ᠤᠯᠠᠭᠠᠨᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠢᠩᠭᠠᠨ ᠵᠡᠭᠡᠯᠢ ᠪᠠᠷ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/7/14
   7 ᠰᠠᠷ᠎ᠠ ᠶᠢᠨ 10 ᠤ ᠡᠳᠦᠷ᠂ ᠤᠯᠠᠭᠠᠨᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠢᠩᠭᠠᠨ ᠵᠡᠭᠡᠯᠢ ᠪᠠᠷ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠪᠠ᠃    ᠲᠤᠬᠠᠢ ᠶᠢᠨ ᠲᠠᠯᠠᠪᠠᠶ ᠳᠤ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠢᠩᠭᠠᠨ ᠵᠡᠭᠡᠯᠢ ᠶᠢᠨ ᠬᠠᠭᠤᠴᠢᠨ ᠪᠠᠶᠢᠰᠢᠩ ᠤᠨ ᠦᠨᠳᠦᠰᠦᠨ ᠪᠠᠶᠢᠳᠠᠯ ᠵᠢᠴᠢ ᠪᠥᠬᠦ ᠵᠡᠭᠡᠯᠢ ᠶᠢᠨ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠣᠶᠢᠯᠠᠭᠠᠭᠰᠠᠨ ᠪᠥᠭᠡᠳ ᠵᠡᠭᠡᠯᠢ ᠭᠤᠳᠤᠮᠵᠢ ᠶᠢᠨ ᠦᠶᠡᠷ ᠢ ᠰᠡᠷᠭᠡᠶᠢᠯᠡᠬᠦ ᠠᠵᠢᠯ ᠳᠤ ᠱᠠᠭᠠᠷᠳᠠᠯᠭ᠎ᠠ ᠳᠤᠷᠠᠳᠪᠠ᠂ ᠨᠢᠭᠡ ᠳᠤ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠵᠡᠭᠡᠯᠢ ᠭᠤᠳᠤᠮᠵᠢ ᠠᠴᠠ ᠡᠷᠬᠡᠪᠰᠢ ᠦᠶᠡᠷ ᠢ ᠰᠡᠷᠭᠡᠶᠢᠯᠡᠬᠦ ᠡᠳ᠋ ᠪᠣᠳᠠᠰ ᠨᠥᠭᠡᠴᠡᠯᠡᠬᠦ᠂ ᠦᠶᠡᠷ ᠢ ᠰᠡᠷᠭᠡᠶᠢᠯᠡᠬᠦ ᠵᠢᠵᠢᠭᠦᠷᠯᠡᠨ ᠳᠠᠭᠠᠭᠤᠯᠬᠤ ᠠᠵᠢᠯ ᠢ ᠰᠠᠶᠢᠲᠤᠷ ᠬᠢᠵᠦ᠂ ᠵᠡᠭᠡᠯᠢ ᠭᠤᠳᠤᠮᠵᠢ ᠶᠢᠨ ᠠᠵᠢᠯᠲᠠᠨ ᠤ 24 ᠴᠠᠭ ᠲᠤ ᠠᠵᠢᠯ ᠤᠨ ᠪᠠᠶᠢᠷᠢ ᠳᠤ ᠪᠠᠶᠢᠬᠤ ᠶᠢ ᠪᠠᠲᠤᠯᠠᠵᠤ᠂ ᠡᠯ᠎ᠡ ᠨᠡᠶᠢᠭᠡᠮ ᠲᠣᠭᠤᠷᠢᠭ ᠤᠨ ᠬᠢᠨ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠴᠢᠭᠯᠡᠭᠦᠯᠦᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠬᠤᠶᠠᠷ ᠱᠠᠲᠤᠨ ᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠡᠩᠨᠡᠭᠡ ᠶᠢ ᠪᠠᠶᠢᠯᠳᠤᠭᠠᠨ ᠤ ᠪᠠᠶᠢᠳᠠᠯ ᠳᠤ ᠣᠷᠣᠭᠤᠯᠵᠤ᠂ ᠦᠶᠡᠷ ᠢ ᠰᠡᠷᠭᠡᠶᠢᠯᠡᠬᠦ ᠠᠵᠢᠯ ᠳᠤ ᠴᠠᠭ ᠲᠤᠬᠠᠢ ᠳᠤᠨᠢ ᠣᠷᠣᠯᠴᠠᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ᠃ ᠪᠦᠬᠦ ᠵᠡᠭᠡᠯᠢ ᠶᠢᠨ ᠨᠠᠮ ᠤᠨ ᠭᠡᠰᠢᠭᠦᠨ ᠺᠠᠳ᠋ᠷ ᠠᠵᠢᠯᠳᠠᠳ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠳᠤᠷ ᠬᠠᠮᠠᠭᠠᠯᠠᠨ ᠪᠠᠳᠤᠯᠠᠬᠤ ᠬᠡᠷᠡᠭᠳᠡᠢ ᠭᠡᠵᠡᠢ᠃     ᠵᠠᠯᠭᠠᠭᠠᠳ ᠬᠢᠩᠭᠠᠨ ᠵᠡᠭᠡᠯᠢ ᠨᠢ ᠬᠤᠳᠠ ᠶᠢᠨ ᠤᠳᠤᠷᠢᠳᠤᠯᠭ᠎ᠠ ᠶᠢᠨ ᠵᠢᠯᠣᠭᠤᠳᠤᠯᠭ᠎ᠠ ᠪᠣᠯᠣᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠭᠡᠯᠢ ᠭᠤᠳᠤᠮᠵᠢ ᠶᠢᠨ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠳᠤ ᠪᠦᠬᠦ ᠬᠦᠴᠦᠨ ᠢᠶᠠᠷ ᠣᠷᠣᠯᠴᠠᠵᠤ᠂ ᠵᠡᠭᠡᠯᠢ ᠭᠤᠳᠤᠮᠵᠢ ᠶᠢᠨ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠪᠠᠶᠢᠷᠢᠯᠠᠭᠤᠯᠤᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠤᠨ ᠬᠠᠯᠬᠠᠪᠴᠢ ᠶᠢ ᠪᠠᠬᠢᠵᠢᠭᠦᠯᠵᠤ ᠪᠠᠶᠢᠨ᠎ᠠ᠃
 
ᠢᠷᠡᠯᠲᠡ᠄ ᠬᠢᠩᠭᠠᠨ ᠵᠡᠭᠡᠯᠢ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号