ᠤᠯᠠᠭᠠᠨᠬᠤᠲᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/11
    7 ᠰᠠᠷ᠎ᠠ ᠶᠢᠨ 6 ᠤ ᠡᠳᠦᠷ᠂ ᠤᠯᠠᠭᠠᠨᠬᠤᠲᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠨ ᠰᠢᠢᠳᠪᠦᠷᠢᠯᠡᠭᠦᠯᠦᠭᠰᠡᠨ ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠭᠧᠩ ᠴᠧᠩ᠂ ᠮᠠ ᠱᠦ ᠭᠠᠩ᠂ ᠯᠢᠦ ᠶᠢᠨ ᠪᠥᠸᠧ᠂ ᠦ᠋ ᠪᠦᠦ ᠱᠠᠨ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ᠬᠤᠷᠠᠯ ᠠᠴᠠ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠢᠢᠳᠪᠦᠷᠢᠯᠡᠬᠦ ᠬᠥᠳᠡᠯᠭᠡᠬᠦ ᠬᠦᠴᠦᠨ ᠢᠶᠠᠨ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠲᠣᠬᠢᠷᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠵᠤ᠂ ᠵᠡᠷᠭᠡᠪᠡᠷ ᠪᠠᠶᠢᠴᠠᠭᠠᠬᠤ ᠬᠡᠷᠡᠭᠲᠡᠢ᠃ ᠵᠥᠪᠯᠡᠬᠦ ᠤᠬᠠᠮᠰᠠᠷ ᠢᠶᠠᠨ ᠴᠢᠩᠭᠠᠳᠬᠠᠵᠤ᠂ ᠳᠤᠷᠠᠳᠬᠤ ᠰᠢᠢᠳᠪᠦᠷᠢᠯᠡᠬᠦ ᠬᠤᠶᠠᠷ ᠲᠠᠯ᠎ᠠ ᠶᠢᠨ ᠣᠯᠣᠯᠴᠠᠭ᠎ᠠ ᠵᠥᠪᠳᠡᠯᠴᠡᠭᠡ ᠶᠢ ᠴᠢᠩᠭᠠᠳᠬᠠᠵᠤ᠂ ᠰᠢᠢᠳᠪᠦᠷᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠵᠥᠪᠳᠡᠯᠴᠡᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠪᠦᠬᠦ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠡᠯ᠎ᠡ ᠨᠢᠭᠡᠴᠢ ᠶᠢᠨ ᠬᠤᠭᠤᠷᠣᠨᠳᠣᠬᠢ ᠬᠠᠷᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠰᠢᠢᠳᠪᠦᠷᠢᠯᠡᠬᠦ ᠬᠠᠮᠲᠤᠷᠠᠯ ᠬᠦᠴᠦᠨ ᠢ ᠪᠦᠷᠢᠯᠳᠦᠭᠦᠯᠵᠦ᠂ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠱᠠᠯᠠᠪᠳᠠᠭᠤᠯᠤᠨ ᠰᠢᠢᠳᠪᠦᠷᠢᠯᠡᠬᠦ ᠶᠢᠨ ᠳᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠠᠨᠠᠯ ᠳᠤᠷᠠᠳᠤᠯᠭ᠎ᠠ ᠶᠢ ᠨᠠᠶᠢᠳᠠᠪᠤᠷᠢᠵᠢᠭᠤᠯᠬᠤ ᠨᠤᠷᠮ᠎ᠠ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠬᠦᠴᠦᠨ ᠲᠠᠢ ᠬᠤᠭᠤᠴᠠᠭ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠠᠵᠢᠯᠯᠠᠵᠤ᠂ ᠡᠷᠲᠡ ᠲᠣᠬᠢᠷᠠᠭᠤᠯᠤᠨ᠂ ᠡᠷᠲᠡ ᠰᠤᠳᠤᠯᠵᠤ᠂ ᠡᠷᠲᠡ ᠨᠠᠶᠢᠳᠠᠪᠤᠷᠢᠵᠢᠭᠤᠯᠤᠨ᠂ ᠲᠠᠰ ᠳᠠᠷᠠᠭᠠᠯᠠᠯ ᠶᠣᠰᠣᠭᠠᠷ ᠭᠦᠢᠴᠡᠳᠬᠡᠵᠦ᠂ ᠴᠠᠭ ᠤᠨ ᠬᠢᠵᠠᠭᠠᠷ ᠶᠣᠰᠣᠭᠠᠷ ᠭᠦᠢᠴᠡᠳᠬᠡᠨ ᠳᠠᠭᠤᠰᠬᠠᠵᠤ᠂ ᠱᠠᠭᠠᠷᠳᠠᠯᠭ᠎ᠠ ᠶᠣᠰᠣᠭᠠᠷ ᠬᠠᠷᠢᠭᠤ ᠲᠤᠰᠬᠠᠵᠤ᠂ ᠭᠦᠢᠴᠡᠳᠬᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠤᠯᠠᠭᠠᠨᠬᠤᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃     ᠬᠤᠷᠠᠯ ᠳᠡᠭᠡᠷ᠎ᠡ ᠦ᠋ ᠪᠦᠦ ᠱᠠᠨ ︽ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠤᠨ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ︾ ᠶᠢ ᠤᠩᠰᠢᠨ ᠨᠡᠶᠢᠲᠡᠯᠡᠵᠦ᠂ ᠳᠠᠷᠠᠭ᠎ᠠ ᠪᠠᠷ ᠨᠢ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ  ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ︽ᠰᠠᠨᠠᠯ ᠵᠥᠪᠯᠡᠯᠭᠡ ᠶᠢ ᠲᠤᠰᠢᠶᠠᠨ ᠰᠢᠢᠳᠪᠦᠷᠢᠯᠡᠭᠦᠯᠬᠦ ᠬᠡᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠪᠠ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号