ᠠᠮᠢᠳᠤᠷᠠᠯ ᠳᠤ ᠲᠤᠰᠠᠯᠠᠬᠤ ᠶᠡᠷᠦ ᠶᠢᠨ ᠮᠡᠳᠡᠯᠭᠡ
ᠨᠡᠶᠢᠲᠡᠯᠡᠭᠰᠡᠨ ᠴᠠᠭ᠄
2023/7/19
   ᠪᠢᠳᠡ ᠠᠮᠢᠳᠤᠷᠠᠯ ᠳᠠᠭᠠᠨ ᠲᠤᠰᠠᠲᠠᠢ ᠶᠡᠷᠦ ᠵᠶᠢᠨ ᠮᠡᠳᠡᠯᠭᠡ ᠶᠢ ᠪᠠᠭ᠎ᠠ ᠴᠦ ᠭᠡᠰᠡᠨ ᠰᠤᠷᠴᠤ ᠡᠵᠡᠮᠰᠢᠵᠦ  ᠪᠠᠶᠢᠪᠡᠯ ᠰᠠᠶᠢᠨ ᠶᠤᠮ᠃ ᠲᠤᠩ ᠴᠦ ᠬᠢᠯᠪᠠᠷ ᠵᠦᠢᠯ ᠢ ᠡᠪ ᠢ ᠨᠢ ᠣᠯᠬᠤ ᠦᠭᠡᠢ ᠦᠶ᠎ᠡ ᠳᠤ ᠠᠷᠭ᠎ᠠ ᠪᠠᠨ ᠪᠠᠷᠠᠵᠤ  ᠴᠥᠬᠦᠷᠡᠳᠡᠭ᠂ ᠳᠣᠣᠷ᠎ᠠ ᠠᠮᠢᠳᠤᠷᠠᠯ ᠳᠤᠮᠳᠠ ᠦᠷᠭᠦᠯᠵᠢ ᠬᠡᠷᠡᠭᠰᠡᠬᠦ ᠶᠡᠷᠦ ᠶᠢ ᠮᠡᠳᠡᠯᠭᠡ ᠠᠴᠠ ᠬᠡᠳᠦ ᠶᠢ  ᠬᠤᠪᠢᠶᠠᠯᠴᠠᠶ᠎ᠠ᠃        1. ᠠᠪᠠᠷᠠᠶ ᠶᠢ ᠬᠠᠯᠢᠰᠤ ᠶᠢ ᠭᠠᠯ ᠳᠡᠭᠡᠷ᠎ᠡ ᠬᠡᠳᠦ ᠡᠷᠭᠢᠭᠦᠯᠣᠭᠡᠳ ᠠᠪᠤᠪᠠᠯ ᠬᠠᠯᠢᠰᠤ ᠶᠢ   ᠨᠢ ᠱᠠᠭᠠᠯᠬᠤ ᠳᠤ  ᠠᠮᠠᠷᠬᠠᠨ ᠪᠠᠶᠢᠵᠣ᠂ ᠲᠥᠪᠡᠳ ᠬᠠᠰᠢ ᠶᠢ ᠬᠠᠯᠠᠭᠤᠨ ᠤᠰᠤᠨ ᠳᠤ ᠬᠢᠪᠡᠯ ᠬᠠᠯᠢᠰᠤ ᠨᠢ ᠠᠮᠠᠷᠬᠠᠨ ᠱᠠᠭᠠᠷᠠᠳᠠᠭ᠃          2. ᠲᠡᠮᠦᠷ ᠲᠣᠭᠤᠭ᠎ᠠ ᠪᠠᠷ ᠶᠠᠭᠤᠮ᠎ᠠ ᠬᠠᠭᠠᠷᠢᠬᠤ ᠦᠶᠡᠰ᠂ ᠤᠷᠢᠳ ᠢᠶᠠᠷ ᠲᠣᠭᠤᠭ᠎ᠠ ᠪᠠᠨ ᠭᠠᠯ ᠳᠡᠭᠡᠷ᠎ᠡ  ᠲᠠᠯᠪᠢᠵᠤ ᠬᠠᠯᠠᠭᠠᠵᠤ᠂ ᠪᠠᠭ᠎ᠠ ᠬᠡᠮᠵᠢᠶᠡᠨ ᠤ ᠲᠣᠰᠣ ᠬᠢᠵᠦ ᠬᠠᠯᠠᠭᠠᠭᠰᠠᠨ ᠤ ᠳᠠᠷᠠᠭ᠎ᠠ ᠠᠰᠬᠠᠨ᠎ᠠ᠂ ᠳᠠᠬᠢᠨ ᠬᠦᠢᠲᠡᠨ  ᠲᠣᠰᠣ ᠬᠢᠪᠡᠯ ᠲᠡᠮᠦᠷ ᠲᠣᠭᠤᠭ᠎ᠠ ᠨᠠᠭᠠᠯᠳᠤᠬᠤ ᠦᠭᠡᠢ ᠪᠤᠯᠳᠠᠭ᠃          3. ᠬᠠᠪᠢᠷᠭ᠎ᠠ ᠴᠢᠨᠠᠬᠤ ᠪᠤᠶᠤ ᠱᠥᠯᠥ ᠬᠢᠬᠦ ᠳᠡᠭᠡᠨ ᠪᠠᠭ᠎ᠠ ᠬᠡᠮᠵᠢᠶᠡᠨ ᠤ ᠼᠤᠤ ᠬᠢᠪᠡᠯ ᠺᠠᠯᠼ ᠰᠢᠩᠭᠡᠭᠡᠬᠦ ᠳᠤ  ᠠᠰᠢᠭᠲᠠᠢ ᠪᠠᠶᠢᠳᠠᠭ᠃          4. ᠪᠤᠳᠠᠭ᠎ᠠ ᠵᠢᠩᠨᠡᠬᠦ ᠳᠡᠭᠡᠨ ᠲᠣᠭᠤᠭᠠᠨ ᠳᠠᠭᠠᠨ ᠬᠡᠳᠦᠨ ᠳᠤᠰᠤᠯ ᠲᠣᠰᠣ ᠳᠤᠰᠤᠭᠠᠪᠠᠯ ᠵᠢᠩᠨᠡᠵᠦ  ᠭᠠᠷᠭᠠᠭᠰᠠᠨ ᠪᠤᠳᠠᠭ᠎ᠠ ᠠᠮᠲᠠᠲᠠᠢ ᠪᠥᠭᠡᠳ ᠲᠣᠭᠤᠭᠠᠨ ᠳᠤ ᠨᠠᠭᠠᠯᠳᠤᠬᠤ ᠦᠭᠡᠢ᠃           5. ᠬᠠᠷ᠎ᠠ ᠳᠡᠯᠳᠡᠦ ᠶᠢ ᠤᠬᠢᠶᠠᠬᠤ ᠳᠠᠭᠠᠨ ᠵᠢᠭᠠᠬᠠᠨ ᠭᠤᠯᠢᠷ ᠬᠢᠪᠡᠯ᠂ ᠭᠬᠢᠷ ᠪᠤᠷᠲᠠᠭ ᠢ ᠰᠠᠶᠢᠬᠠᠨ ᠤᠬᠢᠶᠠᠵᠤ  ᠠᠷᠢᠯᠭᠠᠳᠠᠭ᠃         6. ᠦᠵᠦᠮ ᠢ ᠤᠬᠢᠶᠠᠬᠤ ᠳᠠᠭᠠᠨ ᠵᠢᠭᠠᠬᠠᠨ ᠴᠠᠷᠳᠠᠭᠤᠯ ᠬᠢᠪᠡᠯ᠂ ᠭᠦᠯᠳᠡᠭᠡᠨᠡᠵᠦ ᠰᠠᠶᠢᠬᠠᠨ ᠤᠬᠢᠶᠠᠭᠳᠠᠳᠠᠭ᠃          7. ᠪᠠᠩᠰᠢ ᠴᠢᠨᠠᠬᠤ ᠦᠶᠡᠰ ᠲᠣᠭᠤᠭᠠᠨ ᠳᠤ ᠬᠡᠳᠦᠨ ᠰᠢᠷᠬᠡᠭ ᠬᠡᠷᠴᠢᠭᠰᠡᠨ ᠰᠣᠩᠭᠢᠨ᠎ᠠ ᠬᠢᠪᠡᠯ ᠪᠠᠩᠰᠢ  ᠲᠣᠭᠤᠭᠠᠨ ᠳᠤ ᠨᠠᠭᠠᠯᠳᠤᠬᠤ ᠦᠭᠡᠢ ᠪᠤᠯᠳᠠᠭ᠃                                ︵︽ᠠᠮᠢᠳᠤᠷᠠᠯ ᠪᠤᠯᠤᠩ︾ ᠵᠢᠷᠭᠢᠶ᠎ᠡ ᠲᠠᠪᠴᠠᠩ ᠠᠴᠠ︶      
 
ᠢᠷᠡᠯᠲᠡ᠄ ᠡᠵᠡᠨ᠎ᠠ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号