠᠨ ᠬᠥᠮᠥᠨ ᠤ ᠵᠡᠭᠡᠯᠢ ᠥᠩᠭᠡᠷᠡᠬᠦ ᠬᠥᠭᠦᠷᠭᠡ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠤᠯᠠᠭᠠᠨᠬᠤᠲᠠ ᠶᠢᠨ ᠡᠳᠦᠷ ᠤᠨ ᠬᠦᠴᠦᠨ ᠤ ᠵᠠᠬ᠎ᠠ ᠳᠡᠯᠭᠡᠭᠦᠷ᠂ ᠬᠤᠩ ᠱᠠᠨ ᠯᠦᠩ 1 ᠳ᠋ᠦ᠋ᠭᠡᠷ ᠨᠣᠮᠧᠷᠲᠤ ᠶᠢᠨ ᠬᠤᠶᠠᠳᠤᠭᠠᠷ ᠬᠤᠭᠤᠴᠠᠭ᠎ᠠ ᠵᠢᠴᠢ ᠬᠤᠸᠠ ᠢ ᠴᠡᠴᠡᠷᠯᠢᠭ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠵᠡᠷᠭᠡ ᠭᠠᠵᠠᠷ ᠢᠶᠠᠷ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠪᠠᠷ ᠢᠨᠵᠧᠨᠧᠷᠢᠩ ᠤᠨ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠵᠢᠴᠢ ᠠᠷᠠᠳ ᠤᠨ ᠠᠮᠢᠳᠤᠷᠠᠯ ᠤᠨ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠪᠠ᠃     ᠶᠠᠩ ᠵᠢᠢ ᠫᠧᠩ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠪᠠᠷᠢᠯᠭ᠎ᠠ ᠶᠢᠨ ᠨᠢᠭᠡᠴᠢ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠠᠮᠤᠷ ᠲᠦᠪᠰᠢᠨ ᠤ ᠪᠣᠭᠤᠮᠲᠠ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢ ᠴᠠᠭ ᠲᠤᠬᠠᠢ ᠳᠤᠨᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ︽ᠨᠢᠭᠡ ᠨᠠᠰᠤᠲᠠᠨ ᠨᠢᠭᠡ ᠨᠢᠯᠬ᠎ᠠ︾ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ᠂ ᠠᠵᠢᠯ ᠣᠯᠭᠤᠬᠤ ᠦᠢᠯᠡᠰ ᠪᠤᠰᠬᠠᠬᠤ ᠵᠡᠷᠭᠡ ᠬᠦᠷᠢᠶᠡᠨ ᠳᠠᠬᠢ ᠰᠢᠨ᠎ᠡ ᠶᠢ ᠡᠭᠦᠳᠬᠦ ᠬᠥᠭᠵᠢᠯᠲᠡ ᠶᠢᠨ ᠵᠠᠭᠪᠤᠷ ᠢ ᠠᠬᠢᠭᠤᠯᠤᠨ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃     ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ ᠤ ᠳᠠᠷᠠᠭ᠎ᠠ᠂ ᠶᠠᠩ ᠵᠢᠢ ᠫᠧᠩ ᠠᠴᠠ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡ᠊ᠨᠳᠡᠯ ᠤᠨ ᠳᠠᠯᠳᠠ ᠭᠡᠮ ᠢ ᠰᠠᠶᠢᠳᠤᠷ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠲᠥᠷᠥᠯ ᠵᠦᠢᠯ ᠤᠨ ᠠᠵᠤ ᠠᠬᠤᠶᠢᠯᠠᠯ ᠤᠳ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠵᠢᠯᠲᠠᠳ ᠤᠨ ᠠᠮᠤᠷ ᠲᠦᠪᠰᠢᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号