7 ᠳ᠋ᠤᠭᠠᠷ ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠬᠢᠩᠭᠠᠨ ᠠᠶᠢᠮᠠᠭ ᠤᠨ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠢᠴᠢᠶᠡᠯ ᠤᠨ ᠲᠠᠩᠬᠢᠮ ᠤᠨ ᠬᠤᠷᠢᠨ ᠭᠤᠷᠪᠠᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠲᠠᠶᠢᠯᠤᠮᠵᠢ ᠵᠢᠴᠢ | ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ | ᠡᠷᠭᠢᠯᠡᠪᠡ᠃ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠷᠺᠰ ᠤᠨ ᠦᠵᠡᠯ ᠤᠨ | ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠦᠷᠢᠶᠡᠯᠡᠩ ᠤᠨ ᠳᠠᠷᠤᠭ᠎ᠠ ᠰᠢᠨ ᠰᠢᠶᠠᠩ ᠶᠠᠩ | ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠥᠷᠪᠡᠨ ᠦᠨᠳᠦᠰᠦᠨ ᠠᠰᠠᠭᠤᠳᠠᠯ︾ ᠭᠡᠬᠦ | ᠰᠡᠳᠦᠪ ᠢᠶᠠᠷ᠂ ᠣᠳᠣᠬᠢᠴᠢᠯᠠᠯᠲᠠ ᠶᠢᠨ ᠵᠢᠷᠤᠭ ᠲᠥᠰᠦᠪ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠡ ᠲᠣᠳᠣ ᠣᠨᠴᠠᠯᠢᠭ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ | ᠴᠢᠨᠠᠷ ᠤᠨ ᠱᠠᠭᠠᠷᠳᠠᠯᠭ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠪᠠᠷᠢᠮᠲᠠᠯᠠᠬᠤ ᠲᠠᠪᠤᠨ ᠴᠢᠬᠤᠯᠠ ᠶᠡᠭᠡ ᠵᠠᠷᠴᠢᠮ ᠳᠥᠷᠪᠡᠨ ᠲᠠᠯ᠎ᠠ ᠠᠴᠠ ᠭᠦᠨᠵᠡᠭᠡᠶ ᠲᠠᠶᠢᠯᠪᠤᠷᠢᠯᠠᠯᠲᠠ | ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠶᠡᠭᠡ ᠡᠭᠦᠷᠭᠡ ᠶᠢ | ᠮᠠᠨ ᠤ ᠠᠶᠢᠮᠠᠭ ᠲᠤ ᠬᠡᠷᠡᠭᠵᠢᠭᠦᠯᠦᠨ ᠦᠷ᠎ᠡ ᠪᠦᠲᠦᠮᠵᠢ ᠤᠯᠬᠤ ᠶᠢ ᠠᠬᠢᠭᠤᠯᠬᠤ ᠳᠤ ᠰᠡᠳᠬᠢᠴᠡ ᠪᠠ ᠠᠷᠭ᠎ᠠ | ᠬᠡᠮᠵᠢᠶ᠎ᠡ ᠬᠠᠩᠭᠠᠭᠰᠠᠨ ᠪᠠᠶᠢᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠶ ᠪᠠᠷ ᠠᠭᠤᠰᠤᠯᠴᠠᠬᠤ ᠪᠠ ᠦᠢᠯᠡᠴᠢᠯᠡᠵᠦ᠂ ᠪᠦᠬᠦ | ᠬᠦᠴᠦᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠳᠤ | ᠲᠤᠭᠤᠰᠢᠯᠠᠭᠤᠯᠵᠦ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠲᠣᠰ ᠬᠦᠷᠢᠶᠡᠨ ᠳᠤ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠶ | ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠵᠤ᠂ | ᠳᠤᠮᠳᠠᠳᠤ ᠤᠷᠤᠰᠬᠠᠯ ᠳᠤ ᠣᠷᠣᠬᠤ︾ ᠳᠤ ᠬᠢᠩᠭᠠᠨ ᠤ ᠬᠦᠴᠦᠨ ᠴᠢᠳᠠᠯ ᠢᠶᠠᠨ ᠨᠡᠮᠡᠷᠢᠯᠡᠨ᠎ᠡ᠃ | ᠲᠠᠶᠢᠯᠤᠮᠵᠢ ᠶᠢ ᠸᠢᠳᠢᠣ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠳᠠ ᠳᠤ ᠶᠠᠪᠤᠭᠳᠠᠭᠤᠯᠵᠠᠢ᠃ | | |