| 7 ᠰᠠᠷ᠎ᠠ ᠶᠢᠨ 15 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ | ᠶᠢᠨ ᠳᠠᠷᠤᠭ᠎ᠠ ᠸᠠᠩ ᠰᠢᠶᠣᠣ ᠬᠤᠸᠠᠨ ᠢᠷᠪᠢᠰ ᠣᠷᠣᠨ ᠢᠶᠠᠷ ᠭᠦᠨᠵᠡᠭᠡᠶᠢᠷᠡᠨ ᠣᠷᠴᠢᠨ ᠠᠬᠤᠢ ᠶᠢᠨ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠪᠠ᠃ ᠬᠤᠲᠠ ᠶᠢᠨ | ᠤᠳᠤᠷᠢᠳᠤᠯᠭ᠎ᠠ ᠴᠢᠶᠣᠤ ᠹᠧᠩ ᠯᠢᠨ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ | ᠬᠠᠮᠢᠶ᠎ᠠ ᠪᠦᠬᠦᠢ ᠨᠥᠬᠦᠳ ᠪᠠᠷ᠎ᠠ ᠪᠣᠯᠵᠤ ᠪᠠᠶᠢᠴᠠᠭᠠᠪᠠ᠃ | ᠸᠠᠩ ᠰᠢᠶᠣᠣ ᠬᠤᠸᠠᠨ᠂ ᠡᠯ᠎ᠡ ᠪᠠᠯᠭᠠᠰᠤ ᠵᠡᠭᠡᠯᠢ᠂ ᠡᠯ᠎ᠡ ᠰᠠᠯᠠᠭ᠎ᠠ ᠮᠥᠴᠢᠷ ᠤᠨ ᠬᠢᠨ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠭ᠎ᠠ ᠬᠡᠮᠵᠢᠶ᠎ᠡ ᠪᠠᠨ | ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠣᠨ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠶᠢᠨ ᠦᠷᠭᠦᠯᠵᠢᠯᠡᠬᠦ ᠴᠢᠨᠠᠷ ᠪᠣᠯᠣᠨ ᠪᠦᠬᠦ ᠲᠠᠯ᠎ᠠ ᠶᠢᠨ ᠴᠢᠨᠠᠷ ᠢ ᠭᠦᠢᠴᠡᠳ | ᠪᠡᠶᠡᠯᠡᠭᠦᠯᠬᠦ ᠬᠡᠷᠡᠭᠲᠡᠢ᠃ ᠡᠯ᠎ᠡ ᠬᠠᠷᠢᠶ᠎ᠠ ᠣᠷᠣᠨ ᠤ ᠳᠣᠲᠣᠷᠠᠬᠢ ᠨᠣᠭᠤᠭᠠᠷᠠᠭᠤᠯᠤᠯᠲᠠ ᠶᠢᠨ ᠣᠷᠣᠨ ᠪᠦᠰᠡ᠂ | ᠴᠠᠬᠢᠯᠭᠠᠨ ᠤᠳᠠᠰᠤ ᠶᠢ ᠡᠷᠦᠢ ᠬᠤᠷᠤᠢ ᠦᠭᠡᠢ ᠳᠠᠳᠠᠭᠰᠠᠨ ᠵᠢᠴᠢ ᠠᠷᠢᠭᠤᠨ ᠴᠡᠪᠡᠷ ᠤᠨ ᠠᠰᠠᠭᠤᠳᠠᠯ ᠲᠠᠢ ᠭᠠᠵᠠᠷ ᠢ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠳᠡᠢ᠃ ᠡᠩᠭᠦᠯ ᠲᠤᠩᠬᠤᠯ ᠭᠠᠵᠠᠷ ᠢ ᠴᠠᠭ ᠲᠤᠬᠠᠢ ᠳᠤᠨᠢ ᠪᠥᠭᠯᠡᠵᠦ | ᠲᠡᠭᠰᠢᠯᠡᠨ᠂ ᠬᠤᠭ ᠨᠣᠪᠰᠢ ᠶᠢᠨ ᠰᠠᠪᠠ ᠶᠢᠨ ᠪᠠᠷᠢᠮᠵᠢᠶ᠎ᠠ ᠶᠢ ᠨᠢᠭᠡᠳᠬᠡᠬᠦ ᠶᠢᠨ ᠬᠠᠮᠲᠤ ᠰᠣᠯᠢᠵᠤ ᠪᠣᠳᠠᠲᠠᠶᠢᠵᠢᠭᠤᠯᠬᠤ | ᠬᠡᠷᠡᠭᠳᠡᠢ᠃ ᠵᠠᠮ ᠡᠵᠡᠯᠡᠨ ᠡᠵᠡᠩᠨᠡᠬᠦ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠤᠭᠠᠬᠤ ᠵᠡᠷᠭᠡ ᠲᠣᠪᠣᠶᠢᠮ᠎ᠠ | ᠠᠰᠠᠭᠤᠳᠠᠯ ᠢ ᠰᠠᠶᠢᠳᠤᠷ ᠴᠡᠭᠴᠡᠯᠡᠵᠦ ᠰᠠᠶᠢᠵᠢᠷᠠᠭᠤᠯᠬᠤ ᠬᠡᠷᠡᠭᠲᠡᠢ᠃ ᠤᠬᠠᠭᠤᠯᠤᠨ ᠬᠥᠲᠥᠯᠥᠨ ᠵᠢᠯᠤᠭᠤᠳᠬᠤ ᠶᠢ | ᠴᠢᠩᠭᠠᠳᠬᠠᠵᠤ᠂ ᠺᠠᠳ᠋ᠷ ᠣᠯᠠᠨ ᠲᠦᠮᠡᠨ ᠢ ᠳᠠᠶᠢᠴᠢᠯᠠᠨ ᠵᠡᠭᠡᠯᠢ ᠭᠤᠳᠤᠮᠵᠢ᠂ ᠭᠤᠣᠯ ᠵᠠᠮ ᠳᠠᠭᠠᠤ ᠶᠢᠨ ᠬᠤᠭ | ᠨᠣᠪᠰᠢ ᠪᠤᠵᠠᠷ ᠡᠪᠡᠰᠦ ᠶᠢ ᠴᠡᠪᠡᠷᠯᠡᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠤᠬᠠᠮᠰᠠᠷ ᠠᠴᠠ ᠪᠠᠨ | ᠬᠠᠮᠠᠭᠠᠯᠠᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠵᠤ᠂ ᠠᠷᠠᠳ ᠤᠯᠠᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠭᠡᠷᠡᠭᠳᠡᠢ᠃ ᠬᠠᠮᠢᠶᠠᠷᠤᠯᠲᠠ ᠶᠢ ᠴᠢᠩᠭᠠᠳᠬᠠᠵᠤ᠂ ᠳᠦᠷᠢᠮ ᠢ | ᠪᠦᠷᠢᠨᠰᠢᠭᠦᠯᠦᠨ᠂ ᠡᠬᠡ ᠲᠠᠩᠰᠠ ᠪᠠᠶᠢᠭᠤᠯᠵᠤ᠂ ᠬᠠᠷᠢᠭᠤᠴᠠᠯᠭ᠎ᠠ ᠶᠢ ᠬᠤᠪᠢ ᠬᠥᠮᠥᠨ ᠳᠤ ᠨᠢ ᠨᠠᠶᠢᠳᠠᠪᠤᠷᠢᠵᠢᠭᠤᠯᠤᠨ | ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠳᠤᠷ᠎ᠠ ᠪᠠᠷ ᠢᠶᠠᠨ ᠵᠣᠭᠰᠣᠭᠠᠵᠤ ᠪᠠᠶᠢᠭᠤᠯᠬᠤ ᠵᠡᠷᠭᠡ ᠦᠵᠡᠭᠳᠡᠯ ᠢ | ᠦᠷᠭᠦᠯᠵᠢᠯᠡᠨ ᠴᠡᠭᠴᠡᠯᠡᠨ ᠵᠠᠰᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠣ | ᠴᠢᠬᠤᠯᠠᠴᠢᠯᠠᠭᠰᠠᠨ ᠪᠠᠶᠢᠨ᠎ᠠ᠃ | | |