ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠳᠣᠭᠢᠷᠠᠭᠤᠯᠤᠨ ᠰᠢᠯᠢᠳᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/7/25
ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠ ︽ᠬᠢᠩᠭᠠᠨ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠶᠢᠮᠠᠭ ᠤᠨ ᠵᠠᠬᠢᠷᠭ᠎ᠠ ᠶᠢᠨ ᠰᠤᠳᠤᠯᠤᠨ ᠲᠣᠭᠲᠠᠭᠠᠬᠤ ᠪᠠᠷ ᠳᠡᠮᠵᠢᠨ᠂ ᠮᠠᠨ ᠤ ᠠᠶᠢᠮᠠᠭ ᠤᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠳᠣᠭᠢᠷᠠᠭᠤᠯᠤᠨ ᠰᠢᠯᠢᠳᠡᠭᠵᠢᠭᠦᠯᠵᠦ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠶᠡᠷᠦᠩᠬᠡᠶ ᠬᠠᠷᠠᠯᠲᠠ    ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠳᠤ ᠂ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮᠵᠢ ᠶᠢ ᠨᠠᠩ ᠣᠨᠣᠪᠴᠢᠲᠠᠶ ᠲᠡᠭᠦᠯᠳᠡᠷᠵᠢᠭᠦᠯᠵᠦ᠂ ᠵᠡᠮᠳᠡᠭ ᠬᠡᠦᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭ ᠬᠡᠦᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠵᠡᠮᠳᠡᠭ ᠬᠡᠦᠬᠡᠳ ᠢ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠷᠡᠭᠦᠯᠵᠢᠭᠦᠯᠵᠦ ᠠᠪᠤᠷᠠᠨ ᠲᠤᠰᠠᠯᠠᠬᠤ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠶᠢ ᠪᠡᠶᠡᠯᠡᠭᠦᠯᠬᠦ ᠬᠡᠷᠡᠭᠲᠡᠶ᠃    ᠬᠤᠶᠠᠷ᠂ ᠪᠣᠳᠠᠲᠠᠶ ᠠᠭᠤᠯᠭ᠎ᠠ    ︵ᠨᠢᠭᠡ︶ ᠠᠪᠤᠷᠠᠨ ᠲᠤᠰᠠᠯᠠᠬᠤ ᠡᠲᠡᠭᠡᠳ    ᠠᠪᠤᠷᠠᠨ ᠲᠤᠰᠠᠯᠠᠬᠤ ᠡᠲᠡᠭᠡᠳ ᠨᠢ ᠬᠢᠩᠭᠠᠨ ᠠᠶᠢᠮᠠᠭ ᠤᠨ ᠡᠷᠦᠬᠡ ᠠᠮᠠ ᠲᠠᠢ ︵ᠪᠤᠶᠤ ᠬᠢᠩᠭᠠᠨ ᠠᠶᠢᠮᠠᠭ ᠤᠨ ᠣᠷᠣᠰᠢᠨ ᠰᠠᠭᠤᠬᠤ ᠦᠨᠡᠮᠯᠡᠯ ᠲᠠᠢ︶ 0 — 10 ᠨᠠᠰᠤ ︵10 ᠪᠦᠬᠦᠯᠢ ᠨᠠᠰᠤ ᠪᠠᠭᠲᠠᠨ᠎ᠠ︶ ᠬᠠᠷᠠᠭ᠎ᠠ᠂ ᠰᠣᠨᠣᠰᠬᠤ ᠴᠢᠳᠠᠪᠤᠷᠢ᠂ ᠦᠭᠡ ᠬᠡᠯᠡ᠂ ᠮᠥᠴᠢ᠂ ᠣᠶᠤᠨ᠂ ᠣᠯᠠᠨ ᠳᠠᠪᠬᠤᠷ ᠵᠡᠮᠳᠡᠭ ᠬᠡᠦᠬᠡᠳ ᠪᠠ ᠭᠠᠭᠴᠠᠭᠠᠷᠳᠠᠬᠤ ᠭᠡᠮ ᠲᠠᠢ ᠬᠡᠦᠬᠡᠳ ᠪᠣᠯᠤᠨ᠎ᠠ᠃    ︵ᠬᠤᠶᠠᠷ︶ ᠦᠢᠯᠡᠴᠢᠯᠡᠭᠡᠨ ᠤ ᠲᠦᠷᠦᠯ ᠵᠦᠢᠯ ᠵᠢᠴᠢ ᠠᠪᠤᠷᠠᠨ ᠲᠤᠰᠠᠯᠠᠬᠤ ᠪᠠᠷᠢᠮᠵᠢᠶ᠎ᠠ    ᠪᠣᠳᠠᠲᠠᠶ ᠠᠭᠤᠯᠭ᠎ᠠ ᠶᠢ ᠳᠠᠭᠠᠯᠳᠤᠭᠤᠯᠤᠯ 1    ︵ᠭᠤᠷᠪᠠ︶ ᠲᠣᠭᠲᠠᠭᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ    ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠡᠮᠳᠡᠭᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠯᠡ ᠪᠠᠷ ᠰᠢᠯᠢᠳᠡᠭ ᠢ ᠨᠢ ᠰᠣᠩᠭᠤᠬᠤ ᠵᠠᠷᠴᠢᠮ ᠢᠶᠠᠷ ᠰᠣᠩᠭᠤᠨ ᠲᠣᠭᠲᠠᠭᠠᠨ᠎ᠠ᠃    1. ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠲᠥᠷᠥᠯ ᠵᠦᠢᠯ ᠢ ᠡᠭᠦᠷᠭᠡᠯᠡᠬᠦ ᠪᠠᠷ ᠪᠠᠶᠢᠭ᠎ᠠ ᠪᠠᠶᠢᠭᠤᠯᠤᠮᠵᠢ ᠰᠠᠶᠢᠨ ᠳᠤᠷ᠎ᠠ ᠠᠴᠠ ᠪᠠᠨ ᠬᠠᠷᠢᠶ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭ᠎ᠠ ᠳᠤ ᠭᠤᠶᠤᠴᠢᠯᠠᠯ ᠭᠠᠷᠭᠠᠵᠤ᠂ ᠴᠡᠭ ᠲᠣᠭᠲᠠᠭᠠᠭᠰᠠᠨ ᠡᠷᠡᠭᠦᠯᠵᠢᠯ ᠤᠨ ᠪᠠᠶᠢᠭᠤᠯᠤᠮᠵᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠡᠮᠳᠡᠭᠴᠦᠳ ᠤᠨ ᠬᠤᠯᠪᠣᠭ᠎ᠠ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠵᠡᠮᠳᠡᠭ ᠬᠡᠦᠬᠡᠳ ᠢ ᠴᠢᠭ ᠲᠣᠭᠲᠠᠭᠠᠭᠰᠠᠨ ᠡᠷᠡᠭᠦᠯᠵᠢᠯ ᠤᠨ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠬᠤᠯᠪᠣᠭᠳᠠᠯ ᠪᠦᠬᠦᠢ ᠪᠠᠷᠢᠮᠵᠢᠶ᠎ᠠ ᠵᠡᠷᠭᠡ ᠱᠠᠭᠠᠷᠳᠠᠯᠭ᠎ᠠ ᠶᠣᠰᠣᠭᠠᠷ ᠦᠨᠡᠯᠡᠨ ᠵᠢᠱᠢᠵᠦ ᠲᠣᠭᠲᠠᠭᠠᠨ᠎ᠠ᠃ ᠵᠡᠮᠳᠡᠭᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠨᠢ ᠲᠣᠭᠲᠠᠭᠰᠠᠨ ᠴᠡᠭ ᠤᠨ ᠦᠢᠯᠡᠴᠢᠯᠡᠭᠡᠨ ᠤ ᠪᠠᠶᠢᠭᠤᠯᠤᠮᠵᠢ ᠲᠠᠢ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠬᠡᠯᠡᠯᠴᠡᠭᠡᠷ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠰᠠᠨ ᠴᠡᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠡᠯᠡᠯᠴᠡᠭᠡᠷ ᠢ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠶ᠃    2 ᠵᠡᠮᠳᠡᠭ ᠬᠡᠤᠬᠡᠳ ᠤᠨ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠨᠢ ᠳᠣᠤᠷᠠᠬᠢ ᠦᠨᠳᠦᠰᠦᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄    ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠰᠠᠶᠢᠨ ᠳᠤᠷ᠎ᠠ ᠠᠴᠠ ᠪᠠᠨ ᠵᠡᠮᠳᠡᠭ ᠬᠡᠦᠬᠡᠳ ᠤᠨ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠪᠣᠯᠬᠤ ᠪᠠᠷ ᠭᠤᠶᠤᠴᠢᠯᠠᠬᠤ ᠶᠢᠨ ᠬᠠᠮᠲᠤ ᠵᠣᠬᠢᠬᠤ ᠬᠠᠷᠢᠭᠤᠴᠠᠯᠭ᠎ᠠ ᠪᠠ ᠡᠭᠦᠷᠭᠡ ᠶᠢ ᠭᠦᠢᠴᠡᠳᠬᠡᠵᠦ᠂ ᠬᠠᠮᠢᠶ᠎ᠠ ᠪᠦᠬᠦᠢ ᠡᠷᠡᠭᠦᠯᠵᠢᠭᠦᠯᠵᠦ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠬᠦ ᠦᠢᠯᠡᠴᠢᠯᠡᠭᠡᠨ ᠤ ᠴᠢᠳᠠᠪᠤᠷᠢ ᠶᠢ ᠪᠦᠷᠢᠯᠳᠦᠭᠦᠯᠦᠨ᠎ᠡ︔ ᠵᠡᠮᠳᠡᠭ ᠬᠡᠦᠬᠡᠳ ᠤᠨ ᠴᠢᠭ ᠲᠣᠭᠲᠠᠭᠠᠭᠰᠠᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶ᠎ᠠ ᠪᠦᠬᠦᠢ ᠣᠷᠣᠬᠤ ᠵᠥᠪᠰᠢᠶᠡᠷᠡᠯ ᠤᠨ ᠪᠠᠷᠢᠮᠵᠢᠶ᠎ᠠ ᠳᠤ ᠨᠡᠶᠢᠴᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠵᠡᠮᠳᠡᠭ ᠬᠡᠦᠬᠡᠳ ᠢ ᠡᠷᠡᠭᠦᠯᠵᠢᠭᠦᠯᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠵᠢᠷᠤᠮᠵᠢᠯ ᠪᠠ ᠦᠢᠯᠡᠴᠢᠯᠡᠭᠡᠨ ᠤ ᠪᠠᠷᠢᠮᠵᠢᠶ᠎ᠠ ᠳᠤ ᠲᠣᠭᠲᠠᠭᠠᠭᠰᠠᠨ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠴᠤᠪᠤᠷᠠᠯ᠂ ᠶᠠᠰᠤ ᠴᠢᠨᠠᠷ ᠵᠡᠷᠭᠡ ᠱᠠᠭᠠᠷᠳᠠᠯᠭ᠎ᠠ ᠶᠣᠰᠣᠭᠠᠷ ᠦᠢᠯᠡᠴᠢᠯᠡᠭᠡ ᠬᠠᠩᠭᠠᠨ᠎ᠠ᠃    3. ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠪᠡᠯ᠂ ᠵᠡᠮᠳᠡᠭ ᠬᠡᠦᠬᠡᠳ ᠤᠨ ᠬᠢᠨᠠᠨ ᠬᠠᠮᠠᠭᠠᠯᠠᠭᠴᠢ ᠨᠢ ︵ᠨᠠᠶᠢᠳᠠᠭᠴᠢ ᠪᠤᠶᠤ ᠨᠠᠶᠢᠳᠠᠭᠰᠠᠨ ᠪᠠᠶᠢᠭᠤᠯᠤᠮᠵᠢ︶ ᠪᠡᠶ᠎ᠡ ᠪᠠᠨ ᠳᠠᠭᠠᠭᠠᠨ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢ ᠰᠣᠩᠭᠤᠵᠤ ᠡᠷᠡᠭᠦᠯᠵᠢᠯ ᠤᠨ ᠦᠢᠯᠡᠴᠢᠯᠡᠭᠡ ᠬᠦᠯᠢᠶᠡᠨ᠎ᠡ᠃    ︵ᠲᠦᠷᠪᠡ︶ ᠠᠵᠢᠯ ᠤᠨ ᠶᠠᠪᠤᠴᠠ    ︽ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹2018︺ 45 ᠳ᠋ᠤᠭᠠᠷ ᠲᠣᠭᠠᠲᠤ︶ ᠤᠨ ᠵᠠᠷᠴᠢᠮ ᠶᠣᠰᠣᠭᠠᠷ ᠬᠡᠷᠡᠭᠵᠢᠭᠦᠯᠵᠦ᠂ ᠵᠡᠮᠳᠡᠭ ᠬᠡᠤᠬᠡᠳ ᠤᠨ ᠬᠠᠷᠠᠭᠠᠯᠵᠠᠨ ᠬᠠᠮᠠᠭᠠᠯᠠᠭᠴᠢ ︵ᠨᠠᠶᠢᠳᠠᠭᠴᠢ ᠪᠤᠶᠤ ᠨᠠᠶᠢᠳᠠᠭᠴᠢ︶ ᠠᠴᠠ ᠵᠡᠮᠳᠡᠭ ᠬᠡᠤᠬᠡᠳ ᠤᠨ ᠡᠷᠦᠬᠡ ᠠᠮᠠ ᠶᠢᠨ ᠪᠠᠶᠢᠭ᠎ᠠ ᠭᠠᠵᠠᠷ ︵ᠣᠷᠣᠰᠢᠨ ᠰᠠᠭᠤᠬᠤ ᠦᠨᠡᠮᠯᠡᠯ ᠣᠯᠭᠤᠬᠤ ᠭᠠᠵᠠᠷ︶ ᠤᠨ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠳᠤ ᠭᠤᠶᠤᠴᠢᠯᠠᠯ ᠭᠠᠷᠭᠠᠵᠤ᠂ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠠᠴᠠ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃    ︵ᠲᠠᠪᠤ︶ ᠵᠠᠷᠤᠳᠠᠯ ᠤᠨ ᠪᠠᠳᠤᠯᠠᠭ᠎ᠠ    ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠶᠢᠨ ᠪᠠᠯᠠ ᠮᠥᠩᠭᠦ ᠶᠢᠨ ᠬᠦᠷᠦᠯᠴᠡᠬᠦ ᠥᠬᠡᠶ ᠬᠡᠰᠡᠭ ᠢ ᠠᠶᠢᠮᠠᠭ ᠤᠨ ᠱᠠᠲᠤ ᠪᠠ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 3᠄ 7 ᠶᠢᠨ ᠬᠠᠷᠢᠴᠠᠯ ᠢᠶᠠᠷ ᠡᠳ᠋ ᠤᠨ ᠵᠠᠰᠠᠭ ᠤᠨ ᠲᠥᠰᠦᠪ ᠲᠣᠬᠢᠷᠠᠭᠤᠯᠵᠤ᠂ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠤ ᠲᠤᠰᠬᠠᠶ ᠬᠡᠷᠡᠭᠯᠡᠨ᠎ᠡ᠃    ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ    ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠤᠨ ᠵᠠᠬᠢᠷᠭ᠎ᠠ ᠶᠢᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠪᠣᠯᠤᠨ᠎ᠠ᠃ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠡᠮ ᠡᠮᠨᠡᠯᠭᠡ ᠶᠢᠨ ᠳᠠᠭᠠᠳᠬᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠳ ︽ᠬᠢᠩᠭᠠᠨ ᠠᠶᠢᠮᠠᠭ ᠤᠨ ᠵᠠᠬᠢᠷᠭ᠎ᠠ ᠶᠢᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠬᠢᠩᠭᠠᠨ ᠵᠠᠬᠢᠷᠭ᠎ᠠ ᠲᠠᠷᠬᠠᠭᠠᠭᠰᠠᠨ ﹇2019﹈ 41 ᠳ᠋ᠦ᠋ᠭᠡᠷ ᠲᠣᠭᠠᠲᠤ︶ ᠤᠨ ᠲᠣᠭᠲᠠᠭᠠᠯ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠬᠠᠭᠤᠯᠤᠨ ᠳᠠᠶᠢᠴᠢᠯᠠᠬᠤ ᠶᠢ ᠰᠠᠶᠢᠲᠤᠷ ᠠᠳᠬᠤᠵᠤ᠂ ᠪᠥᠬᠦ ᠠᠶᠢᠮᠠᠭ ᠤᠨ ᠵᠡᠮᠳᠡᠭ ᠬᠡᠤᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠰᠢᠰᠲ᠋ᠧᠮ ᠢ ᠬᠦᠴᠦ ᠪᠠᠨ ᠬᠠᠮᠲᠤᠳᠬᠠᠨ ᠲᠡᠭᠦᠯᠳᠡᠷᠵᠢᠭᠦᠯᠵᠦ᠂ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠵᠤ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠵᠠᠷ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠶᠢ ᠰᠢᠮᠳᠠᠭᠤᠯᠤᠨ ᠵᠢᠯᠣᠭᠤᠳᠴᠤ᠂ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠴᠢᠬᠤᠯᠠ ᠶᠡᠭᠡ ᠪᠠᠶᠢᠳᠠᠯ ᠢ ᠠᠶᠢᠮᠠᠭ ᠤᠨ ᠵᠠᠬᠢᠷᠭ᠎ᠠ ᠳᠤ ᠮᠡᠳᠡᠭᠦᠯᠬᠦ ᠬᠡᠷᠡᠭᠲᠡᠶ᠃         2023 ᠣᠨ ᠤ 7 ᠰᠠᠷ᠎ᠠ ᠶᠢᠨ 24 ᠤ ᠡᠳᠦᠷ
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号