ᠬᠢᠩᠭᠠᠨ ᠠᠶᠢᠮᠠᠭ ᠤᠨ ᠵᠠᠬᠢᠷᠭ᠎ᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/7/11
ᠬᠢᠩᠭᠠᠨ ᠵᠠᠬᠢᠷᠭ᠎ᠠ ᠲᠠᠷᠬᠠᠭᠠᠭᠰᠠᠨ ﹇2023﹈ 55 ᠳ᠋ᠤᠭᠠᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ  ᠦᠢᠯᠡᠰ ᠤᠨ ᠨᠢᠭᠡᠴᠢ᠂ ᠳᠤᠮᠳᠠ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄    ︽ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ 2023 ᠣᠨ ᠳᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠃ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ  ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ︹ 2022 ︺ 22 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2023 ︺ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠬᠢᠩᠭᠠᠨ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃    ᠨᠢᠭᠡ᠂ ᠶᠡᠷᠦᠩᠬᠡᠶ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠶ ᠱᠦᠵᠢ  ᠰᠢ ᠶᠢᠨ ᠫᠢᠩ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ  ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠨ᠎ᠠ᠃    ︵ᠬᠤᠶᠠᠷ︶ ᠨᠡᠶᠢᠳᠡᠮ ᠪᠠᠶᠢᠴᠠᠭᠠᠯᠲᠠ  ᠶᠢᠨ ᠵᠣᠷᠢᠯᠭ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠣᠯ ᠨᠢᠭᠡᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠠᠩᠬ᠎ᠠ ᠤᠳᠠᠭ᠎ᠠ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠨᠢᠭᠡᠳᠦᠯᠲᠡᠶ ᠲᠥᠯᠥᠪᠯᠡᠵᠦ᠂ ᠬᠢᠩᠭᠠᠨ ᠠᠶᠢᠮᠠᠭ ᠤᠨ ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠰᠢᠯ ᠪᠣᠯᠤᠨ ᠦᠷ᠎ᠡ ᠠᠰᠢᠭ ᠢ ᠪᠦᠬᠦ ᠲᠠᠯ᠎ᠠ ᠪᠠᠷ ᠪᠠᠶᠢᠴᠠᠭᠠᠵᠤ᠂ ᠡᠯ᠎ᠡ ᠲᠥᠷᠥᠯ ᠤᠨ  ᠨᠢᠭᠡᠴᠢ ᠶᠢᠨ ᠦᠨᠳᠦᠰᠦᠨ ᠪᠠᠶᠢᠳᠠᠯ ᠢ ᠣᠶᠢᠯᠠᠭᠠᠵᠤ᠂ ᠤᠯᠤᠰ ᠠᠷᠠᠳ ᠤᠨ ᠠᠵᠤ ᠠᠬᠤᠢ ᠶᠢᠨ ᠠᠵᠢᠯ ᠲᠦᠷᠦᠯ ᠤᠨ ᠬᠤᠭᠤᠷᠣᠨᠳᠣᠬᠢ ᠠᠵᠤ ᠠᠬᠤᠢ ᠶᠢᠨ ᠬᠠᠷᠢᠯᠴᠠᠭ᠎ᠠ ᠶᠢ ᠡᠵᠡᠮᠰᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠢ ᠶᠢᠨ  ᠰᠢᠰᠲ᠋ᠧᠮ ᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠰᠢᠨ᠎ᠡ ᠠᠬᠢᠴᠠ ᠶᠢ ᠪᠤᠰᠤᠳᠴᠢ ᠪᠠᠷ ᠲᠤᠰᠬᠠᠨ᠎ᠠ᠃ ᠨᠡᠶᠢᠳᠡᠮ ᠪᠠᠶᠢᠴᠠᠭᠠᠬᠤ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠣᠳᠣᠬᠢᠴᠢᠯᠠᠬᠤ ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ᠬᠤᠷᠸ᠎ᠠ ᠠᠵᠤ ᠠᠬᠤᠶ ᠶᠢᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ᠂ ᠤᠷᠲᠤᠪᠲᠤᠷ ᠪᠠ ᠤᠷᠳᠤ ᠬᠤᠭᠤᠴᠠᠭᠠᠨ  ᠤ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠨᠡᠶᠢᠭᠡᠮ ᠵᠢᠷᠤᠮ  ᠤᠨ ᠣᠳᠣᠬᠢᠴᠢᠯᠠᠭᠰᠠᠨ ᠤᠯᠤᠰ  ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃    ᠬᠤᠶᠠᠷ᠂ ᠨᠡᠶᠢᠳᠡᠮ ᠪᠠᠶᠢᠴᠠᠭᠠᠬᠤ ᠡᠲᠡᠭᠡᠳ ᠪᠣᠯᠤᠨ ᠬᠡᠪᠴᠢᠶ᠎ᠡ    ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ ᠬᠢᠩᠭᠠᠨ ᠠᠶᠢᠮᠠᠭ ᠤᠨ ᠬᠢᠯᠢ ᠳᠣᠲᠣᠷ᠎ᠠ ᠬᠤᠶᠠᠳᠤᠭᠠᠷ ᠠᠵᠤ ᠦᠶ᠋ᠯᠡᠰ ᠪᠣᠯᠤᠨ ᠭᠤᠷᠪᠠᠳᠤᠭᠠᠷ ᠠᠵᠤ ᠦᠶ᠋ᠯᠡᠰ ᠤᠨ ᠠᠵᠢᠯᠯᠠᠭ᠎ᠠ ᠡᠷᠭᠢᠯᠡᠵᠦ ᠪᠠᠶᠢᠭ᠎ᠠ ᠪᠥᠬᠦ ᠬᠠᠤᠯᠢ ᠶᠢᠨ ᠡᠷᠬᠡᠲᠡᠨ ᠤ ᠨᠢᠭᠡᠴᠢ᠂ ᠠᠵᠤ  ᠦᠢᠯᠡᠰ ᠤᠨ ᠠᠵᠢᠯᠯᠠᠭ᠎ᠠ ᠶᠢᠨ ᠨᠢᠭᠡᠴᠢ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ ᠪᠣᠯᠤᠨ᠎ᠠ᠃ ᠪᠣᠳᠠᠲᠠᠶ ᠬᠦᠷᠢᠶ᠎ᠡ ᠬᠡᠪᠴᠢᠶ᠎ᠡ ᠳᠤ ᠪᠠᠭᠲᠠᠬᠤ ᠨᠢ᠄ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ ᠤ ᠦᠢᠯᠡᠰ᠂ ᠬᠤᠨᠣᠭᠯᠠᠬᠤ ᠪᠠ ᠢᠳᠡᠭᠡᠨ ᠤᠮᠳᠠᠭᠠᠨ ᠤ ᠦᠢᠯᠡᠰ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠳᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠂ ᠮᠥᠩᠭᠦᠨ ᠭᠦᠢᠯᠭᠡᠭᠡᠨ ᠤ ᠦᠢᠯᠡᠰ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠠᠬᠤᠶ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠤᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃    ᠭᠤᠷᠪᠠ᠂ ᠨᠡᠶᠢᠳᠡᠮ ᠪᠠᠶᠢᠴᠠᠭᠠᠯᠲᠠ  ᠶᠢᠨ ᠠᠭᠤᠯᠭ᠎ᠠ ᠪᠠ ᠴᠠᠭ ᠬᠤᠭᠤᠴᠠᠭ᠎ᠠ    ᠨᠡᠶᠢᠳᠡᠮ ᠪᠠᠶᠢᠴᠠᠭᠠᠯᠲᠠ ᠶᠢᠨ ᠭᠤᠣᠯ ᠠᠭᠤᠯᠭ᠎ᠠ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠦᠨᠳᠦᠰᠦᠨ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠳᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ ᠦᠢᠯᠡᠳᠪᠦᠷᠢᠯᠡᠯ ᠪᠠ ᠬᠡᠷᠡᠭᠯᠡᠭᠡ᠂ ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠪᠠᠶᠢᠳᠠᠯ ᠵᠢᠴᠢ ᠣᠷᠣᠭᠤᠯᠤᠯᠲᠠ ᠶᠢᠨ ᠪᠦᠲᠦᠴᠡ᠂ ᠦᠢᠯᠡᠳᠬᠦᠨ ᠤ ᠬᠡᠷᠡᠭᠯᠡᠯᠲᠡ ᠶᠢᠨ ᠬᠠᠨᠳᠤᠰᠢ ᠪᠠ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠪᠦᠷᠢᠯᠳᠦᠯ ᠤᠨ ᠪᠠᠶᠢᠳᠠᠯ ᠵᠡᠷᠭᠡ ᠪᠠᠭᠲᠠᠨ᠎ᠠ᠃    ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠠᠶᠢᠵᠤ᠂ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠮᠠᠲ᠋ᠧᠷᠢᠶᠠᠯ ᠨᠢ 2023 ᠣᠨ ᠤ ᠣᠨ ᠤ ᠮᠠᠲ᠋ᠧᠷᠢᠶᠠᠯ ᠪᠣᠯᠤᠨ᠎ᠠ᠃    ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ    ᠲᠠᠪᠤᠳᠤᠭᠠᠷ ᠤᠳᠠᠭᠠᠨ  ᠤ ᠪᠥᠬᠦ ᠤᠯᠤᠰ  ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠯᠲᠠ ᠶᠢᠨ ᠠᠭᠤᠯᠭ᠎ᠠ ᠨᠡᠮᠡᠭᠳᠡᠵᠦ᠂ ᠮᠡᠷᠭᠡᠵᠢᠯ  ᠤᠨ ᠱᠠᠭᠠᠷᠳᠠᠯᠭ᠎ᠠ ᠳᠡᠭᠡᠭᠰᠢᠯᠡᠵᠦ᠂ ᠠᠵᠢᠯ  ᠤᠨ ᠬᠦᠴᠢᠷᠳᠡᠯ ᠶᠡᠬᠡᠰᠴᠦ ᠪᠠᠶᠢᠭ᠎ᠠ ᠪᠣᠯᠬᠤᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠭᠤᠣᠯᠳᠠᠯᠭ᠎ᠠ ᠪᠠᠨ ᠲᠤᠪᠤᠶᠢᠯᠭᠠᠨ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ  ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃    ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠠᠶᠢᠮᠠᠭ ᠤᠨ ᠵᠠᠬᠢᠷᠭ᠎ᠠ ᠠᠴᠠ ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ  ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ  ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠭᠤᠯᠬᠤ ᠪᠠᠷ ᠲᠣᠭᠲᠠᠪᠠ᠃ ᠪᠥᠬᠦ ᠠᠶᠢᠮᠠᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠲᠣᠰ ᠲᠣᠰ ᠤᠨ ᠡᠭᠦᠷᠭᠡ ᠲᠤᠰᠢᠶᠠᠯ ᠢᠶᠠᠨ  ᠭᠦᠢᠴᠡᠳᠭᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠨᠢᠭᠲᠠ ᠬᠠᠮᠵᠢᠯᠴᠠᠨ᠂ ᠨᠡᠶᠢᠳᠡᠮ ᠤᠨ ᠪᠠᠶᠢᠴᠠᠭᠠᠯᠲᠠ ᠶᠢᠨ ᠡᠯ᠎ᠡ  ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ᠃ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠥᠬᠦ ᠠᠶᠢᠮᠠᠭ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ  ᠵᠦᠢᠯᠡᠰ ᠢ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠲᠤᠭ᠎ᠠ ᠪᠠᠷᠢᠮᠲᠠ ᠶᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠯᠪᠣᠭᠳᠠᠬᠤ  ᠵᠦᠢᠯᠡᠰ ᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠥᠪ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠲᠠᠯ᠎ᠠ ᠳᠤ ᠬᠤᠯᠪᠣᠭᠳᠠᠬᠤ ᠵᠦᠢᠯᠡᠰ ᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠠᠵᠤ ᠠᠬᠤᠶᠢᠯᠠᠯ ᠪᠠ ᠬᠤᠪᠢ ᠶᠢᠨ ᠠᠵᠤ  ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠪᠠᠶᠢᠭᠤᠯᠤᠯᠭ᠎ᠠ ᠪᠠ ᠠᠵᠢᠯ  ᠦᠢᠯᠡᠰ ᠤᠨ ᠨᠢᠭᠡᠴᠢ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ  ᠵᠦᠢᠯᠡᠰ ᠢ ᠠᠶᠢᠮᠠᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠢᠴᠢ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ  ᠵᠦᠢᠯᠡᠰ ᠢ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠯ᠎ᠠ ᠳᠤ ᠬᠤᠯᠪᠣᠭᠳᠠᠬᠤ ᠵᠦᠢᠯᠡᠰ ᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠬᠤᠲᠠ ᠬᠥᠳᠡᠭᠡ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ  ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠬᠤ ᠵᠦᠶ᠋ᠯᠡᠰ ᠢ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠵᠣᠬᠢᠴᠠᠭᠤᠯᠤᠨ᠎ᠠ᠃    ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠶᠢᠷᠢᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠬᠤ ᠶᠢ ᠬᠠᠷᠢᠭᠤᠴᠠᠭᠤᠯᠵᠤ᠂ ᠡᠯ᠎ᠡ ᠪᠦᠷᠢᠯᠳᠦᠬᠦᠨ ᠨᠢᠭᠡᠴᠢ ᠨᠦᠭᠦᠳ ᠲᠣᠰ ᠲᠣᠰ ᠤᠨ ᠡᠭᠦᠷᠭᠡ ᠴᠢᠳᠠᠪᠤᠷᠢ ᠶᠢᠨ ᠢᠶᠠᠨ ᠶᠣᠰᠣᠭᠠᠷ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠴᠢᠩᠭᠠᠷᠠᠭᠤᠯᠬᠤ ᠬᠡᠷᠡᠭᠲᠡᠶ᠃ ᠪᠠᠩᠬᠢ᠂ ᠲᠡᠮᠳᠡᠭᠲᠦ᠂ ᠳᠠᠭᠠᠳᠬᠠᠯ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠤᠨ  ᠨᠢᠭᠡᠴᠢ ᠬᠢᠭᠡᠳ ᠬᠤᠯᠪᠣᠭᠳᠠᠯ ᠪᠦᠬᠦᠢ ᠲᠠᠯ᠎ᠠ ᠶᠢᠨ ᠬᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰ  ᠰᠢᠰᠲ᠋ᠧᠮ ᠤᠨ ᠢᠶᠠᠨ ᠨᠡᠶᠢᠳᠡᠮ ᠪᠠᠶᠢᠴᠠᠭᠠᠯᠲᠠ  ᠶᠢᠨ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠬᠦ  ᠶᠢ ᠬᠠᠷᠢᠭᠤᠴᠠᠨ᠎ᠠ᠃ ᠷᠠᠰᠢᠶᠠᠨ ᠤ ᠪᠣᠭᠤᠮᠲᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢᠨ ᠬᠡᠷᠡᠭᠯᠡᠯᠲᠡ ᠶᠢᠨ ᠴᠢᠭᠯᠡᠯ ᠢ ᠪᠠᠶᠢᠴᠠᠭᠠᠬᠤ ᠡᠭᠦᠷᠭᠡ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ  ᠨᠢᠭᠡᠴᠢ ᠨᠦᠭᠦᠳ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠯ ᠪᠥᠬᠦᠶ ᠰᠠᠭᠤᠷᠢ ᠮᠠᠲ᠋ᠧᠷᠢᠶᠠᠯ ᠢ ᠡᠵᠡᠮᠰᠢᠭᠰᠡᠨ ᠡᠯ᠎ᠡ ᠱᠠᠲᠤᠨ ᠤ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠲᠡᠮᠳᠡᠭᠯᠡᠯ ᠪᠣᠯᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠬᠠᠩᠭᠠᠬᠤ ᠬᠡᠷᠡᠭᠲᠡᠶ᠃    ᠡᠯ᠎ᠡ ᠬᠤᠰᠢᠭᠤ ᠰᠢᠶᠠᠨ ᠬᠤᠳᠠ ᠶᠢᠨ ᠠᠷᠠᠳ  ᠤᠨ ᠵᠠᠰᠠᠭ  ᠤᠨ ᠣᠷᠳᠣᠨ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠴᠤ ᠭᠡᠳ ᠵᠣᠬᠢᠴᠠᠩᠭᠤᠶ ᠪᠥᠬᠦᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ  ᠤ ᠪᠠᠨ ᠨᠡᠶᠢᠳᠡᠮ ᠪᠠᠶᠢᠴᠠᠭᠠᠯᠲᠠ ᠶᠢ ᠬᠡᠷᠡᠭᠵᠢᠭᠦᠯᠬᠦ ᠠᠵᠢᠯ  ᠢ ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ  ᠢ ᠴᠠᠭ ᠲᠤᠬᠠᠶ   ᠳᠤᠨᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠠᠷᠠᠳ  ᠤᠨ ᠵᠠᠰᠠᠭ  ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠣᠰᠬᠤᠨ ︵ᠰᠠᠭᠤᠭᠠᠯᠢ︶  ᠤ ᠠᠷᠠᠳ ᠤᠨ ᠵᠥᠪᠯᠡᠯ ᠤᠨ ᠦᠢᠯᠡᠳᠦᠯ   ᠢ ᠭᠦᠢᠴᠡᠳ ᠪᠠᠳᠠᠷᠠᠭᠤᠯᠤᠨ᠂ ᠠᠰᠠᠷ ᠲᠠᠭᠳᠤ ᠠᠳᠠᠯ ᠠᠬᠤᠶ ᠪᠣᠯᠤᠨ ᠬᠦᠷᠢᠶᠡᠯᠡᠩ ᠲᠣᠭᠤᠷᠢᠭ  ᠤᠨ ᠬᠠᠮᠢᠶᠠᠷᠤᠯᠲᠠ ᠶᠢᠨ ᠵᠠᠭᠪᠤᠷ  ᠢ ᠭᠦᠢᠴᠡᠳ ᠠᠰᠢᠭᠯᠠᠨ ᠂ ᠨᠡᠶᠢᠭᠡᠮ ᠤᠨ ᠬᠦᠴᠦᠨ  ᠢ ᠥᠷᠭᠡᠨ ᠢᠶᠠᠷ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠢᠳᠡᠪᠬᠢᠲᠡᠶ ᠣᠷᠣᠯᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ  ᠢ ᠬᠢᠨᠠᠮᠠᠭᠠᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠨᠥᠬᠦᠴᠡᠯ ᠳᠤ ᠨᠡᠶᠢᠴᠡᠬᠦ ᠨᠡᠶᠢᠳᠡᠮ ᠤᠨ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠤᠨ ᠪᠠᠶᠢᠴᠠᠭᠠᠭᠴᠢ ᠶᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ  ᠨᠢᠭᠡᠴᠢ ᠠᠴᠠ ᠵᠥᠪᠳᠡᠯᠴᠡᠨ ᠰᠢᠯᠵᠢᠭᠦᠯᠵᠦ ᠪᠣᠯᠤᠨ᠎ᠠ᠂ ᠤᠷᠢᠨ ᠬᠡᠷᠡᠭᠯᠡᠬᠦ ᠬᠥᠮᠦᠰ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠴᠠᠭ ᠲᠤᠬᠠᠶ   ᠳᠤᠨᠢ ᠥᠭᠴᠦ ᠂ ᠵᠥᠪᠳᠡᠯᠴᠡᠨ ᠰᠢᠯᠵᠢᠭᠦᠯᠬᠦ ᠬᠥᠮᠦᠰ  ᠤᠨ ᠤᠤᠯ  ᠤᠨ  ᠨᠢᠭᠡᠴᠢ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠬᠤᠪᠢᠷᠠᠭᠤᠯᠬᠤ ᠥᠭᠡᠢ ᠪᠠᠶᠢᠬᠤ ᠶᠢ ᠪᠠᠲᠤᠯᠠᠵᠤ᠂ ᠲᠤᠬᠠᠶᠢᠯᠠᠭᠰᠠᠨ ᠠᠵᠢᠯ  ᠤᠨ ᠪᠣᠯᠪᠠᠰᠤᠷᠠᠭᠤᠯᠤᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠠᠵᠢᠯ  ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ  ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠲᠠᠪᠤ᠂ ᠨᠡᠶᠢᠳᠡᠮ ᠪᠠᠶᠢᠴᠠᠭᠠᠯᠲᠠ  ᠶᠢᠨ ᠵᠠᠷᠤᠳᠠᠯ  ᠤᠨ ᠪᠠᠲᠤᠯᠠᠭ᠎ᠠ    ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠣᠲᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠤᠨ ᠠᠷᠭ᠎ᠠ ᠵᠠᠮ ᠢᠶᠠᠷ ᠲᠥᠪ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤᠪᠠᠷ ᠡᠭᠦᠷᠭᠡᠯᠡᠵᠦ᠂ ᠵᠣᠬᠢᠬᠤ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ ᠡᠯ᠎ᠡ ᠬᠤᠰᠢᠭᠤ ᠰᠢᠶᠠᠨ ᠬᠤᠳᠠ ᠶᠢᠨ ᠠᠷᠠᠳ  ᠤᠨ ᠵᠠᠰᠠᠭ  ᠤᠨ ᠣᠷᠳᠣᠨ ᠨᠤᠭᠤᠳ ᠨᠡᠶᠢᠳᠡᠮ ᠪᠠᠶᠢᠴᠠᠭᠠᠯᠲᠠ ᠶᠢᠨ ᠵᠠᠷᠤᠳᠠᠯ  ᠢ ᠴᠠᠭ ᠲᠤᠬᠠᠶ ᠳᠤᠨᠢ ᠰᠠᠯᠭᠠᠨ ᠥᠭᠬᠦ ᠶᠢ ᠬᠦᠴᠦᠯᠡᠨ ᠠᠬᠢᠭᠤᠯᠵᠤ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ  ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠬᠠᠮᠢᠶᠠᠷᠤᠯᠲᠠ ᠪᠠᠨ ᠴᠢᠩᠭᠠᠳᠬᠠᠨ᠂ ᠰᠠᠶᠢᠲᠤᠷ ᠠᠷᠪᠢᠯᠠᠵᠤ᠂ ᠲᠤᠰᠬᠠᠶ ᠵᠣᠭᠤᠰ  ᠢ ᠲᠤᠰᠬᠠᠶ ᠵᠦᠢᠯ ᠳᠤᠨᠢ ᠬᠡᠷᠡᠭᠯᠡᠵᠦ᠂ ᠨᠡᠶᠢᠳᠡᠮ ᠪᠠᠶᠢᠴᠠᠭᠠᠯᠲᠠ  ᠶᠢᠨ  ᠵᠠᠷᠤᠳᠠᠯ  ᠤᠨ ᠬᠡᠷᠡᠭᠯᠡᠬᠦ ᠦᠷ᠎ᠡ ᠪᠦᠲᠦᠮᠵᠢ  ᠶᠢ ᠳᠡᠭᠡᠭᠰᠢᠯᠡᠭᠦᠯᠬᠦ ᠬᠡᠷᠡᠭᠲᠡᠶ᠃    ᠵᠢᠷᠭᠤᠭ᠎ᠠ᠂ ᠨᠡᠶᠢᠳᠡᠮ ᠪᠠᠶᠢᠴᠠᠭᠠᠯᠲᠠ  ᠶᠢᠨ ᠠᠵᠢᠯ  ᠤᠨ ᠱᠠᠭᠠᠷᠳᠠᠯᠭ᠎ᠠ    ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠎ᠠ᠃ ᠨᠡᠶᠢᠳᠡᠮ ᠪᠠᠶᠢᠴᠠᠭᠠᠯᠲᠠ  ᠶᠢᠨ ᠠᠵᠢᠯᠳᠠᠨ ᠪᠣᠯᠤᠨ ᠨᠡᠶᠢᠳᠡᠮ ᠪᠠᠶᠢᠴᠠᠭᠠᠯᠲᠠ  ᠶᠢᠨ ᠡᠲᠡᠭᠡᠳ ᠪᠦᠬᠦᠨ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ  ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ  ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠠᠵᠤ ᠠᠬᠤᠶ  ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ  ᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ  ᠶᠢᠨ ᠬᠦᠰᠦᠨᠦᠭᠲᠦ ᠶᠢ ᠴᠠᠭ ᠲᠤᠬᠠᠶ   ᠳᠤᠨᠢ᠂ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠶ᠃ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠬᠤᠳᠠᠯ  ᠢᠶᠠᠷ ᠮᠡᠳᠡᠭᠦᠯᠵᠦ᠂ ᠮᠡᠳᠡᠭᠦᠯᠬᠦ ᠥᠭᠡᠢ ᠨᠢᠭᠤᠬᠤ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠥᠭᠡᠢ᠂ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ  ᠶᠢ ᠬᠠᠭᠤᠷᠮᠠᠭᠯᠠᠨ ᠵᠣᠬᠢᠶᠠᠵᠤ᠂ ᠥᠭᠡᠷᠡᠲᠦᠭᠦᠯᠵᠦ ᠪᠣᠯᠬᠤ ᠥᠭᠡᠢ᠃ ᠨᠡᠶᠢᠳᠡᠮ ᠪᠠᠶᠢᠴᠠᠭᠠᠯᠲᠠ  ᠶᠢᠨ ᠣᠯᠤᠭᠰᠠᠨ  ᠨᠢᠭᠡᠴᠢ ᠪᠣᠯᠤᠨ ᠬᠤᠪᠢ ᠬᠥᠮᠦᠨ  ᠤ  ᠮᠠᠲ᠋ᠧᠷᠢᠶᠠᠯ  ᠢ ᠨᠡᠶᠢᠳᠡᠮ ᠪᠠᠶᠢᠴᠠᠭᠠᠯᠲᠠ  ᠳᠤ ᠬᠡᠷᠡᠭᠯᠡᠬᠦ ᠵᠣᠷᠢᠯᠭ᠎ᠠ ᠪᠠᠷ ᠴᠢᠩᠭ᠎ᠠ ᠬᠢᠵᠠᠭᠠᠷᠯᠠᠨ ᠲᠣᠭᠲᠠᠭᠠᠵᠤ᠂ ᠶᠠᠮᠠᠷᠪᠠ ᠨᠢᠭᠡᠴᠢ ᠠᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ  ᠢ ᠱᠠᠩᠨᠠᠵᠤ ᠲᠣᠷᠭᠠᠬᠤ  ᠶᠢᠨ ᠦᠨᠳᠦᠰᠦᠯᠡᠯ ᠪᠣᠯᠭᠠᠬᠤ ᠥᠭᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠲᠡᠭᠦᠨ ᠤ ᠠᠵᠢᠯᠲᠠᠳ᠂ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠶᠢ ᠡᠷᠬᠡᠪᠰᠢ ᠴᠢᠩᠭ᠎ᠠ ᠭᠦᠢᠴᠡᠳᠭᠡᠬᠦ ᠬᠡᠷᠡᠭᠲᠡᠶ︔ ᠵᠥᠪᠰᠢᠶᠡᠷᠡᠭᠦᠯᠦᠭᠰᠡᠨ ᠥᠭᠡᠢ ᠪᠣᠯ ᠶᠠᠮᠠᠷᠪᠠ  ᠨᠢᠭᠡᠴᠢ ᠪᠣᠯᠤᠨ ᠬᠤᠪᠢ ᠬᠥᠮᠦᠨ ᠭᠡᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠠᠳᠠᠭᠰᠢ ᠨᠡᠶᠢᠲᠡᠯᠡᠵᠦ ᠪᠣᠯᠬᠤ ᠥᠭᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠵᠡᠷᠭᠡ  ᠦᠢᠯᠡ ᠠᠵᠢᠯᠯᠠᠭ᠎ᠠ ᠶᠢ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ  