ᠬᠠᠨᠢᠶᠠᠳᠤ ᠶᠢ ᠵᠠᠰᠠᠬᠤ ᠵᠣᠷ
ᠨᠡᠶᠢᠲᠡᠯᠡᠭᠰᠡᠨ ᠴᠠᠭ᠄
2023/7/19
     ᠪᠤᠷᠠᠮ᠂ ᠭᠠ᠂ ᠴᠢᠪᠠᠭ᠎ᠠ ᠶᠢᠨ ᠱᠦᠯᠦ ᠬᠢᠮᠤᠷᠠᠭ᠎ᠠ ᠬᠠᠨᠢᠶᠠᠳᠦ ᠶᠢ ᠵᠠᠰᠠᠨ᠎ᠠ᠃ ᠪᠤᠷᠠᠮ 30 ᠭᠷᠠᠮ᠂ ᠭᠠ 15  ᠭᠷᠠᠮ᠂ ᠤᠯᠠᠭᠠᠨ ᠴᠢᠪᠠᠭ᠎ᠠ 30 ᠭᠷᠠᠮ᠃ ᠭᠤᠷᠪᠡᠨ ᠠᠶᠠᠭ᠎ᠠ ᠤᠰᠤ ᠶᠢ ᠬᠠᠭᠠᠰ ᠦᠯᠡᠳᠡᠲᠡᠯ᠎ᠡ ᠴᠢᠨᠠᠵᠤ ᠤᠤᠭᠤᠪᠠᠯ᠂  ᠪᠠᠭ᠋ᠠᠨ ᠬᠦᠯᠦᠷᠡᠭᠰᠡᠨ ᠤ ᠳᠠᠷᠠᠭ᠎ᠠ ᠡᠪᠡᠳᠴᠢᠨ ᠰᠠᠶᠢᠨ ᠪᠣᠯᠳᠠᠭ᠃       ᠰᠢᠶᠠᠩᠼᠠᠢ ᠶᠢᠨ ᠱᠦᠯᠦ ᠬᠢᠮᠤᠷᠠᠭ᠎ᠠ ᠠᠴᠠ ᠪᠤᠯᠤᠭᠰᠠᠨ ᠬᠠᠨᠢᠶᠠᠳᠦ ᠶᠢ ᠳᠠᠷᠤᠨ᠎ᠠ᠃ ᠰᠢᠶᠠᠩᠼᠠᠢ 30 ᠭᠷᠠᠮ᠂  ᠰᠢᠬᠢᠷ 30 ᠭᠷᠠᠮ᠂ ᠳᠣᠲᠣᠷᠭ᠎ᠠ 100 ᠭᠷᠠᠮ᠃ ᠳᠤᠲᠤᠷᠭ᠎ᠠ ᠪᠠᠨ ᠰᠠᠶᠢᠲᠤᠷ ᠤᠬᠢᠶᠠᠨ ᠴᠢᠨᠠᠵᠤ᠂ ᠳᠤᠲᠣᠷᠭ᠎ᠠ ᠶᠢᠨ  ᠰᠦᠮᠦᠰᠦ 3 ᠬᠠᠯᠪᠠᠭ᠎ᠠ ᠳᠡᠭᠡᠷ᠎ᠡ ᠰᠢᠶᠠᠩᠼᠠᠢ᠂ ᠰᠢᠬᠢᠷ ᠢᠶᠠᠨ ᠬᠢᠵᠤ 10 ᠮᠢᠨᠦ᠋ᠲ ᠵᠢᠩᠨᠡᠨ᠎ᠡ᠃ ᠬᠠᠯᠠᠭᠤᠨ ᠢᠶᠠᠷ ᠨᠢ  ᠤᠤᠭᠤᠪᠠᠯ ᠬᠢᠮᠤᠷᠠᠭ᠎ᠠ ᠠᠴᠠ ᠪᠣᠯᠣᠭᠰᠠᠨ ᠬᠠᠨᠢᠶᠠᠳᠤ ᠶᠢ ᠵᠠᠰᠠᠨ᠎ᠠ᠃          ᠴᠠᠭᠠᠨ ᠯᠤᠤᠪᠠᠩ ᠪᠠᠯ ᠬᠦᠢᠳᠡᠨ ᠬᠠᠨᠢᠶᠠᠳᠦ ᠶᠢ ᠵᠠᠰᠠᠨ᠎ᠠ᠃ ᠴᠠᠭᠠᠨ ᠯᠤᠤᠪᠠᠩ 1᠂ ᠪᠠᠯ 30 ᠭᠷᠠᠮ᠂  ᠴᠠᠭᠠᠨ ᠬᠤᠤᠵᠤᠤ 5 ᠮᠦᠬᠦᠯᠢᠭ᠂ ᠵᠡᠭᠡᠷᠭᠡᠨ᠎ᠡ 2 ᠭᠷᠠᠮ᠃ ᠯᠤᠤᠪᠠᠩ ᠢᠶᠠᠨ ᠤᠬᠢᠶᠠᠵᠤ ᠬᠡᠷᠴᠢᠭᠡᠳ ᠠᠶᠠᠭᠠᠨ ᠳᠤ  ᠬᠢᠵᠤ᠂ ᠪᠠᠯ᠂ ᠴᠠᠭᠠᠨ ᠬᠤᠤᠵᠤᠤ᠂ ᠵᠡᠭᠡᠷᠭᠡᠨ᠎ᠡ ᠲᠠᠢ ᠬᠠᠭᠠᠰ ᠴᠠᠭ ᠵᠢᠩᠨᠡᠭᠡᠳ ᠬᠠᠯᠠᠭᠤᠨ ᠢᠶᠠᠷ ᠨᠢ ᠤᠤᠭᠤᠨ᠎ᠠ᠃          ᠴᠡᠭᠡ ᠬᠠᠯᠠᠭᠤᠨ ᠢ ᠬᠦᠭᠡᠭᠡᠵᠤ ᠬᠠᠨᠢᠶᠠᠳᠦ ᠶᠢ ᠵᠣᠭᠰᠣᠭᠠᠨ᠎ᠠ᠃ ᠴᠡᠭᠡ 300 ᠮᠢᠯᠢᠯᠢᠲᠷ᠂ ᠴᠠᠭᠠᠨ ᠰᠢᠬᠢᠷ  ᠪᠠᠭ᠎ᠠ ᠬᠢᠨ᠎ᠡ᠃ ᠴᠡᠭᠡ ᠪᠠᠨ ᠪᠤᠴᠠᠯᠭᠠᠭᠰᠠᠨ ᠤ ᠳᠠᠷᠠᠭ᠎ᠠ ᠤᠤᠭᠤᠬᠤ ᠦᠶᠡᠰ ᠴᠠᠭᠠᠨ ᠰᠢᠬᠢᠷ ᠬᠢᠨ᠎ᠡ᠃ ᠴᠡᠭᠡ ᠨᠢ  ᠤᠮᠳᠠ ᠲᠠᠶᠢᠯᠵᠤ ᠬᠠᠯᠠᠭᠤᠨ ᠢ ᠬᠦᠭᠡᠭᠡᠬᠦ᠂ ᠴᠢᠰᠦ ᠨᠦᠬᠦᠬᠦ᠂ ᠬᠠᠨᠢᠶᠠᠳᠦ ᠶᠢ ᠵᠤᠭᠰᠤᠭᠠᠬᠤ ᠦᠢᠯᠡᠳᠦᠯ ᠲᠠᠢ᠃  ᠠᠭᠤᠰᠬᠢᠨ ᠰᠦᠷᠢᠶ᠎ᠡ᠂ ᠬᠠᠨᠢᠶᠠᠳᠦ ᠶᠢ ᠵᠠᠰᠠᠬᠤ ᠪᠠ ᠬᠠᠯᠠᠭᠤᠨ ᠢ ᠰᠡᠷᠭᠡᠶᠢᠯᠡᠬᠦ ᠳᠤ ᠣᠨᠴᠠ ᠶᠢᠨ ᠲᠤᠰᠠᠲᠠᠢ᠃      
 
ᠢᠷᠡᠯᠲᠡ᠄ ᠬᠦᠭᠡᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号