ᠸᠠᠩ ᠰᠢᠶᠣᠣ ᠬᠤᠸᠠᠨ ᠪᠦᠯᠬᠦᠮ ᠳᠠᠭᠠᠭᠤᠯᠤᠨ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠪᠠ ᠵᠢᠵᠢᠭᠦᠷᠯᠡᠨ  ᠰᠠᠬᠢᠬᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/7/19
     7 ᠰᠠᠷ᠎ᠠ   ᠶᠢᠨ 13 ᠤ ᠡᠳᠦᠷ᠂ ᠷᠡᠰᠢᠶᠠᠨ ᠬᠤᠲᠠ   ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ    ᠶᠢᠨ ᠳᠠᠷᠤᠭ᠎ᠠ ᠸᠠᠩ ᠰᠢᠶᠣᠣ ᠬᠤᠸᠠᠨ ᠢᠷᠪᠢᠰ ᠵᠡᠭᠡᠯᠢ᠂ ᠰᠢᠨ ᠴᠧᠩ ᠵᠡᠭᠡᠯᠢ᠂ ᠲᠢᠶᠠᠨ ᡂᠢ ᠪᠠᠯᠭᠠᠰᠣ ᠪᠠᠷ  ᠭᠦᠨᠵᠡᠭᠡᠶᠢᠷᠡᠨ ᠦᠶᠡᠷ   ᠢ ᠰᠡᠷᠭᠡᠶᠢᠯᠡᠬᠦ ᠪᠡᠯᠡᠳᠬᠡᠯ ᠠᠵᠢᠯ ᠪᠠ ᠵᠢᠵᠢᠭᠦᠷᠯᠡᠨ ᠰᠠᠬᠢᠬᠤ ᠠᠵᠢᠯ ᠢ ᠪᠠᠶᠢᠴᠠᠭᠠᠪᠡ᠃  ᠬᠤᠲᠠ ᠶᠢᠨ ᠤᠳᠤᠷᠢᠳᠤᠯᠭ᠎ᠠ ᠵᠣᠣ ᠫᠧᠩ ᠴᠢ ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ  ᠲᠣᠪᠴᠢᠶ᠎ᠠ᠂ ᠲᠠᠷᠢᠶᠠᠯᠠᠩ ᠤᠰᠤᠨ ᠠᠰᠢᠬᠯᠠᠯᠳᠡ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ  ᠪᠦᠬᠦᠢ ᠨᠥᠬᠦᠳ ᠪᠠᠷ᠎ᠠ ᠪᠣᠯᠵᠤ ᠪᠠᠶᠢᠴᠠᠭᠠᠪᠠ᠃       ᠸᠠᠩ ᠰᠢᠶᠣᠣ ᠬᠤᠸᠠᠨ᠂ ᠡᠯ᠎ᠡ ᠪᠠᠯᠭᠠᠰᠤ ᠵᠡᠭᠡᠯᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ  ︽ᠠᠷᠠᠳ ᠲᠦᠮᠡᠨ   ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠦᠵᠡᠯ ᠰᠠᠨᠠᠭ᠎ᠠ   ᠶᠢ ᠪᠠᠲᠤ ᠪᠠᠬᠢ ᠪᠣᠶ  ᠪᠣᠯᠭᠠᠵᠤ᠂ ᠦᠶᠡᠷ   ᠢ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ  ᠪᠠᠶᠢᠳᠠᠯ   ᠢ ᠭᠦᠢᠴᠡᠳ ᠲᠠᠨᠢᠵᠤ᠂ ᠦᠶᠡᠷ   ᠢ ᠠᠮᠤᠷ ᠲᠦᠪᠰᠢᠨ   ᠢᠶᠠᠷ ᠥᠩᠭᠡᠷᠡᠭᠦᠯᠬᠦ ᠡᠨᠡᠬᠦ ᠬᠥᠪᠴᠢ   ᠶᠢ ᠴᠢᠩᠭ᠎ᠠ  ᠠᠳᠬᠤᠵᠤ᠂ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃  ᠠᠶᠤᠯ ᠠᠴᠠ ᠠᠪᠤᠷᠠᠬᠤ ᠲᠤᠰᠬᠠᠢ ᠬᠦᠴᠦᠨ ᠪᠠ ᠡᠳ᠋ ᠪᠣᠳᠠᠰ ᠲᠥᠬᠦᠭᠡᠷᠦᠮᠵᠢ ᠶᠢ ᠤᠷᠢᠳᠴᠢᠯᠠᠨ ᠲᠣᠬᠢᠷᠠᠭᠤᠯᠵᠤ᠂  ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠢᠨᠵᠢᠯᠡᠬᠦ  ᠤᠬᠠᠭᠠᠨᠴᠢ ᠪᠠᠷ ᠡᠮᠬᠢ ᠵᠢᠷᠤᠮ ᠲᠠᠢ ᠪᠠᠷ ᠥᠷᠨᠢᠭᠦᠯᠣᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ  ᠪᠠᠭᠠᠰᠬᠠᠬᠤ ᠬᠡᠷᠡᠭᠲᠡᠢ᠃ ᠲᠡᠮᠦᠷ ᠵᠠᠮ ᠤᠨ ᠳᠣᠣᠷᠠᠬᠢ ᠵᠥᠷᠢᠯᠢᠭ ᠬᠥᠭᠦᠷᠭᠡ᠂ ᠭᠤᠣᠯ ᠤᠨ ᠬᠥᠪᠡᠭᠡᠨ ᠤ ᠠᠷᠠᠳ ᠤᠨ  ᠭᠡᠷ ᠪᠠᠶᠢᠰᠢᠩ᠂ ᠪᠠᠷᠢᠯᠭ᠎ᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠭᠠᠵᠡᠷ ᠤᠨ ᠦᠶᠡᠷ ᠢ ᠰᠡᠷᠭᠡᠶᠢᠯᠡᠨ ᠠᠮᠤᠷ  ᠲᠦᠪᠰᠢᠨ ᠢ ᠠᠩᠬᠠᠷᠴᠤ᠂ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠤ ᠵᠤᠭᠠᠴᠠᠭᠰᠠᠳ ᠤᠨ ᠨᠡᠮᠡᠭᠳᠡᠵᠦ ᠪᠠᠶᠢᠭ᠎ᠠ  ᠪᠠᠶᠢᠳᠠᠯ ᠳᠤ᠂ ᠬᠠᠷᠢᠶ᠎ᠠ ᠣᠷᠣᠨ ᠤ ᠭᠤᠣᠯ ᠤᠨ ᠭᠤᠯᠳᠤᠷᠢᠯ ᠤᠨ ᠡᠷᠬᠢᠨ ᠲᠣᠭᠤᠷᠢᠨ ᠤ ᠭᠡᠷ ᠲᠡᠷᠭᠡ᠂ ᠮᠠᠶᠢᠬᠠᠨ ᠢ  ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠢ᠃ 24 ᠴᠠᠭ ᠤᠨ ᠤᠳᠤᠷᠢᠳᠤᠯᠭ᠎ᠠ ᠡᠭᠡᠯᠵᠢ ᠳᠠᠭᠠᠭᠤᠯᠬᠤ ᠪᠠ  ᠠᠵᠢᠯᠲᠠᠳ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠬᠢᠨᠠᠨ ᠬᠡᠮᠵᠢᠵᠦ᠂ ᠬᠢᠨᠠᠨ ᠡᠵᠡᠮᠳᠡᠬᠦ ᠪᠠᠨ ᠴᠢᠩᠭᠠᠳᠬᠠᠵᠤ᠂  ᠲᠦᠭᠰᠢᠭᠦᠷᠢᠲᠦ ᠪᠠᠶᠢᠳᠠᠯ ᠢ ᠬᠠᠮᠤᠭ ᠲᠦᠷᠭᠡᠨ ᠢᠯᠡᠷᠡᠭᠦᠯᠵᠦ᠂ ᠬᠠᠮᠤᠭ ᠤᠨ ᠲᠡᠷᠢᠭᠦᠨ ᠳᠤ ᠰᠢᠢᠳᠪᠦᠷᠢᠯᠡᠵᠦ᠂  ᠬᠠᠮᠤᠭ ᠤᠨ ᠲᠡᠷᠢᠭᠦᠨ ᠳᠤ ᠮᠡᠳᠡᠭᠦᠯᠬᠦ ᠶᠢ ᠪᠠᠲᠤᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠣᠯᠠᠨ ᠤ ᠠᠮᠢ  ᠨᠠᠰᠤ ᠡᠳ᠋ ᠬᠥᠷᠥᠩᠭᠡ ᠶᠢ ᠰᠠᠶᠢᠳᠤᠷ ᠬᠠᠮᠠᠭᠠᠯᠠᠬᠤ ᠬᠡᠷᠡᠭᠲᠡᠢ ᠭᠡᠵᠣ ᠴᠢᠬᠤᠯᠠᠴᠢᠯᠠᠭᠰᠠᠨ  ᠪᠠᠶᠢᠨ᠎ᠠ᠃    
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号