ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/20
   7 ᠳ᠋ᠤᠭᠠᠷ ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂  ᠶᠡᠷᠦᠩᠬᠡᠶ ᠱᠦᠵᠢ  ᠰᠢ ᠶᠢᠨ ᠫᠢᠩ ᠤᠨ  ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠭᠤᠤᠯᠳᠠᠯᠭ᠎ᠠ  ᠲᠠᠢ ᠠᠵᠢᠯ ᠢ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ  ᠤᠨ ᠲᠥᠪ ᠤᠨ ᠤᠯᠤᠰ ᠳᠦᠷᠦ ᠶᠢᠨ  ᠲᠤᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠳᠦᠬᠡᠡ ᠪᠠᠶᠢᠭᠤᠯᠤᠯᠲᠠ ᠶᠢᠨ ᠲᠡᠷᠢᠭᠦᠨ ᠤ ᠤᠢᠢᠯᠠᠭᠠᠭᠳᠠᠬᠤᠨ ᠪᠣᠯᠤᠨ ᠠᠷᠭ᠎ᠠ ᠪᠠᠷ ᠲᠤᠯᠢ ᠪᠣᠯᠭᠠᠵᠤ᠂ ᠶᠡᠭᠡ ᠤᠯᠠᠭᠠᠨᠬᠤᠲᠠ ᠶᠢᠨ ᠭᠠᠵᠠᠷ ᠣᠷᠣᠨ ᠢ ᠨᠢᠭᠡ ᠴᠤᠬᠴᠠᠵᠢᠭᠤᠯᠬᠤ ᠠᠬᠢᠴᠠ ᠶᠢ ᠲᠦᠷᠭᠡᠳᠬᠡᠵᠦ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠯᠤᠭ᠎ᠠ ᠶᠢᠨ ᠬᠠᠮᠲᠤᠷᠠᠯᠴᠠᠭ᠎ᠠ ᠶᠢᠨ ᠬᠠᠷᠢᠯᠴᠠᠭ᠎ᠠ ᠶᠢ ᠨᠢᠭᠲᠠᠷᠠᠭᠤᠯᠵᠤ᠂ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂  ᠶᠡᠷᠦᠩᠬᠡᠶ ᠱᠦᠵᠢ  ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ  ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ ᠶᠢ ᠴᠢᠩᠭᠠᠳᠬᠠᠵᠤ᠂ ᠬᠢᠩᠭᠠᠨ ᠤ ᠡᠬᠡ ᠭᠠᠵᠠᠷ ᠲᠠᠬᠢ ᠭᠦᠨ ᠵᠤᠵᠠᠭᠠᠨ ᠲᠡᠦᠬᠡ ᠪᠣᠯᠤᠨ ᠡᠯᠪᠡᠭ ᠪᠠᠶᠠᠯᠢᠭ ᠰᠣᠶᠣᠯ ᠢᠷᠭᠡᠨᠰᠢᠯ ᠤᠨ ᠠᠭᠤᠯᠤᠭᠳᠠᠬᠤᠨ ᠢ ᠠᠮᠢᠳᠤᠯᠢᠭ ᠢᠶᠠᠷ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠳᠤ ᠬᠢᠩᠭᠠᠨ ᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ  ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂  ᠶᠡᠷᠦᠩᠬᠡᠶ ᠱᠦᠵᠢ ᠰᠢ ᠶᠢᠨ ᠫᠢᠩ  ‍ᠤᠨ‌ᠡᠪᠯᠡᠯ ᠤᠨ ᠲᠥᠪ ᠬᠤᠷᠢᠶᠠᠨ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠲᠤ ᠪᠠᠷ ᠶᠠᠷᠢᠯᠴᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠨᠠᠮ ᠤᠨ ᠭᠤᠣᠯ ᠡᠭᠦᠷᠭᠡ ᠶᠢ ᠢᠮᠠᠭᠲᠠ ᠵᠠᠯᠠᠭᠤᠴᠤᠳ ᠤᠨ ᠬᠥᠳᠡᠯᠭᠡᠭᠡᠨ ᠪᠠ ᠵᠠᠯᠠᠭᠤᠴᠤᠳ ᠤᠨ ᠠᠵᠢᠯ ᠤᠨ ᠭᠤᠣᠯ ᠰᠡᠳᠦᠪ ᠪᠠ ᠴᠢᠭᠯᠡᠯ ᠪᠣᠯᠭᠠᠵᠤ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠡᠪᠯᠡᠯ ᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠥᠷᠭᠡᠨ ᠤᠯᠠᠨ ᠵᠠᠯᠠᠭᠤᠴᠤᠳ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠳᠤᠮᠳᠠ ᠬᠦᠰᠡᠯ ᠵᠣᠷᠢᠭ ᠢᠶᠠᠨ ᠬᠥᠪᠴᠢᠯᠡᠵᠦ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠵᠣᠷᠢᠭᠵᠢᠭᠤᠯᠤᠨ ᠬᠦᠳᠦᠯᠦᠨ  ᠵᠢᠯᠤᠭᠤᠳᠬᠤ ᠬᠡᠷᠡᠭᠲᠡᠢ  ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢ ᠲᠦᠷᠭᠡᠳᠬᠡᠵᠦ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠤᠯᠠᠮᠵᠢᠯᠠᠯᠲᠤ ᠰᠣᠶᠣᠯ ᠢ ᠬᠠᠮᠠᠭᠠᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠴᠢᠩᠭᠠᠳᠬᠠᠵᠤ᠂ ᠬᠢᠩᠭᠠᠨ ᠤ ᠣᠨᠴᠠᠯᠢᠭ ᠲᠠᠢ ᠦᠨᠳᠦᠰᠦᠨ ᠱᠠᠲᠤᠨ ᠤ ᠵᠠᠰᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢ ᠰᠦᠪᠡᠭᠴᠢᠯᠡᠬᠦ ᠬᠡᠷᠡᠭᠲᠡᠢ  ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ  ᠰᠢ ᠶᠢᠨ ᠫᠢᠩ ᠤᠨ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠰᠠᠭᠤᠷᠢ ᠱᠤᠭᠤᠮ ᠤᠨ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ᠂ ᠵᠠᠩ ᠠᠭᠠᠯᠢ ᠵᠢᠴᠢ ᠭᠠᠵᠠᠷ ᠤᠨ ᠭᠠᠶ ᠭᠠᠮᠰᠢᠭ ᠤᠨ ᠬᠥᠭᠵᠢᠯᠲᠡ ᠬᠤᠪᠢᠷᠠᠯᠲᠠ ᠶᠢ ᠨᠢᠭᠲᠠ ᠠᠩᠬᠠᠷᠴᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠡᠳ᠋ ᠪᠣᠳᠠᠰ ᠤᠨ ᠪᠡᠯᠡᠳᠬᠡᠯ᠂ ᠣᠯᠠᠨ ᠲᠦᠮᠡᠨ ᠤ ᠤᠬᠠᠭᠤᠯᠤᠨ ᠬᠥᠲᠥᠯᠦᠨ ᠵᠢᠯᠣᠭᠤᠳᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠰᠤᠨ ᠴᠥᠭᠦᠷᠥᠮ ᠤᠨ ᠳᠣᠭᠢᠷᠠᠭᠤᠯᠤᠨ ᠬᠠᠮᠢᠶᠠᠷᠬᠤ ᠪᠠ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠢᠩᠭᠠᠨ  ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号