ᠰᠢᠢᠳᠪᠦᠷᠢᠯᠡᠬᠦ ᠶᠢᠨ ᠬᠠᠮᠲᠤ ᠨᠡᠶᠢᠲᠡᠯᠡᠨ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃    ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠶᠢ ᠦᠨᠡᠨᠬᠦ ᠰᠡᠷᠭᠡᠶᠢᠯᠡᠬᠦ ᠪᠠ ᠵᠠᠯᠬᠠᠭᠠᠨ ᠰᠢᠳᠬᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ  ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠪᠣᠯᠤᠨ ᠠᠵᠢᠯ  ᠤᠨ ᠪᠠᠶᠢᠷᠢ  ᠶᠢᠨ ᠬᠠᠷᠢᠭᠤᠴᠠᠯᠭ᠎ᠠ  ᠶᠢᠨ ᠲᠥᠷᠢᠮ  ᠢ ᠪᠠᠶᠢᠭᠤᠯᠤᠨ ᠪᠥᠷᠢᠨᠰᠢᠬᠦᠯᠵᠤ᠂ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ ᠶᠢᠨ ᠶᠠᠰᠤ ᠴᠢᠨᠠᠷ  ᠢ ᠨᠡᠬᠡᠮᠵᠢᠯᠡᠬᠦ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠳᠡᠮ ᠪᠠᠶᠢᠴᠠᠭᠠᠯᠲᠠ  ᠶᠢᠨ ᠰᠠᠬᠢᠯᠭ᠎ᠠ ᠪᠠᠲᠤ  ᠶᠢ ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ  ᠳᠤ ᠵᠣᠷᠢᠭᠤᠳᠠ ᠭᠠᠷ ᠲᠦᠷᠦᠭᠦ ᠡᠯ᠎ᠡ ᠵᠦᠢᠯ  ᠤᠨ ᠥᠢᠯᠡ ᠠᠵᠢᠯᠯᠠᠭ᠎ᠠ  ᠶᠢ ᠡᠷᠡᠰ ᠬᠤᠷᠢᠭᠯᠠᠬᠤ ᠬᠡᠷᠡᠭᠲᠡᠶ᠃ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠣᠯᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠶᠤᠯ ᠥᠭᠡᠢ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ  ᠰᠢᠢᠳᠪᠦᠷᠢᠯᠡᠬᠦ  ᠵᠦᠢᠯᠡᠰ ᠲᠤ ᠴᠠᠭ ᠲᠤᠨᠢ ᠳᠣᠭᠢᠷᠠᠭᠤᠯᠤᠨ ᠣᠷᠣᠭᠤᠯᠬᠤ ᠬᠡᠷᠡᠭᠲᠡᠶ᠃    ︵ᠭᠤᠷᠪᠠ︶ ᠠᠷᠭ᠎ᠠ ᠪᠠᠷᠢᠯ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠵᠡᠷᠭᠡ ᠶᠢᠨ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠬᠡᠷᠡᠭᠯᠡᠯᠲᠡ ᠶᠢ ᠠᠬᠢᠭᠤᠯᠵᠤ᠂ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠪᠠ ᠡᠯᠧᠺᠲᠷᠣᠨ ᠦᠵᠦᠭᠦᠷ ᠤᠨ ᠲᠤᠬᠠᠶ ᠶᠢᠨ ᠲᠠᠯᠠᠪᠤᠷ ᠲᠤ ᠲᠤᠭ᠎ᠠ ᠪᠠᠷᠢᠮᠲᠠ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ  ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠳᠤ ᠵᠣᠬᠢᠴᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠰᠦᠯᠵᠢᠶ᠎ᠡ ᠪᠠᠷ ᠳᠡᠮᠵᠢᠨ ᠪᠡᠶ᠎ᠡ ᠪᠠᠨ ᠳᠠᠭᠠᠭᠠᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠶᠢ ᠳᠡᠮᠵᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠤᠨ᠎ᠠ᠃    ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢ ᠲᠥᠰᠦᠪᠯᠡᠬᠦ ᠪᠠ ᠵᠣᠬᠢᠶᠠᠨ ᠪᠠᠶᠢᠭᠤᠯᠬᠤ ᠠᠵᠢᠯ  ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠢᠯᠡᠴᠢᠯᠡᠭᠡᠨ ᠤ ᠲᠠᠪᠴᠠᠩ ᠵᠡᠷᠭᠡ ᠤᠬᠠᠭᠤᠯᠭ᠎ᠠ ᠶᠢᠨ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶ  ᠶᠢᠨ ᠨᠡᠶᠢᠳᠡᠮ ᠪᠠᠶᠢᠴᠠᠭᠠᠯᠲᠠ  ᠶᠢᠨ ᠴᠢᠬᠤᠯᠠ ᠠᠴᠢ ᠬᠤᠯᠪᠣᠭᠳᠠᠯ ᠪᠣᠯᠤᠨ ᠱᠠᠭᠠᠷᠳᠠᠯᠭ᠎ᠠ  ᠶᠢ ᠥᠷᠭᠡᠨ ᠳᠡᠯᠭᠡᠷ ᠭᠦᠨᠵᠡᠭᠡᠶ ᠤᠬᠠᠭᠤᠯᠵᠤ᠂ ᠨᠡᠶᠢᠳᠡᠮ ᠪᠠᠶᠢᠴᠠᠭᠠᠯᠲᠠ  ᠶᠢᠨ ᠠᠵᠢᠯ  ᠤᠨ ᠳᠤᠮᠳᠠ ᠴᠣᠯᠭᠤᠷᠠᠨ ᠭᠠᠷᠤᠭᠰᠠᠨ ᠨᠡᠶᠢᠲᠡᠯᠢᠭ ᠦᠢᠯᠡ ᠶᠠᠪᠤᠳᠠᠯ  ᠢ ᠤᠬᠠᠭᠤᠯᠤᠨ᠂ ᠬᠠᠤᠯᠢ ᠴᠠᠭᠠᠵᠠ ᠰᠠᠬᠢᠯᠭ᠎ᠠ ᠪᠠᠲᠤ  ᠶᠢ ᠵᠥᠷᠢᠴᠡᠭᠰᠡᠨ ᠬᠡᠷᠡᠭ  ᠢ ᠪᠠᠶᠢᠴᠠᠭᠠᠨ  ᠰᠢᠢᠳᠪᠦᠷᠢᠯᠡᠭᠰᠡᠨ  ᠪᠠᠶᠢᠳᠠᠯ  