ᠶᠠᠩ ᠵᠢᠢ ᠫᠧᠩ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠭᠤᠣᠯ ᠮᠦᠷᠡᠨ ᠢ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/7/18
   7 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠢ ᠫᠧᠩ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠭᠤᠣᠯ ᠮᠦᠷᠡᠨ ᠢ ᠴᠠᠭᠳᠠᠬᠤ ᠠᠵᠢᠯ ᠥᠷᠨᠢᠭᠦᠯᠪᠡ᠃ ᠬᠤᠲᠠ ᠶᠢᠨ ᠤᠳᠤᠷᠢᠳᠤᠯᠭ᠎ᠠ ᠯᠢᠦ ᠶᠢᠨ ᠪᠥᠸᠧ᠂ ᠯᠢ ᠶᠢᠩ ᠺᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠶᠢᠴᠠᠭᠠᠨ ᠰᠤᠳᠤᠯᠪᠡ᠃    ᠶᠠᠩ ᠵᠢᠢ ᠫᠧᠩ ᠨᠠᠷ ᠭᠦᠢᠯᠡᠷ ᠭᠤᠣᠯ ᠤᠨ ᠢᠯᠠᠯᠲᠠ ᠪᠠᠯᠭᠠᠰᠤᠨ ᠤ ᠴᠠᠭᠠᠨ ᠭᠠᠴᠠᠭ᠎ᠠ ᠶᠢᠨ ᠬᠡᠰᠡᠭ ᠲᠤ ᠬᠦᠷᠴᠦ᠂ ᠰᠢᠷᠦᠭᠦᠨ ᠪᠣᠷᠣᠭᠠᠨ ᠤ ᠨᠥᠯᠥᠭᠡ ᠪᠣᠯᠣᠨ ᠠᠷᠭᠠᠴᠠᠭᠠᠨ ᠰᠢᠢᠳᠪᠦᠷᠢᠯᠡᠬᠦ ᠠᠵᠢᠯ ᠤᠨ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯ᠂ ᠠᠶᠤᠯ ᠲᠦᠭᠰᠢᠭᠦᠷᠢ ᠶᠢᠨ ᠭᠡᠮ ᠰᠣᠭᠤᠭ ᠤᠨ ᠪᠠᠶᠢᠴᠠᠭᠠᠯᠲᠠ᠂ ᠭᠤᠣᠯ ᠮᠥᠷᠡᠨ ᠤ ᠦᠶᠡᠷ ᠤᠨ ᠤᠷᠤᠰᠬᠠᠯ ᠤᠨ ᠠᠮᠤᠷ ᠲᠦᠪᠰᠢᠨ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠠᠶᠢᠳᠠᠯ ᠵᠡᠷᠭᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃    ᠶᠠᠩ ᠵᠢᠢ ᠫᠧᠩ᠂ ᠤᠯᠠᠭᠠᠨᠬᠤᠳᠠ ᠶᠢᠨ ᠦᠶᠡᠷ ᠢ ᠰᠡᠷᠭᠡᠶᠢᠯᠡᠬᠦ ᠠᠵᠢᠯ ᠵᠠᠩᠭᠢᠯᠠᠭ᠎ᠠ ᠶᠢᠨ ᠬᠤᠭᠤᠴᠠᠭᠠᠨ ᠳᠤ ᠣᠷᠣᠯ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠦᠶᠡᠷ ᠲᠤ ᠪᠡᠯᠡᠳᠬᠡᠬᠦ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ︽ᠴᠠᠭ ᠢᠮᠠᠭᠲᠠ ᠰᠡᠷᠡᠮᠵᠢ ᠲᠠᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠬᠠᠮᠠᠭᠠᠯᠠᠬᠤ ᠬᠡᠷᠡᠭᠲᠡᠢ ᠭᠡᠵᠡᠢ᠃    ᠶᠠᠩ ᠵᠢᠢ ᠫᠧᠩ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠶᠡᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢᠶᠠᠨ ᠴᠢᠩᠭᠠᠳᠬᠠᠨ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠦᠶᠡᠷ ᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠪᠦᠷᠢᠨᠰᠢᠭᠦᠯᠵᠦ᠂ ᠭᠤᠣᠯ ᠤᠨ ᠭᠤᠯᠳᠤᠷᠢᠯ ᠤᠨ ᠭᠤᠣᠯᠳᠠᠯᠭ᠎ᠠ ᠲᠠᠢ ᠬᠠᠰᠢᠯᠭ᠎ᠠ ᠳᠠᠯᠠᠩ ᠢᠶᠠᠷ ᠰᠠᠶᠢᠳᠤᠷ ᠲᠣᠭᠤᠷᠢᠨ ᠪᠠᠶᠢᠴᠠᠭᠠᠵᠤ᠂ ᠶᠡᠷᠦ ᠪᠤᠰᠤ ᠶᠢᠨ ᠴᠠᠭ ᠠᠭᠤᠷ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ ᠰᠡᠷᠭᠡᠶᠢᠯᠡᠨ ᠬᠠᠮᠠᠭᠠᠯᠠᠵᠤ ᠠᠶᠤᠯ ᠠᠴᠠ ᠵᠠᠶᠢᠯᠠᠭᠤᠯᠬᠤ ᠵᠡᠷᠭᠡ ᠠᠷᠭᠠᠴᠠᠭᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠤᠭᠴᠠᠯᠠᠬᠤ ᠬᠡᠷᠡᠭᠲᠡᠢ᠃ ᠪᠣᠷᠣᠭᠠᠨ ᠤ ᠳᠠᠷᠠᠭᠠᠬᠢ ᠭᠤᠣᠯ ᠤᠨ ᠭᠤᠯᠳᠤᠷᠢᠯ ᠳᠠᠬᠢ ᠬᠤᠷᠠᠭᠰᠠᠨ ᠤᠰᠤ ᠶᠢ ᠵᠠᠯᠠᠵᠤ ᠯᠠᠶᠢᠳᠠᠬᠤ ᠠᠵᠢᠯ ᠢ ᠴᠠᠭ ᠲᠤᠬᠠᠢ ᠳᠤᠨᠢ ᠭᠦᠢᠴᠡᠳᠭᠡᠨ᠂ ᠤᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠨᠢᠭᠡᠳᠦᠯᠲᠡᠢ ᠲᠥᠯᠥᠪᠯᠡᠨ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号