7 ᠰᠠᠷ᠎ᠠ ᠶᠢᠨ 8 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠯᠠᠭᠠᠨᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠶᠠᠩ ᠵᠢᠢ ᠫᠧᠩ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠬᠤ᠂ ᠦᠶᠡᠷ ᠢ ᠰᠡᠷᠭᠡᠶᠢᠯᠡᠬᠦ᠂ | ᠰᠢᠲᠠᠮᠠᠬᠠᠢ ᠬᠡᠢ ᠶᠢᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ | ᠬᠤᠲᠠ ᠶᠢᠨ ᠤᠳᠤᠷᠢᠳᠤᠯᠭ᠎ᠠ ᠮᠠ ᠱᠤ᠋ ᠭᠠᠩ᠂ ᠭᠤᠸᠠᠨ ᠹᠧᠩ᠂ ᠯᠢᠦ ᠶᠢᠨ ᠪᠥᠸᠧ᠂ ᠯᠢ ᠶᠢᠩ ᠺᠦᠨ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃ | ᠶᠠᠩ ᠵᠢᠢ ᠫᠧᠩ ᠨᠠᠷ ᠤᠷᠢᠳ ᠬᠤᠵᠢᠳ ᠨᠢᠩ ᠵᠢᠶᠠ ᠪᠢᠩ ᠴᠧᠨ ᠴᠢᠯᠠᠭᠤ ᠭᠠᠷᠭᠠᠬᠤ ᠲᠠᠯᠠᠪᠠᠢ᠂ ᠾᠧᠩ ᠲᠠᠢ | ᠠᠭᠤᠷᠬᠠᠢ ᠶᠢᠨ ᠴᠢᠯᠠᠭᠤ ᠭᠠᠷᠭᠠᠬᠤ ᠲᠠᠯᠠᠪᠠᠢ᠂ ᠦ᠋ ᠹᠧᠩ ᠲᠣᠰᠬᠤᠨ ᠤ ᠮᠠ ᠵᠢᠶᠠ ᠭᠧᠦ᠂ ᠮᠧᠩ ᠵᠢᠶᠠ ᠶᠡᠭᠡ | ᠪᠠᠭᠤᠳᠠᠯ ᠵᠡᠷᠭᠡ ᠭᠠᠵᠠᠷ ᠢᠶᠠᠷ ᠬᠦᠷᠴᠦ᠂ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠪᠠᠷ | ᠪᠣᠬᠢᠷᠲᠤᠯ ᠦᠭᠡᠢ ᠠᠭᠤᠷᠬᠠᠢ ᠶᠢ ᠪᠠᠶᠢᠭᠤᠯᠬᠤ᠂ ᠦᠶᠡᠷ ᠢ ᠰᠡᠷᠭᠡᠶᠢᠯᠡᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠢᠲᠠᠮᠠᠬᠠᠢ ᠬᠡᠢ ᠬᠡᠷᠡᠭᠯᠡᠬᠦ ᠠᠶᠤᠯᠭᠦᠢ ᠦᠢᠯᠡᠳᠪᠦᠷᠢᠯᠡᠯ ᠤᠨ ᠠᠵᠢᠯ ᠢ | ᠪᠠᠶᠢᠴᠠᠭᠠᠪᠠ᠃ | ᠶᠠᠩ ᠵᠢᠢ ᠫᠧᠩ᠂ ᠦᠶᠡᠷ ᠢ ᠰᠡᠷᠭᠡᠶᠢᠯᠡᠬᠦ ᠠᠵᠢᠯ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠰᠠᠨ ᠪᠣᠯᠬᠤᠷ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠬᠦ ᠲᠠᠯ᠎ᠠ ᠪᠠᠷ ᠪᠠᠶᠢᠴᠠᠭᠠᠵᠤ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ | ᠴᠢᠩᠭᠠᠳᠬᠠᠵᠤ᠂ ᠭᠤᠣᠯ ᠮᠥᠷᠡᠨ ᠤ ᠤᠷᠤᠰᠬᠠᠯ ᠤᠨ ᠵᠠᠮ ᠢ ᠰᠢᠯᠤᠭᠤᠳᠬᠠᠬᠤ ᠠᠵᠢᠯ ᠢ ᠰᠠᠶᠢᠲᠤᠷ ᠬᠢᠵᠦ᠂ ᠦᠶᠡᠷ | ᠢ ᠰᠡᠷᠭᠡᠶᠢᠯᠡᠬᠦ ᠡᠳ᠋ ᠪᠣᠳᠠᠰ ᠪᠣᠯᠣᠨ ᠠᠵᠢᠯᠲᠠᠨ ᠤ ᠬᠦᠴᠦᠨ ᠢ ᠭᠦᠢᠴᠡᠳ ᠪᠡᠯᠡᠳᠬᠡᠵᠦ᠂ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠶᠠᠩ ᠵᠢᠢ ᠫᠧᠩ ᠪᠠᠰᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ | ᠦᠢᠯᠡᠳᠪᠦᠷᠢᠯᠡᠯ ᠤᠨ ᠬᠥᠪᠴᠢ ᠶᠢ ᠢᠮᠠᠭᠳᠠ ᠴᠢᠩᠭᠠᠯᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠭᠡᠮ | ᠰᠣᠭᠤᠭ ᠢ ᠰᠠᠶᠢᠳᠤᠷ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠠᠯ ᠰᠡᠷᠭᠡᠶᠢᠯᠡᠵᠤ | ᠤᠨᠲᠠᠷᠠᠭᠠᠬᠤ᠂ ᠢᠳᠡᠭᠡᠨ ᠤ ᠵᠦᠢᠯ᠂ ᠪᠠᠷᠢᠯᠭ᠎ᠠ ᠶᠢᠨ ᠠᠵᠢᠯ ᠵᠡᠷᠭᠡ ᠡᠯ᠎ᠡ ᠬᠦᠷᠢᠶᠡᠨ ᠳᠠᠬᠢ ᠠᠮᠤᠷ ᠲᠦᠪᠰᠢᠨ ᠤ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠲᠦᠷᠦᠯ ᠤᠨ ᠠᠶᠤᠯᠭᠦᠢ | ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠠᠵᠤ ᠠᠬᠤᠶᠢᠯᠠᠯ ᠤᠳ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ |