| ᠤᠯᠠᠭᠠᠨᠬᠤᠲᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ | ᠴᠤᠭᠴᠠᠯᠠᠬᠤ ᠤᠬᠠᠭᠤᠯᠭ᠎ᠠ ᠬᠥᠮᠦᠵᠢᠯ ᠢ ᠤᠯᠠᠮ ᠴᠢᠨᠠᠭᠰᠢᠳᠠ ᠠᠬᠢᠭᠤᠯᠬᠤ ᠪᠠᠷ ᠬᠤᠶᠢᠳᠦ ᠠᠭᠤᠯᠠ ᠴᠡᠴᠡᠷᠯᠢᠭ ᠲᠤ | ︽ᠤᠯᠠᠭᠠᠨᠬᠤᠳᠠ ᠳᠤ ᠠᠨᠠᠷ ᠤᠯᠠᠶᠢᠨ᠎ᠠ︾ ᠭᠡᠬᠦ ᠠᠭᠤᠯᠭ᠎ᠠ ᠶᠢ ᠨᠡᠮᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠤᠭᠴᠠ ᠶᠢᠨ ᠤᠬᠠᠮᠰᠠᠷ ᠤᠨ ᠤᠶᠤᠨ ᠰᠠᠨᠠᠭᠠᠨ ᠤ ᠭᠡᠷ ᠣᠷᠣᠨ ᠢ ᠪᠦᠳᠦᠭᠡᠨ ᠪᠠᠶᠢᠭᠤᠯᠬᠤ ᠶᠢ ᠪᠦᠬᠦ | ᠲᠠᠯ᠎ᠠ ᠪᠠᠷ ᠠᠬᠢᠭᠤᠯᠵᠠᠢ᠃ | ᠬᠤᠶᠢᠳᠦ ᠠᠭᠤᠯᠠ ᠴᠡᠴᠡᠷᠯᠢᠭ ᠨᠢ ᠤᠤᠯ ᠤᠨ ᠦᠵᠡᠮᠵᠢ ᠶᠢᠨ ᠳᠤᠨᠤᠭ ᠲᠥᠬᠦᠭᠡᠷᠦᠮᠵᠢ ᠶᠢᠨ ᠰᠠᠭᠤᠷᠢᠨ ᠳᠤ | ᠳᠦᠰᠢᠭᠯᠡᠨ ︽ᠤᠯᠠᠭᠠᠨᠬᠤᠲᠠ ᠳᠤ ᠠᠨᠠᠷ ᠤᠯᠠᠶᠢᠨ᠎ᠠ︾ ᠭᠡᠬᠦ 50 ᠭᠠᠷᠦᠢ ᠭᠤᠣᠯ ᠰᠡᠳᠦᠪᠲᠦ ᠰᠢᠯᠦᠭ | ᠳᠠᠭᠤᠯᠠᠯ ᠤᠨ ᠤᠬᠠᠭᠤᠯᠭ᠎ᠠ ᠶᠢᠨ ᠳ᠋ᠧᠩ ᠤᠨ ᠬᠠᠶᠢᠷᠴᠠᠭ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢᠶᠠᠷ ᠭᠤᠣᠯ ᠰᠡᠳᠦᠪ ᠪᠤᠯᠭᠠᠬᠰᠠᠨ ᠦᠵᠡᠮᠵᠢ ᠶᠢ 5᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠯᠢᠭᠡᠷ ᠢᠶᠠᠷ ᠭᠤᠣᠯ ᠰᠡᠳᠦᠪ ᠪᠤᠯᠭᠠᠬᠰᠠᠨ ᠪᠦᠳᠦᠭᠡᠯ ᠢ 24 ᠨᠡᠮᠡᠵᠦ᠂ ᠶᠡᠷᠦᠩᠬᠡᠶ ᠱᠦᠵᠢ | ᠰᠢ ᠶᠢᠨ ᠫᠢᠩ ᠤᠨ ᠶᠠᠷᠢᠵᠤ ᠥᠩᠭᠡᠷᠡᠭᠰᠡᠨ ᠦᠨᠳᠦᠰᠦᠲᠡᠨ ᠤ ᠪᠦᠯᠬᠦᠮᠳᠡᠯ ᠤᠨ ᠳᠤᠬᠠᠢ ᠥᠯᠢᠭᠡᠷ᠂ ᠬᠢᠩᠭᠠᠨ ᠠᠶᠢᠮᠠᠭ | ᠬᠢᠭᠡᠳ ᠤᠯᠠᠭᠠᠨᠬᠤᠲᠠ ᠶᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠠᠶᠢᠮᠠᠭ ᠬᠤᠳᠠ ᠪᠣᠯᠤᠭᠰᠠᠨ ᠲᠤᠷᠰᠢᠯᠭ᠎ᠠ ᠬᠢᠳᠡᠯ ᠪᠠ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠯᠠᠨ ᠳᠦᠮᠡᠨ ᠳᠤ | ᠳᠡᠯᠭᠡᠨ ᠦᠵᠡᠭᠦᠯᠵᠠᠢ᠃ | ︽ᠪᠢ ᠴᠢᠯᠦᠭᠡ ᠵᠠᠪ ᠢᠶᠠᠷ ᠢᠶᠠᠨ ᠦᠷᠭᠦᠯᠵᠢ ᠬᠤᠶᠢᠳᠦ ᠠᠭᠤᠯᠠ ᠴᠡᠴᠡᠷᠯᠢᠭ ᠢᠶᠠᠷ ᠰᠡᠯᠡᠭᠦᠴᠡᠨ ᠲᠣᠭᠤᠷᠢᠳᠠᠭ᠂ | ᠳᠤᠰ ᠤᠳᠠᠭᠠᠨ ᠤ ᠰᠢᠨ᠎ᠡ ