ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/20
  7 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠵᠤ᠂  ᠶᠡᠷᠦᠩᠬᠡᠢ ᠱᠦᠵᠢ  ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠠᠶᠢᠮᠠᠭ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ  ᠤᠨ ᠵᠢᠭᠠᠭᠰᠠᠨ ᠴᠢᠭᠯᠡᠯ ᠢᠶᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠶᠢ ᠲᠠᠶᠢᠴᠢᠯᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠬᠤᠷᠠᠯ ᠢ ᠡᠷᠭᠢᠯᠡᠭᠰᠡᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠵᠡᠶ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠢᠷᠡᠭᠡᠳᠦᠢ ᠶᠢᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠰᠢᠨ᠎ᠡ ᠬᠠᠷᠠᠯᠲᠠ ᠶᠢ ᠲᠣᠳᠣᠷᠬᠠᠶᠢᠯᠠᠵᠠᠢ᠃ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ  ᠤᠨ ᠡᠨᠡ ᠤᠳᠠᠭᠠᠨ ᠤ ᠰᠢᠨᠵᠢᠯᠡᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠠᠯᠤᠰ ᠬᠡᠳᠦ ᠶᠢᠨ ᠨᠥᠯᠥᠭᠡ ᠶᠢ ᠭᠦᠢᠴᠡᠳ ᠲᠠᠨᠢᠵᠤ᠂ ᠤᠬᠠᠮᠰᠠᠷ ᠠᠴᠠ ᠪᠠᠨ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠠᠷᠢᠨ ᠬᠢᠨᠠᠮᠠᠭᠠᠢ ᠬᠠᠷᠢᠴᠠᠭᠤᠯᠤᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠳᠤ ᠬᠢᠩᠭᠠᠨ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠰᠢᠰᠲ᠋ᠧᠮᠲᠦ ᠦᠵᠡᠯᠲᠡ ᠪᠠᠨ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂  ᠲᠤᠭᠤᠰᠢᠲᠠᠢ ᠰᠠᠶᠢᠲᠤᠷ ᠠᠳᠬᠤᠬᠤ ᠬᠡᠷᠡᠭᠲᠡᠢ᠃ ᠬᠠᠮᠠᠭᠠᠯᠠᠬᠤ᠂ ᠵᠠᠰᠠᠬᠤ ᠪᠠ ᠬᠤᠪᠢᠷᠠᠭᠤᠯᠬᠤ ᠭᠤᠷᠪᠠᠨ ᠠᠵᠢᠯ ᠢ ᠰᠠᠶᠢᠲᠤᠷ ᠬᠢᠵᠦ᠂ ᠬᠠᠲᠠᠭᠤ ᠪᠡᠷᠬᠡ ᠠᠰᠠᠭᠤᠳᠠᠯ ᠢ  ᠰᠢᠢᠳᠪᠦᠷᠢᠯᠡᠬᠦ ᠬᠠᠳᠠᠨ ᠵᠣᠷᠢᠭ ᠢᠶᠠᠷ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠪᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ  ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠬᠤᠶᠠᠷ ᠠᠯᠲᠠᠨ ᠦᠰᠦᠭᠲᠦ ᠫᠠᠶᠢᠰᠠ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ᠃ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶᠢᠯᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ︽ᠳᠥᠷᠪᠡᠨ ᠲᠠᠯ᠎ᠠ ᠶᠢᠨ ᠢᠨᠵᠧᠨᠧᠷᠢᠩ︾ ᠢ ᠰᠠᠶᠢᠲᠤᠷ ᠠᠳᠬᠤᠵᠤ᠂  ︽ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ︾ ᠢ ᠪᠥᠲᠥᠭᠡᠨ ᠪᠠᠶᠢᠭᠤᠯᠤᠨ᠎ᠠ᠃ ︽ᠰᠢᠨ᠎ᠡ ᠡᠨᠧᠷᠭᠢ + ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠤᠰᠤᠲᠥ᠋ᠷᠥᠭᠴᠢ  ᠦᠢᠯᠡᠳᠬᠦ᠂  ᠪᠤᠬᠢᠷᠳᠦᠯ ᠦᠭᠡᠢ ᠮᠧᠲ᠋ᠢᠯ ᠠᠯᠺᠣᠣᠯ᠂ ᠪᠢᠯᠢᠭ ᠲᠦᠢᠯ ᠤᠨ ᠮᠠᠲ᠋ᠧᠷᠢᠶᠠᠯ ᠵᠡᠷᠭᠡ ᠠᠵᠤ  ᠦᠢᠯᠡᠰ ᠤᠨ ᠬᠡᠯᠬᠢᠶ᠎ᠡ ᠶᠢᠨ ᠲᠠᠯ᠎ᠠ ᠪᠠᠷ ᠠᠯᠢ ᠲᠦᠷᠭᠡᠨ ᠢᠶᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠢ ᠰᠠᠶᠢᠲᠤᠷ ᠪᠥᠲᠥᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠦ  ᠶᠢᠨ  ᠦᠢᠯᠡᠰ ᠤᠨ ᠬᠥᠭᠵᠢᠯᠲᠡ ᠶᠢᠨ ᠳᠡᠳ᠋ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠨᠢ ᠡᠪᠡᠰᠦ ᠳᠠᠷᠢᠬᠤ ᠴᠢᠬᠤᠯᠠ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠤᠯᠤᠰ ᠤᠨ ᠲᠠᠰ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠲᠥᠪ ᠢ ᠢᠳᠡᠪᠬᠢᠲᠡᠶ ᠡᠭᠦᠳᠦᠨ  ᠪᠠᠶᠢᠭᠤᠯᠬᠤ ᠬᠡᠷᠡᠭᠲᠡᠢ᠃ ᠲᠦᠩᠯᠢᠶᠣᠤ ᠬᠤᠳᠠ᠂ ᠬᠥᠯᠥᠨ ᠪᠤᠶᠢᠷ ᠬᠤᠳᠠ᠂ ᠴᠠᠩᠴᠦ᠋ᠨ ᠬᠤᠳᠠ᠂ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠵᠡᠷᠭᠡ ᠯᠦᠭᠡ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠳᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ RCEP ᠶᠠᠫᠣᠨ ᠺᠣᠷᠢᠶᠠ ᠶᠢᠨ ᠵᠠᠬ᠎ᠠ ᠳᠡᠯᠭᠡᠭᠦᠷ ᠲᠠᠢ ᠢᠳᠡᠪᠬᠢᠲᠡᠢ ᠵᠣᠯᠭᠠᠭᠤᠯᠵᠤ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠤᠣᠰ ᠡᠷᠭᠢᠯᠲᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠲᠠᠪᠤᠨ ᠦᠭᠡ︾ ᠶᠢᠨ ᠪᠣᠳᠠᠲᠤ ᠬᠡᠷᠡᠭ ᠪᠠ ᠶᠣᠰᠣ ᠤᠴᠢᠷ ᠤᠨ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠨᠤᠯ ᠤᠨ ᠵᠡᠪᠰᠡᠭᠯᠡᠯ ᠪᠠ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ︽ᠪᠦᠬᠦ ᠤᠯᠤᠰ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠨ ᠪᠠᠶᠢᠭᠤᠯᠬᠤ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ︾ ᠢ ᠡᠭᠦᠳᠦᠨ ᠪᠠᠶᠢᠭᠤᠯᠬᠤ ᠨᠡᠩ ᠥᠨᠳᠥᠷ ᠬᠠᠷᠠᠯᠲᠠ ᠲᠡᠶᠢᠰᠢ ᠤᠷᠤᠭᠰᠢᠯᠠᠬᠤ ᠬᠡᠷᠡᠭᠲᠡᠢ ᠭᠡᠵᠦ ᠴᠢᠩᠭᠠᠳᠬᠠᠪᠠ᠃    ᠬᠤᠷᠠᠯ ᠠᠴᠠ᠂ ᠠᠵᠤ ᠦᠢᠯᠡᠰ ᠤᠨ ᠪᠦᠲᠦᠴᠡ᠂ ᠦᠵᠡᠯ ᠰᠠᠨᠠᠭ᠎ᠠ ᠣᠶᠢᠯᠠᠭᠠᠭᠳᠠᠬᠤᠨ ᠪᠣᠯᠤᠨ ᠠᠵᠢᠯ ᠤᠨ ᠰᠤᠷᠲᠠᠯ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠡᠯᠧᠮᠧᠨ᠋ᠲ ᠪᠣᠯᠤᠨ᠎ᠠ᠃ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠶᠢ ᠲᠦᠷᠭᠡᠳᠬᠡᠵᠦ᠂ ᠨᠢᠭᠡᠳᠦᠭᠡᠷ ᠠᠵᠤ ᠦᠢᠯᠡᠰ ᠢ ᠬᠦᠴᠦᠷᠬᠡᠭᠵᠢᠭᠦᠯᠵᠦ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠵᠤ᠂ ᠭᠤᠷᠪᠠᠳᠤᠭᠠᠷ ᠠᠵᠤ ᠦᠢᠯᠡᠰ ᠢ ᠰᠢᠯᠢᠳᠡᠭᠵᠢᠭᠦᠯᠵᠦ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠶ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠲᠦᠷᠭᠡᠨ ᠬᠤᠪᠢᠷᠠᠭᠤᠯᠵᠤ᠂ ᠲᠡᠷᠢᠭᠦᠨ ᠤ ᠬᠢ ᠶᠢ ᠡᠭᠦᠳᠬᠦ᠂ ᠳᠠᠭᠤᠷᠢᠶᠠᠯ ᠪᠣᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠪᠦᠬᠦ ᠤᠯᠤᠰ ᠪᠦᠬᠦ ᠣᠷᠣᠨ ᠤ ᠶᠡᠭᠡ ᠲᠠᠯ᠎ᠠ ᠠᠴᠠ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠬᠥᠭᠵᠢᠯᠲᠡ ᠶᠢᠨ ᠰᠡᠳᠬᠢᠴᠡ ᠪᠠᠨ ᠰᠦᠪᠡᠭᠴᠢᠯᠡᠬᠦ ᠳᠤ ᠵᠣᠷᠢᠭᠲᠠᠢ ᠪᠥᠭᠡᠳ ᠴᠢᠳᠠᠮᠠᠭᠠᠢ ᠪᠠᠶᠢᠬᠤ ᠬᠡᠷᠡᠭᠲᠡᠢ᠃ ᠠᠵᠢᠯ ᠤᠨ ᠰᠤᠷᠲᠠᠯ ᠢ ᠲᠦᠷᠭᠡᠪᠴᠢᠯᠡᠨ ᠰᠠᠶᠢᠵᠢᠷᠠᠭᠤᠯᠵᠤ᠂ ︽ᠤᠳᠠᠭᠠᠨ︾ ︽ᠪᠦᠳᠦᠭᠦᠯᠢᠭ︾ ︽ᠬᠡᠶᠢᠰᠪᠦᠷᠢ︾ ᠠᠰᠠᠭᠤᠳᠠᠯ ᠢ ᠬᠦᠴᠦᠯᠡᠨ  ᠰᠢᠢᠳᠪᠦᠷᠢᠯᠡᠵᠦ᠂ ︽ᠰᠤᠳᠤᠯᠭᠠᠨ ᠤ ᠬᠡᠯᠪᠡᠷᠢ︾ ᠶᠢᠨ ᠠᠵᠢᠯ ᠢ ᠰᠠᠨᠠᠭᠠᠴᠢᠯᠠᠨ᠂ ᠰᠤᠷᠲᠠᠯ ᠢ ᠶᠡᠭᠡ ᠪᠠᠷ ᠰᠠᠶᠢᠵᠢᠷᠠᠭᠤᠯᠬᠤ ᠪᠠᠷ ᠳᠠᠮᠵᠢᠭᠤᠯᠤᠨ ᠠᠵᠢᠯ ᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠶ᠃ ᠲᠤᠷᠰᠢᠯᠭ᠎ᠠ ᠪᠠᠨ ᠢᠯᠡᠷᠡᠭᠦᠯᠦᠨ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠠᠭᠤᠳᠠᠯᠬᠤ᠂ ᠳᠡᠯᠭᠡᠷᠡᠭᠦᠯᠬᠦ᠂ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠪᠦᠬᠦᠯᠢ ᠴᠣᠭᠴᠠ ᠶᠢᠨ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠬᠦ ᠶᠢ ᠬᠦᠳᠦᠯᠥᠨ ᠳᠠᠭᠠᠭᠤᠯᠵᠤ ᠳᠠᠶᠢᠴᠢᠯᠠᠬᠤ ᠬᠡᠷᠡᠭᠲᠡᠢ ᠭᠡᠵᠦ ᠴᠢᠩᠭᠠᠳᠬᠠᠪᠠ᠃    ᠬᠤᠷᠠᠯ ᠠᠴᠠ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠪᠠᠴᠢᠮ ᠶᠠᠭᠠᠷᠠᠯᠲᠠᠢ ᠰᠠᠶᠢᠲᠤᠷ ᠬᠢᠵᠦ᠂ ᠴᠢᠭᠯᠡᠭᠦᠯᠬᠦ ᠴᠢᠨᠠᠷᠲᠠᠢ ᠪᠠᠷ ᠤᠨᠤᠯ ᠤᠨ ᠰᠤᠷᠤᠯᠴᠠᠯᠭ᠎ᠠ ᠶᠢ ᠥᠷᠨᠢᠭᠦᠯᠵᠦ᠂ ᠭᠦᠨᠵᠡᠭᠡᠢ ᠪᠥᠭᠡᠳ ᠪᠣᠳᠠᠲᠠᠢ ᠪᠠᠷ ᠪᠠᠶᠢᠴᠠᠭᠠᠨ ᠰᠤᠳᠤᠯᠤᠯᠲᠠ ᠬᠢᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠢ ᠴᠠᠭ ᠲᠤᠬᠠᠢ ᠳᠤᠨᠢ ᠥᠨᠳᠥᠷ ᠪᠦᠲᠦᠮᠵᠢᠲᠡᠢ ᠥᠷᠨᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠨᠢ  ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号