7 ᠰᠠᠷ᠎ᠠ ᠶᠢᠨ 11 ᠤ ᠡᠳᠦᠷ᠂ ᠤᠯᠠᠭᠠᠨᠬᠤᠲᠠ ᠪᠥᠬᠦ ᠬᠤᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠮᠲᠤᠷᠠᠭᠰᠠᠨ ᠬᠤᠷᠠᠯ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪᠳᠡᠯᠴᠡᠨ ᠲᠣᠬᠢᠷᠠᠭᠤᠯᠬᠤ ᠬᠤᠷᠠᠯ | ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠸᠠᠩ ᠮᠢᠩ ᠶᠠᠩ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠠᠮᠢᠶ᠎ᠠ ᠪᠦᠬᠦᠢ ᠬᠠᠷᠢᠭᠤᠴᠠᠯᠭᠠᠲᠠᠨ ᠪᠥᠬᠦ ᠬᠤᠲᠠ ᠶᠢᠨ ᠳᠡᠭᠡᠷ᠎ᠡ ᠬᠠᠭᠠᠰ ᠵᠢᠯ ᠤᠨ | ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠪᠠ ᠶᠠᠷᠢᠶ᠎ᠠ ᠬᠡᠯᠡᠯᠴᠡᠭᠡᠨ ᠤ ᠠᠶᠤᠯ ᠲᠦᠭᠰᠢᠭᠦᠷᠢ ᠶᠢᠨ ᠪᠠᠶᠢᠳᠠᠯ ᠢ | ᠮᠡᠳᠡᠭᠳᠡᠭᠰᠡᠨ ᠪᠥᠭᠡᠳ ᠲᠠᠷᠠᠭᠠᠴᠢ ᠶᠢᠨ ᠱᠠᠲᠤᠨ ᠤ ᠠᠶᠤᠯ ᠲᠦᠭᠰᠢᠭᠦᠷᠢ ᠶᠢᠨ ᠬᠡᠮ ᠰᠣᠭᠤᠭ ᠲᠤ ᠵᠠᠳᠠᠯᠤᠯᠲᠠ ᠬᠢᠵᠦ | ᠰᠤᠳᠤᠯᠤᠨ ᠮᠠᠭᠠᠳᠯᠠᠯᠲᠠ ᠬᠢᠪᠡ᠃ | ᠬᠤᠷᠠᠯ ᠠᠴᠠ᠂ ᠪᠦᠬᠦ ᠬᠤᠳᠠ ᠶᠢᠨ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ | ᠴᠢᠳᠠᠪᠤᠷᠢ ᠪᠠᠨ ᠳᠡᠭᠡᠭᠰᠢᠯᠡᠭᠦᠯᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ | ᠂ ᠤᠯᠠᠭᠠᠨᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠤᠶᠤᠨ | ᠰᠠᠨᠠᠭᠠᠨ ᠤ ᠲᠤᠯᠭᠠᠭᠤᠷᠢᠯᠠᠯ ᠪᠠ ᠦᠵᠡᠯ ᠰᠠᠨᠠᠭᠠᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | |