7 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ 2023 | ᠣᠨ ᠤ 10 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠠᠶᠢᠮᠠᠭ ᠤᠨ | ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠠᠶᠢᠮᠠᠭ ᠤᠨ ᠨᠠᠮ ᠤᠨ | ᠬᠤᠷᠢᠶ᠎ᠠ ᠶᠢᠨ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠵᠠᠷᠴᠢᠮ ᠳᠡᠭᠡᠷ᠎ᠡ ᠪᠠᠨ ᠪᠠᠲᠤᠯᠠᠪᠠ᠃ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ | ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ | ᠪᠠᠶᠢᠭᠤᠯᠤᠯᠭ᠎ᠠ ᠶᠢᠨ ᠬᠡᠰᠡᠭ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠬᠤᠷᠠᠯ ᠳᠤ ᠰᠤᠯᠠ ᠣᠷᠣᠯᠴᠠᠵᠠᠶ᠃ | | ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠨ ᠱᠠᠳᠤ ᠪᠠ ᠤᠯᠠᠨ ᠲᠦᠮᠡᠨ ᠤ ᠳᠤᠮᠳᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠦᠨᠡᠨ | ᠦᠭᠡ ᠶᠢ ᠰᠣᠨᠣᠰᠴᠤ᠂ ᠪᠣᠳᠠᠲᠤ ᠪᠠᠶᠢᠳᠠᠯ ᠢ ᠪᠠᠶᠢᠴᠠᠭᠠᠵᠤ᠂ ᠠᠰᠠᠭᠤᠳᠠᠯ ᠤᠨ ᠵᠠᠩᠭᠢᠯᠠᠭ᠎ᠠ ᠶᠢ ᠦᠨᠡᠨᠬᠦ ᠣᠨᠣᠪᠴᠢᠲᠠᠢ | ᠡᠷᠢᠵᠦ᠂ ᠰᠢᠯᠲᠠᠭᠠᠨ ᠢ ᠲᠤᠭᠤᠰᠢᠲᠠᠢ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠶᠢ ᠤᠨᠢᠨ | ᠳᠡᠭᠡᠷ᠎ᠡ ᠨᠢ ᠳᠤᠷᠠᠳᠴᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ ᠦᠢᠯᠡᠳᠦᠯᠭᠡ ᠶᠢᠨ ᠬᠦᠴᠦᠨ ᠪᠣᠯᠭᠠᠨ ᠬᠤᠪᠢᠷᠠᠭᠤᠯᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ | ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠤᠯᠤᠭ᠎ᠠ ᠪᠠᠷ ᠵᠢᠱᠢᠶᠡᠴᠢ ᠪᠣᠯᠭᠠᠬᠤ | ︾ ᠪᠣᠳᠠᠲᠠᠢ ᠱᠠᠭᠠᠷᠳᠠᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠪᠦᠬᠦ ᠶᠠᠪᠤᠴᠠ ᠶᠢᠨ ᠦᠢᠯᠡᠳᠦᠯᠭᠡ ᠳᠤᠮᠳᠠ ᠨᠠᠶᠢᠳᠠᠪᠤᠷᠢᠵᠢᠭᠤᠯᠵᠤ᠂ ᠪᠦᠬᠦ ᠤᠯᠤᠰ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠨ ᠪᠠᠶᠢᠭᠤᠯᠬᠤ | ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ | ᠃ | |