| 7 ᠰᠠᠷ᠎ᠠ ᠶᠢᠨ 7 ᠤ ᠡᠳᠦᠷ᠂ ᠴᠠᠩᠴᠦ᠋ᠨ ᠬᠤᠲᠠ ᠶᠢᠨ ᠲᠥᠯᠦᠪᠵᠢᠭᠦᠯᠭᠡ ᠪᠠ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ ᠯᠤᠸᠠᠨ ᠯᠢ ᠰᠢᠨ ᠨᠠᠷ ᠤᠯᠠᠭᠠᠨᠬᠤᠲᠠ ᠳᠤ ᠢᠷᠡᠵᠦ ᠬᠤᠲᠠ ᠶᠢᠨ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠤᠬᠠᠢ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ | ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ | ᠱᠦᠵᠢ ᠶᠠᠩ ᠵᠢᠢ ᠫᠧᠩ᠂ ᠬᠤᠲᠠ ᠶᠢᠨ ᠤᠳᠤᠷᠢᠳᠤᠯᠭ᠎ᠠ ᠭᠤᠸᠠᠨ ᠹᠧᠩ᠂ ᠯᠢᠦ ᠶᠢᠨ ᠪᠥᠸᠧ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠷ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ ᠬᠢᠪᠡ᠃ | ᠶᠠᠷᠢᠯᠴᠠᠬᠤ ᠬᠤᠷᠠᠯ ᠳᠡᠭᠡᠷ᠎ᠡ᠂ ᠤᠯᠠᠭᠠᠨᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠳᠠᠷᠤᠭ᠎ᠠ ᠠᠴᠠ ᠤᠯᠠᠭᠠᠨᠬᠤᠲᠠ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠵᠢᠴᠢ ᠬᠤᠲᠠ ᠶᠢᠨ | ᠬᠥᠭᠵᠢᠯᠲᠡ ᠶᠢᠨ ᠴᠢᠭᠯᠡᠯ ᠢ ᠲᠠᠨᠢᠯᠴᠠᠭᠤᠯᠵᠠᠢ᠃ ᠬᠤᠷᠠᠯ ᠳᠤ ᠣᠷᠣᠯᠴᠠᠭᠰᠠᠳ ᠬᠤᠲᠠ ᠶᠢᠨ ᠪᠦᠲᠦᠭᠡᠨ | ᠪᠠᠶᠢᠭᠤᠯᠤᠯᠲᠠ᠂ ᠰᠣᠶᠣᠯ ᠵᠤᠭᠠᠴᠠᠯ᠂ ᠪᠠᠶᠢᠭᠠᠯᠢ ᠶᠢᠨ ᠡᠬᠢ ᠪᠠᠶᠠᠯᠢᠭ ᠣᠷᠴᠢᠨ ᠲᠣᠭᠤᠷᠢᠨ ᠤ ᠥᠷᠲᠡᠭ ᠤᠨ | ᠬᠤᠪᠢᠷᠠᠭᠤᠯᠤᠯᠲᠠ ᠵᠡᠷᠭᠡ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ | ᠯᠤᠸᠠᠨ ᠯᠢ ᠰᠢᠨ ᠤᠯᠠᠭᠠᠨᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶ᠎ᠠ ᠪᠦᠬᠦᠢ ᠠᠵᠢᠯ ᠤᠨ | ᠥᠷᠨᠢᠯᠲᠡ ᠶᠢ ᠨᠤᠲᠠᠯᠠᠵᠤ᠂ ᠤᠯᠠᠭᠠᠨᠬᠤᠲᠠ ᠶᠢᠨ ᠬᠢᠨ ᠥᠪᠡᠷ ᠤᠨ ᠣᠨᠴᠠᠯᠢᠭ ᠲᠠᠭᠠᠨ ᠰᠠᠭᠤᠷᠢᠯᠠᠨ᠂ | ᠬᠥᠭᠵᠢᠯᠲᠡ ᠶᠢᠨ ᠲᠤᠷᠰᠢᠯᠭ᠎ᠠ ᠪᠠᠨ ᠳ᠋ᠦᠩᠨᠡᠵᠦ᠂ ᠳᠠᠪᠠᠭᠤᠯᠢᠭ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ | ᠬᠠᠨᠳᠤᠰᠢ ᠪᠠᠨ ᠰᠠᠶᠢᠲᠤᠷ ᠪᠠᠲᠤᠯᠠᠨ᠂ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠤᠯᠠᠭᠠᠨᠬᠤᠲᠠ ᠶᠢᠨ | ᠬᠤᠪᠢᠰᠬᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠢᠯᠡᠷᠡᠭᠦᠯᠤᠨ᠂ ᠪᠥᠬᠦ ᠬᠤᠲᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠶᠠᠩ ᠵᠢᠢ ᠫᠧᠩ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠴᠠᠩᠴᠦ᠋ᠨ | ᠬᠤᠳᠠ ᠶᠢᠨ ᠲᠥᠯᠦᠪᠵᠢᠭᠦᠯᠭᠡ ᠪᠣᠯᠣᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠦᠷᠤᠯᠴᠡᠨ | ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠶᠠᠩ ᠵᠢᠢ ᠫᠧᠩ ᠠᠴᠠ᠂ ᠲᠤᠰ ᠤᠳᠠᠭᠠᠨ ᠤ | ᠴᠠᠩᠴᠦ᠋ᠨ ᠬᠤᠲᠠ ᠶᠢᠨ ᠲᠥᠯᠦᠪᠵᠢᠭᠦᠯᠭᠡ ᠪᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠡᠯ᠎ᠡ ᠲᠤᠰᠬᠠᠢ | ᠮᠡᠷᠭᠡᠵᠢᠯᠲᠡᠳ ᠤᠯᠠᠭᠠᠨᠬᠤᠲᠠ ᠶᠢᠨ ᠲᠥᠯᠦᠪᠵᠢᠭᠦᠯᠭᠡ ᠶᠢᠨ ᠠᠵᠢᠯ ᠳᠤ ︽ᠰᠤᠳᠠᠯ ᠪᠠᠷᠢᠵᠤ ᠣᠨᠣᠰᠢᠯᠠᠭ᠎ᠠ︾ ᠬᠢᠵᠦ᠂ | ᠬᠤᠲᠠ ᠶᠢᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠪᠣᠭᠤᠮᠢ ᠪᠠ ᠬᠦᠴᠢᠷ ᠠᠰᠠᠭᠤᠳᠠᠯ ᠢ ᠬᠠᠪᠰᠤᠷᠤᠨ | ᠰᠢᠢᠳᠪᠦᠷᠢᠯᠡᠵᠡᠢ᠂ ᠤᠯᠠᠭᠠᠨᠬᠤᠲᠠ ᠶᠢᠨ ᠬᠢᠨ ᠡᠯ᠎ᠡ ᠲᠤᠰᠬᠠᠢ ᠮᠡᠷᠭᠡᠵᠢᠯᠲᠡᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ | ᠨᠠᠷᠢᠨ ᠬᠢᠨᠠᠮᠠᠭᠠᠢ ᠰᠢᠩᠭᠡᠬᠡᠨ ᠠᠪᠴᠤ᠂ ᠬᠤᠲᠠ ᠶᠢᠨ ᠲᠣᠭᠤᠷᠢᠭ ᠤᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ | ᠰᠢᠰᠲ᠋ᠧᠮ ᠢ ᠲᠡᠭᠦᠯᠳᠡᠷᠵᠢᠭᠦᠯᠦᠨ᠂ ᠲᠥᠯᠦᠪᠵᠢᠭᠦᠯᠭᠡ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ᠂ ᠵᠢᠷᠤᠮᠵᠢᠭᠤᠯᠬᠤ | ᠪᠠ ᠪᠠᠷᠢᠮᠵᠢᠶᠠᠵᠢᠭᠤᠯᠬᠤ ᠶᠢ ᠴᠢᠩᠭᠠᠳᠬᠠᠵᠤ᠂ ᠬᠤᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ | ᠠᠬᠢᠭᠤᠯᠤᠨ᠎ᠠ ᠭᠡᠵᠦ ᠵᠢᠭᠠᠵᠤ ᠭᠠᠷᠭᠠᠵᠠᠢ᠃ | ᠯᠤᠸᠠᠨ ᠯᠢ ᠰᠢᠨ ᠨᠠᠷ ᠪᠠᠰᠠ ᠬᠠᠨ ᠠᠭᠤᠯᠠ ᠠᠮᠢ ᠠᠬᠤᠢ ᠶᠢ ᠰᠡᠷᠭᠦᠭᠡᠬᠦ ᠵᠢᠱᠢᠶ᠎ᠡ ᠦᠵᠡᠭᠦᠯᠬᠦ ᠲᠣᠭᠤᠷᠢᠭ᠂ | ᠰᠠᠨ ᠾᠧ ᠵᠠᠩ ᠦᠢᠯᠡ ᠶᠢᠨ ᠶᠠᠪᠠᠭᠠᠨ ᠵᠡᠭᠡᠯᠢ ᠪᠠᠷ ᠬᠦᠷᠴᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠤ ᠦᠨᠳᠦᠰᠦᠨ ᠪᠠᠶᠢᠳᠠᠯ᠂ ᠲᠥᠯᠦᠪᠵᠢᠭᠦᠯᠭᠡ ᠶᠢᠨ ᠰᠡᠳᠬᠢᠴᠡ᠂ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠵᠡᠷᠭᠡ ᠠᠭᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠲᠥᠯᠦᠪᠵᠢᠭᠦᠯᠭᠡ | ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠤᠨ ᠲᠤᠬᠠᠢ | ᠭᠦᠨᠵᠡᠭᠡᠢ ᠶᠠᠷᠢᠯᠴᠠᠵᠤ ᠲᠤᠷᠰᠢᠯᠭ᠎ᠠ ᠪᠠᠨ ᠰᠣᠯᠢᠯᠴᠠᠵᠠᠢ᠃ | | |