ᠢ ᠨᠡᠪᠲᠡᠷᠡᠭᠦᠯᠵᠦ᠂ ᠥᠷᠭᠡᠨ ᠤᠯᠠᠨ ᠨᠡᠶᠢᠳᠡᠮ ᠪᠠᠶᠢᠴᠠᠭᠠᠯᠲᠠ ᠶᠢᠨ ᠡᠲᠡᠭᠡᠳ  ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ  ᠳᠤ ᠬᠠᠤᠯᠢ ᠶᠣᠰᠣᠭᠠᠷ ᠬᠠᠮᠵᠢᠯᠴᠠᠭᠤᠯᠤᠨ᠂ ᠨᠡᠶᠢᠳᠡᠮ ᠪᠠᠶᠢᠴᠠᠭᠠᠯᠲᠠ  ᠳᠤ  ᠪᠦᠬᠦ ᠨᠡᠶᠢᠭᠡᠮ  ᠢᠶᠠᠷ ᠢᠶᠠᠨ ᠢᠳᠡᠪᠬᠢᠲᠡᠶ ᠣᠷᠣᠯᠴᠠᠭᠤᠯᠵᠤ᠂ ᠲᠠᠪᠤᠳᠤᠭᠠᠷ ᠤᠳᠠᠭᠠᠨ  ᠤ ᠪᠦᠬᠦ ᠤᠯᠤᠰ  ᠤᠨ ᠠᠵᠤ ᠠᠬᠤᠶ  ᠶᠢᠨ ᠨᠡᠶᠢᠳᠡᠮ ᠪᠠᠶᠢᠴᠠᠭᠠᠯᠲᠠ  ᠶᠢᠨ ᠤᠷᠤᠭᠰᠢᠲᠠᠶ ᠶᠠᠪᠤᠭᠳᠠᠬᠤ  ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠶ ᠶᠢ ᠪᠤᠢ ᠪᠣᠯᠭᠠᠬᠤ ᠬᠡᠷᠡᠭᠲᠡᠶ ᠃    ︵ᠲᠠᠪᠤ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ  ᠨᠡᠶᠢᠳᠡᠮ ᠪᠠᠶᠢᠴᠠᠭᠠᠯᠲᠠ  ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ  ᠢ ᠴᠠᠭ ᠲᠤᠬᠠᠶ  ᠳᠤᠨᠢ ᠨᠡᠶᠢᠲᠡᠯᠡᠵᠦ᠂ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ ᠶᠢᠨ ᠦᠨ᠎ᠡ ᠦᠷᠳᠡᠭ  ᠢ ᠭᠦᠨᠵᠡᠭᠡᠶ ᠠᠭᠤᠳᠠᠯᠯᠠᠨ᠂ ᠪᠦᠬᠦ ᠠᠶᠢᠮᠠᠭ ᠤᠨ ᠠᠵᠤ ᠠᠬᠤᠶ  ᠶᠢᠨ ᠠᠵᠢᠯᠯᠠᠭᠠᠨ  ᠤ ᠪᠠᠶᠢᠳᠠᠯ ᠪᠣᠯᠤᠨ ᠠᠵᠤ ᠠᠬᠤᠶ ᠨᠡᠶᠢᠭᠡᠮ  ᠤᠨ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ  ᠢ ᠵᠠᠳᠠᠯᠤᠨ ᠰᠤᠳᠤᠯᠵᠤ ᠮᠠᠭᠠᠳᠯᠠᠨ᠂ ᠬᠤᠷᠸ᠎ᠠ  ᠰᠢᠢᠳᠪᠦᠷᠢᠳᠦ ᠪᠤᠳᠤᠯᠭ᠎ᠠ ᠲᠣᠭᠲᠠᠭᠠᠬᠤ  ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠤᠭ᠎ᠠ ᠪᠦᠷᠢᠳᠬᠡᠯ ᠤᠨ ᠵᠠᠰᠠᠭ  ᠤᠨ ᠶᠠᠪᠤᠳᠠᠯ  ᠢ ᠵᠥᠪᠯᠡᠬᠦ ᠦᠢᠯᠡᠳᠦᠯ  ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ᠃    ᠳᠠᠭᠠᠯᠳᠤᠭᠤᠯᠤᠯ᠄ ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ                                                                2023 ᠣᠨ ᠤ 5 ᠰᠠᠷ᠎ᠠ ᠶᠢᠨ 5                                                           ︵ᠲᠣᠰ ᠮᠠᠲ᠋ᠧᠷᠢᠶᠠᠯ ᠢ ᠢᠯᠡ  ᠨᠡᠶᠢᠲᠡᠯᠡᠨ᠎ᠡ︶    ᠳᠠᠭᠠᠯᠳᠤᠭᠤᠯᠤᠯ    ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ    ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ  ᠮᠡᠳᠡᠭᠳᠡᠯ︾ ︵ᠲᠥᠷᠥ ᠲᠠᠷᠬᠠᠭᠠᠭᠰᠠᠨ ︹ 2022 ︺ 22 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ  ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2023 ︺ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠠᠶᠢᠮᠠᠭ ᠤᠨ ᠵᠠᠬᠢᠷᠭ᠎ᠠ ᠠᠴᠠ ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠣᠭᠲᠠᠪᠠ᠃    ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ    ᠳᠤᠭᠤᠶᠢᠯᠠᠩ ᠤᠨ ᠳᠠᠷᠤᠭ᠎ᠠ᠄ ᠵᠢᠶᠠᠩ ᠲᠢᠶᠠᠨ  ᠬᠤ᠋   ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋  ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠹᠸᠢ ᠯᠢ ᠰᠢᠨ   ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠭᠠᠳᠠᠭᠠᠳᠤ ᠤᠬᠠᠭᠤᠯᠭ᠎ᠠ ᠶᠢᠨ ᠠᠯᠪᠠᠨ ᠬᠡᠷ ︵ᠰᠣᠨᠢᠨ ᠮᠡᠳᠡᠭᠡᠨ ᠤ ᠠᠯᠪᠠᠨ ᠬᠡᠷ︶ ᠤᠨ ᠡᠷᠬᠢᠯᠡᠭᠴᠢ    ᠯᠢᠨ ᡁᠢ ᠺᠦᠨ   ᠠᠶᠢᠮᠠᠭ ᠤᠨ ᠵᠠᠬᠢᠷᠭ᠎ᠠ ᠶᠢᠨ  ᠨᠠᠷᠢᠨ ᠪᠢᠴᠢᠭ ᠤᠨ ᠳᠡᠳ᠋‌‍ᠲ᠋ᠠᠷᠤᠭ᠎ᠠ    ᠨᠢᠤ ᠰᠢᠤ  ᠾᠧ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶᠠᠨ ᠳᠠᠷᠤᠭ᠎ᠠ    ᠭᠧ ᠱᠤᠸᠠᠩ ᠫᠧᠩ  ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ    ᠪᠦᠷᠢᠯᠳᠦᠬᠦᠨ᠄ ᠮᠠ ᠴᠢᠶᠠᠩ   ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠲᠡᠳ᠋ ᠱᠦᠵᠢ    ᠸᠠᠩ ᠬᠦᠶ ᠬᠤᠸᠠ    ᠠᠶᠢᠮᠠᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ    ᠭᠤᠤ ᠬᠤᠩ    ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ  ᠳᠡᠳ᠋ ᠳᠠᠷᠤᠭ᠎ᠠ    ᠵᠢᠶᠤᠤ  ᠳ᠋ᠧ ᠹᠧᠩ  ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ    ᠵᠠᠩ ᠯᠢ ᡁᠢ   ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ    ᠯᠢᠦ ᠰᠢᠨ ᠭᠠᠩ    ᠠᠶᠢᠮᠠᠭ ᠤᠨ ᠭᠠᠶᠢᠯᠢ ᠶᠢᠨ ᠲᠣᠪᠴᠢᠶ᠎ᠠ ᠶᠢᠨ ᠶᠡᠷᠦᠩᠬᠡᠶ ᠨᠢᠭᠲᠠᠯᠠᠨ ᠪᠤᠳᠤᠭᠴᠢ    ᠶᠤᠸᠠᠢ ᠳ᠋ᠠ  ᠫᠧᠩ   ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ    ᠬᠤᠶᠠᠷ᠂ ᠪᠤᠰᠤᠳ ᠵᠦᠢᠯ    ︵ᠨᠢᠭᠡ︶ ᠤᠳᠤᠷᠢᠳᠬᠤ ᠳᠤᠭᠤᠶᠢᠯᠠᠩ  ᠤᠨ ᠭᠤᠣᠯ ᠡᠭᠦᠷᠭᠡ ᠬᠠᠷᠢᠭᠤᠴᠠᠯᠭ᠎ᠠ᠄ ᠪᠥᠬᠦ ᠠᠶᠢᠮᠠᠭ  ᠤᠨ ᠲᠠᠪᠤᠳᠤᠭᠠᠷ ᠤᠳᠠᠭᠠᠨ  ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ  ᠢ ᠵᠣᠬᠢᠴᠠᠭᠤᠯᠤᠨ  ᠰᠢᠢᠳᠪᠦᠷᠢᠯᠡᠨ᠎ᠡ᠃    ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠳᠣᠭᠢᠷᠠᠭᠤᠯᠤᠨ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ  ᠰᠢᠢᠳᠪᠦᠷᠢᠳᠦ ᠪᠣᠳᠣᠯᠭ᠎ᠠ ᠲᠣᠭᠲᠠᠭᠠᠬᠤ ᠴᠢᠬᠤᠯᠠᠲᠠᠶ ᠰᠠᠨᠠᠭᠤᠯᠭ᠎ᠠ ᠶᠢᠨ ᠲᠥᠰᠦᠯ ᠢ ᠰᠤᠳᠤᠯᠤᠨ ᠳᠤᠷᠠᠳᠴᠤ᠂ ᠤᠳᠤᠷᠢᠳᠬᠤ ᠳᠤᠭᠤᠶᠢᠯᠠᠩ ᠤᠨ ᠵᠥᠪᠯᠡᠨ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ  ᠵᠦᠢᠯᠡᠰ ᠢ ᠳᠠᠭᠠᠭᠠᠨ  ᠭᠦᠢᠴᠡᠳᠭᠡᠨ᠎ᠡ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠶᠤᠸᠠᠢ ᠳ᠋ᠠ ᠫ᠊ ᠫᠧᠩ ᠬᠠᠪᠰᠤᠷᠭᠠᠨ ᠬᠠᠷᠢᠭᠤᠴᠠᠨ᠎ᠠ᠃    ︵ᠭᠤᠷᠪᠠ︶ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠠᠵᠢᠯ ᠤᠨ ᠬᠤᠪᠢᠷᠠᠯᠲᠠ ᠠᠴᠠ ᠪᠣᠯᠵᠣ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠪᠠᠶᠢᠭ᠎ᠠ ᠨᠢᠭᠡᠴᠢ ᠠᠴᠠ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠳᠤᠷᠠᠳᠤᠨ ᠭᠠᠷᠭᠠᠵᠤ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠤᠳᠤᠷᠢᠳᠬᠤ ᠳᠤᠭᠤᠶᠢᠯᠠᠩ ᠨᠢ ᠠᠶᠢᠮᠠᠭ ᠵᠠᠬᠢᠷᠭ᠎ᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠬᠤ ᠥᠬᠡᠶ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠥᠬᠡᠶ ᠪᠣᠯᠭᠠᠨ᠎ᠠ᠃                       ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ ᠰᠠᠯᠠᠭ᠎ᠠ                        2023 ᠣᠨ ᠤ 5 ᠰᠠᠷ᠎ᠠ ᠶᠢᠨ 6 ᠤ ᠡᠳᠦᠷ ᠳᠠᠷᠤᠮᠠᠯᠯᠠᠨ ᠲᠠᠷᠬᠠᠭᠠᠪᠠ    
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号