ᠰᠢᠨ ᠴᠧᠩ ᠵᠡᠭᠡᠯᠢ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ  ᠪᠠᠶᠢᠴᠠᠭᠠᠵᠠᠢ
ᠨᠡᠶᠢᠲᠡᠯᠡᠭᠰᠡᠨ ᠴᠠᠭ᠄
2023/7/19
     ᠦᠶᠡᠷ ᠤᠨ ᠬᠤᠭᠤᠴᠠᠭᠠᠨ ᠳᠠᠬᠢ ᠦᠶᠡᠷ ᠢ ᠰᠡᠷᠭᠡᠶᠢᠯᠡᠬᠦ ᠠᠵᠢᠯ ᠢ ᠦᠨᠠᠨ ᠬᠦ ᠰᠠᠶᠢᠲᠤᠷ ᠬᠢᠵᠦ᠂ ᠴᠢᠩᠭ᠎ᠠ  ᠰᠣᠯᠢᠭ ᠤᠷᠤᠰᠬᠠᠯ ᠤᠨ ᠴᠠᠭ ᠠᠭᠤᠷ ᠠᠴᠠ ᠪᠣᠯᠤᠭᠰᠠᠨ ᠠᠶᠤᠯ ᠭᠠᠮᠰᠢᠭ ᠢ ᠰᠡᠷᠭᠡᠶᠢᠯᠡᠵᠦ᠂ ᠬᠠᠷᠢᠶ᠎ᠠ ᠣᠷᠣᠨ ᠤ  ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠳᠤᠷ ᠪᠠᠲᠤᠯᠠᠬᠤ ᠶᠢᠨ ᠲᠥᠯᠥᠭᠡ  ᠂ ᠷᠠᠰᠢᠶᠠᠨ ᠬᠤᠳᠠ ᠶᠢᠨ ᠰᠢᠨ ᠴᠧᠩ ᠵᠡᠭᠡᠯᠢ᠂ ᠦᠶᠡᠷ ᠤᠨ ᠬᠤᠭᠤᠴᠠᠭᠠᠨ ᠳᠠᠬᠢ ᠠᠮᠤᠷ ᠲᠦᠪᠰᠢᠨ ᠤ ᠬᠡᠮ  ᠰᠣᠭᠤᠭ ᠢ ᠪᠠᠶᠢᠴᠠᠭᠠᠬᠤ ᠠᠵᠢᠯ ᠢ ᠳᠠᠷᠤᠶᠢᠬᠠᠨ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ  ᠲᠦᠪᠰᠢᠨ ᠢ ᠬᠠᠮᠠᠭᠠᠯᠠᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠨ᠎ᠠ᠃ 7 ᠰᠠᠷ᠎ᠠ   ᠶᠢᠨ 14 ᠤ ᠡᠳᠦᠷ᠂  ᠰᠢᠨ ᠴᠧᠩ ᠵᠡᠭᠡᠯᠢ ᠶᠢᠨ ᠱᠦᠵᠢ᠂ ᠡᠷᠬᠢᠯᠡᠭᠴᠢ ᠳᠤᠭᠤᠶᠢᠯᠠᠩ ᠳᠠᠭᠠᠭᠤᠯᠤᠨ ᠬᠠᠷᠢᠶ᠎ᠠ ᠣᠷᠣᠨ ᠳᠠᠭᠠᠨ  ᠭᠦᠨᠵᠡᠭᠡᠶᠢᠷᠡᠵᠦ᠂ ᠬᠠᠭᠤᠴᠢᠨ ᠭᠡᠷ ᠪᠠᠶᠢᠰᠢᠩ᠂ ᠬᠤᠲᠣᠭᠤᠷ ᠭᠠᠵᠠᠷ᠂ ᠭᠠᠵᠠᠷ ᠳᠣᠣᠷᠠᠬᠢ ᠭᠡᠷ ᠲᠤ ᠤᠰᠤ ᠣᠷᠣᠵᠤ  ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠷ ᠪᠠᠶᠢᠴᠠᠭᠠᠬᠤ ᠶᠢᠨ ᠬᠠᠮᠲᠤ ᠴᠠᠬᠢᠯᠭᠠᠨ ᠤᠲᠠᠰᠤᠨ ᠤ ᠠᠮᠤᠷ ᠲᠦᠪᠰᠢᠨ ᠤ  ᠳᠠᠯᠳᠠ ᠬᠡᠮ ᠵᠢᠴᠢ ᠭᠠᠵᠠᠷ ᠳᠡᠭᠡᠷᠡᠬᠢ ᠤᠰᠤᠨ ᠰᠤᠪᠠᠭ ᠤᠨ ᠤᠷᠤᠰᠬᠠᠯ ᠤᠰᠤ ᠰᠠᠭᠠᠳ ᠦᠭᠡᠢ ᠨᠡᠪᠲᠡᠷᠡᠵᠦ ᠪᠠᠶᠢᠬᠤ  ᠡᠰᠡᠬᠦ ᠶᠢ ᠪᠠᠶᠢᠴᠠᠭᠠᠪᠡ᠃ ᠳᠠᠷᠠᠭᠠᠯᠠᠨ ᠪᠠᠶᠢᠴᠠᠭᠠᠵᠤ ᠰᠤᠷᠪᠤᠯᠵᠢᠯᠠᠬᠤ ᠶᠢᠨ ᠬᠠᠮᠲᠤ ᠬᠠᠷᠢᠶ᠎ᠠ ᠣᠷᠣᠨ ᠤ ᠰᠠᠭᠤᠭᠠᠯᠢ  ᠠᠷᠠᠳ ᠲᠤ ᠦᠶᠡᠷ ᠤᠨ ᠬᠤᠭᠤᠴᠠᠭᠠᠨ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠮᠡᠳᠡᠯᠭᠡ᠂ ᠦᠶᠡᠷ ᠢ  ᠰᠡᠷᠭᠡᠶᠢᠯᠡᠬᠦ ᠮᠡᠳᠡᠭᠡ ᠵᠠᠩᠭᠢ ᠪᠠ ᠪᠣᠷᠣᠭᠠᠨ ᠲᠠᠢ ᠡᠳᠦᠷ ᠤᠨ ᠠᠮᠤᠷ ᠲᠦᠪᠰᠢᠨ ᠤ ᠲᠤᠬᠠᠢ ᠠᠩᠬᠠᠷᠬᠤ ᠵᠦᠢᠯᠡᠰ ᠢ  ᠢᠳᠡᠪᠬᠢᠲᠡᠢ ᠣᠬᠠᠭᠤᠯᠣᠨ᠂ ᠦᠶᠡᠷ ᠢ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠰᠠᠭᠤᠭᠠᠯᠢ  ᠠᠷᠠᠳ ᠤᠨ ᠭᠠᠮᠰᠢᠭ ᠠᠴᠠ ᠵᠠᠶᠢᠯᠠᠬᠤ ᠤᠬᠠᠮᠰᠠᠷ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂  ᠥᠷᠭᠡᠨ ᠣᠯᠠᠨ ᠰᠠᠭᠤᠭᠠᠯᠢ ᠠᠷᠠᠳ ᠲᠤ ᠪᠣᠷᠣᠭᠠᠨ ᠤ ᠤᠯᠠᠷᠢᠯ ᠤᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠯᠳᠡ   ᠶᠢᠨ ᠠᠵᠢᠯ ᠢ ᠬᠢᠬᠦ ᠬᠡᠷᠡᠭᠳᠡᠢ ᠭᠡᠵᠦ ᠰᠠᠨᠠᠭᠤᠯᠵᠡᠢ᠃      ᠰᠢᠨ ᠴᠧᠩ ᠵᠡᠭᠡᠯᠢ ᠶᠢᠨ  ᠬᠢᠨ ᠪᠠᠰᠠ ᠦᠷᠭᠦᠯᠵᠢᠯᠡᠨ ᠲᠣᠭᠤᠷᠢᠨ ᠪᠠᠶᠢᠴᠠᠭᠠᠵᠤ᠂ ᠠᠮᠤᠷ ᠲᠦᠪᠰᠢᠨ ᠤ ᠬᠡᠮ  ᠰᠣᠭᠤᠭ ᠢ ᠴᠢᠩᠭ᠎ᠠ ᠪᠠᠶᠢᠴᠠᠭᠠᠵᠤ ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ  ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠲᠤ ᠮᠡᠳᠡᠭᠡ ᠵᠠᠩᠭᠢ ᠶᠢ ᠰᠠᠭᠠᠳ  ᠦᠭᠡᠢ ᠨᠠᠪᠲᠠᠷᠡᠭᠦᠯᠵᠦ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ  ᠰᠢᠢᠳᠪᠦᠷᠢᠯᠡᠬᠦ ᠶᠢ ᠪᠠᠲᠤᠯᠠᠨ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ  ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠳᠤᠷ  ᠪᠠᠲᠤᠯᠠᠵᠤ ᠪᠠᠶᠢᠨ᠎ᠠ᠃      
 
ᠢᠷᠡᠯᠲᠡ᠄ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号