| | 7 ᠳ᠋ᠤᠭᠠᠷ ᠰᠠᠷ᠎ᠠ ᠶᠢᠨ 13 ᠤ ᠡᠳᠦᠷ᠂ ᠠᠶᠢᠮᠠᠭ ᠤᠨ ᠵᠠᠬᠢᠷᠭ᠎ᠠ ᠪᠥᠬᠦ ᠠᠶᠢᠮᠠᠭ ᠤᠨ ᠲᠠᠪᠤᠳᠤᠭᠠᠷ ᠤᠳᠠᠭᠠᠨ ᠤ | ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠲᠧᠯᠸᠢᠰ ᠤᠳᠠᠰᠤᠳᠤ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠦ ᠭᠠᠷᠭᠠᠭᠰᠠᠨ ᠨᠢ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ | ᠨᠡᠶᠢᠳᠡᠮ ᠤᠨ ᠪᠠᠶᠢᠴᠠᠭᠠᠯᠲᠠ ᠪᠣᠯ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠥᠷᠨᠢᠭᠦᠯᠦᠭᠰᠡᠨ ᠨᠢᠭᠡ ᠤᠳᠠᠭ᠎ᠠ ᠶᠢᠨ | ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠪᠣᠯᠤᠨ᠎ᠠ᠃ ᠡᠯ᠎ᠡ ᠭᠠᠵᠠᠷ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠶᠢ ᠦᠨᠡᠨᠬᠦ ᠠᠵᠤ ᠠᠬᠤᠶ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠬᠦᠴᠦᠯᠡᠨ ᠠᠬᠢᠭᠤᠯᠬᠤ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠨ ᠥᠷᠨᠢᠭᠦᠯᠵᠦ᠂ ᠠᠬᠢᠭᠤᠯᠵᠤ᠂ | ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ | ᠲᠥᠯᠥᠭᠡ ᠨᠡᠶᠢᠳᠡᠮ ᠪᠠᠶᠢᠴᠠᠭᠠᠬᠤ ᠶᠢ ᠡᠷᠡᠰ ᠪᠡᠶᠡᠯᠡᠭᠦᠯᠵᠦ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ᠂ ᠴᠢᠨᠠᠷ ᠰᠠᠶᠢᠲᠠᠶ ᠥᠨᠳᠥᠷ ᠬᠢᠷᠢ ᠲᠦᠪᠰᠢᠨ ᠢᠶᠠᠷ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ | ᠪᠡᠶᠡᠯᠡᠭᠦᠯᠬᠦ ᠶᠢ ᠪᠠᠷᠢᠮᠲᠠᠯᠠᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠭᠤᠤᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠰᠠᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠨᠡᠶᠢᠳᠡᠮ | ᠪᠠᠶᠢᠴᠠᠭᠠᠯᠲᠠ ᠶᠢᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠳᠥᠯᠭᠢᠨ ᠠᠬᠢᠭᠤᠯᠵᠤ᠂ ︽ᠬᠤᠶᠠᠷ | ᠠᠵᠢᠯᠲᠠᠨ︾ ᠢ ᠰᠣᠩᠭᠤᠨ ᠲᠣᠮᠢᠯᠠᠬᠤ ᠪᠣᠯᠪᠠᠰᠤᠷᠠᠭᠤᠯᠤᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ | ᠬᠡᠪᠢᠰ ᠮᠠᠶ᠋ᠢᠭ︾ ᠤᠨ ᠡᠷᠦᠬᠡ ᠳᠤ ᠬᠦᠷᠴᠦ ᠢᠯᠭᠠᠷᠠᠭᠤᠯᠤᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ | ᠥᠷᠨᠢᠭᠦᠯᠬᠦ ᠬᠡᠷᠡᠭᠲᠡᠶ᠃ ᠡᠯ᠎ᠡ ᠭᠠᠵᠠᠷ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠲᠣᠭᠲᠠᠴᠠ ᠶᠢ | ᠪᠠᠶᠢᠭᠤᠯᠤᠨ᠂ ᠡᠯ᠎ᠡ ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠪᠥᠬᠦ ᠠᠶᠢᠮᠠᠭ ᠤᠨ | ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ | ᠰᠠᠶᠢᠲᠠᠶ ᠰᠠᠶᠢᠲᠤᠷ ᠬᠢᠬᠦ ᠳᠤ ᠦᠨᠡᠨᠬᠦ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠪᠡ᠃ | |