ᠵᠤᠨ ᠤ ᠠᠮᠠᠷᠠᠯᠲᠠ ᠶᠢᠨ ᠬᠤᠭᠤᠴᠠᠭᠠᠨ ᠳᠤ᠂ ᠨᠠᠰᠤᠨ ᠳᠤ ᠥᠯᠥ ᠬᠦᠷᠦᠭᠰᠡᠳ ᠤᠨ ᠠᠮᠤᠷ ᠲᠦᠪᠰᠢᠨ ᠤ | ᠠᠰᠠᠭᠤᠳᠠᠯ ᠪᠣᠯ ᠣᠯᠠᠨ ᠤ ᠬᠠᠮᠤᠭ ᠠᠴᠠ ᠠᠩᠬᠠᠷᠳᠠᠭ ᠠᠰᠠᠭᠤᠳᠡᠯ ᠪᠣᠯᠣᠨ᠎ᠠ᠃ ᠠᠮᠠᠷᠠᠯᠲᠠ ᠶᠢᠨ ᠬᠤᠭᠤᠴᠠᠭᠠᠨ ᠤ | ᠠᠮᠤᠷ ᠲᠦᠪᠰᠢᠨ ᠤ ᠡ᠊ᠨᠳᠡᠯ ᠭᠠᠷᠬᠤ ᠶᠢ ᠰᠠᠶᠢᠳᠤᠷ ᠰᠡᠷᠭᠡᠶᠢᠯᠡᠵᠦ᠂ ᠬᠠᠷᠢᠶ᠎ᠠ ᠣᠷᠣᠨ ᠳᠠᠬᠢ ᠨᠠᠰᠤᠨ ᠳᠤ ᠥᠯᠥ | ᠬᠦᠷᠦᠭᠰᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠣᠯᠡᠮ ᠨᠢᠭᠡ ᠠᠯᠬᠤᠮ ᠨᠡᠮᠡᠭᠳᠡᠬᠦᠯᠬᠦ | ᠶᠢᠨ ᠲᠦᠯᠣᠭᠡ᠂ 7 ᠰᠠᠷ᠎ᠠ ᠶᠢᠨ 12 ᠤᠨ ᠡᠳᠦᠷ᠂ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠰᠢᠩ ᠯᠢᠨ | ᠨᠡᠶᠢᠭᠡᠮ ᠲᠣᠭᠤᠷᠢᠭ ᠢᠷᠪᠢᠰ ᠬᠢᠯᠢ ᠶᠢᠨ ᠲᠣᠳᠣᠭᠠᠳᠣ ᠶᠢ ᠬᠠᠮᠠᠭᠠᠯᠠᠬᠤ ᠰᠠᠯᠪᠤᠷᠢ ᠲᠠᠢ ᠬᠠᠮᠲᠤᠷᠠᠨ ︽ᠵᠣᠨ ᠤ | ᠠᠮᠠᠷᠠᠯᠲᠠ ᠪᠠᠨ ᠪᠠᠶᠠᠷ ᠬᠥᠷ ᠲᠠᠢ ᠠᠮᠤᠷ ᠲᠦᠪᠰᠢᠨ ᠥᠩᠭᠡᠷᠡᠭᠦᠯᠬᠦ ᠬᠡᠷᠡᠭᠳᠡᠢ︾ ᠬᠡᠬᠦ ᠬᠥᠮᠦᠵᠢᠯ ᠤᠨ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ᠂ ᠢᠷᠪᠢᠰ ᠬᠢᠯᠢ ᠶᠢᠨ ᠲᠣᠳᠣᠭᠠᠳᠣ ᠶᠢ | ᠬᠠᠮᠠᠭᠠᠯᠠᠬᠤ ᠰᠠᠯᠪᠤᠷᠢ ᠶᠢᠨ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠨᠠᠰᠤᠨ ᠳᠤ ᠦᠯᠦ ᠬᠦᠷᠦᠭᠰᠡᠳ ᠲᠤ | ᠠᠮᠤᠷ ᠲᠦᠪᠰᠢᠨ ᠤ ᠬᠥᠮᠦᠵᠢᠯ ᠤᠨ ᠤᠬᠠᠭᠤᠯᠤᠨ ᠲᠠᠶᠢᠯᠪᠤᠷᠢᠯᠠᠯᠲᠠ ᠬᠢᠵᠦ᠂ 40 ᠭᠠᠷᠤᠢ ᠭᠡᠷ ᠤᠨ ᠠᠬᠠᠮᠠᠳ | ᠪᠣᠯᠣᠨ ᠰᠤᠷᠤᠭᠴᠢᠳ ᠣᠷᠣᠯᠴᠠᠵᠠᠢ᠃ ᠠᠷᠠᠳ ᠤᠨ ᠴᠠᠭᠳᠠᠭ᠎ᠠ ᠠᠴᠠ ᠤᠰᠤᠨ ᠳᠤ ᠴᠠᠴᠠᠬᠤ ᠠᠴᠠ ᠰᠡᠷᠭᠡᠶᠢᠯᠡᠬᠦ | ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠢ ᠰᠡᠷᠭᠡᠶᠢᠯᠡᠬᠦ ᠠᠮᠤᠷ ᠲᠦᠪᠰᠢᠨ᠂ ᠭᠡᠷ | ᠪᠦᠯᠢ ᠶᠢᠨ ᠠᠮᠤᠷ ᠲᠦᠪᠰᠢᠨ ᠵᠡᠷᠭᠡ ᠲᠠᠯ᠎ᠠ ᠪᠠᠷ ᠪᠣᠳᠠᠲᠤ ᠬᠡᠷᠡᠭ ᠪᠠ ᠲᠤᠭ᠎ᠠ ᠪᠠᠷᠢᠮᠲᠠ ᠪᠠᠷ ᠵᠢᠱᠢᠶ᠎ᠡ ᠲᠠᠢ | ᠲᠠᠶᠢᠯᠪᠤᠷᠢᠯᠠᠨ ᠣᠯᠠᠨ ᠳᠤ ᠴᠠᠭ ᠢᠮᠠᠭᠲᠠ ᠥᠪᠡᠷ ᠤᠨ ᠠᠮᠤᠷ ᠲᠦᠪᠰᠢᠨ ᠢᠶᠠᠨ ᠠᠩᠬᠠᠷᠴᠤ᠂ ᠠᠮᠤᠷ ᠲᠦᠪᠰᠢᠨ ᠤ | ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠭᠡᠵᠦ ᠰᠡᠷᠡᠮᠵᠢᠯᠡᠭᠦᠯᠵᠡᠢ᠃ | ᠲᠣᠰ ᠤᠳᠠᠭᠠᠨ ᠤ ᠠᠵᠢᠯᠯᠠᠭ᠎ᠠ ᠨᠢ ᠨᠠᠰᠤᠨ ᠳᠤ ᠥᠯᠥ ᠭᠦᠷᠦᠭᠰᠡᠳ ᠤᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠨᠡᠶᠢᠭᠡᠮ ᠲᠣᠭᠤᠷᠢᠭ ᠠᠴᠠ | ᠨᠠᠰᠤᠨ ᠳᠤ ᠥᠯᠥ ᠭᠦᠷᠦᠭᠰᠡᠳ ᠢ ᠣᠯᠠᠨ ᠲᠠᠰ ᠳᠠᠪᠬᠤᠷᠭ᠎ᠠ ᠪᠠᠷ ᠬᠠᠯᠠᠮᠵᠢᠯᠠᠨ ᠬᠠᠮᠠᠭᠠᠯᠠᠵᠤ ᠪᠠᠶᠢᠬᠤ ᠶᠢ | ᠢᠯᠡᠷᠡᠭᠦᠯᠵᠦ᠂ ᠠᠮᠤᠷ ᠲᠦᠪᠰᠢᠨ ᠤ ᠬᠥᠮᠦᠵᠢᠯ ᠤᠨ ᠴᠢᠬᠤᠯᠠ ᠴᠢᠨᠠᠷ ᠢ ᠣᠯᠠᠨ ᠳᠤ ᠭᠦᠢᠴᠡᠳ ᠲᠠᠨᠢᠭᠤᠯᠵᠤ᠂ ︽ | ᠵᠣᠨ ᠤ ᠠᠮᠠᠷᠠᠯᠲᠠ ᠪᠠᠨ ᠪᠠᠶᠠᠷ ᠬᠥᠷ ᠲᠠᠢ ᠠᠮᠤᠷ ᠲᠦᠪᠰᠢᠨ ᠥᠩᠭᠡᠷᠡᠭᠦᠯᠬᠦ ᠬᠡᠷᠡᠭᠳᠡᠢ︾ ᠭᠡᠳᠡᠭ ᠢ ᠦᠨᠡᠨ ᠬᠦ | ᠪᠡᠶᠡᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠠᠮᠤᠷ ᠲᠦᠪᠰᠢᠨ ᠤ | ᠬᠥᠮᠦᠵᠢᠯ ᠤᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠠᠮᠤᠷ ᠲᠦᠪᠰᠢᠨ ᠤ ᠬᠥᠮᠦᠵᠢᠯ ᠤᠨ ᠪᠦᠷᠬᠦᠴᠡ ᠶᠢ | ᠥᠷᠭᠡᠳᠬᠡᠵᠦ᠂ ᠠᠮᠤᠷ ᠠᠮᠤᠭᠤᠯᠠᠩ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠪᠠᠶᠢᠭᠤᠯᠬᠤ ᠳᠤ ᠦᠷᠭᠦᠯᠵᠢᠯᠡᠨ | ᠬᠦᠴᠦᠨ ᠨᠡᠮᠡᠷᠢᠯᠡᠨ᠎ᠡ᠃ | | |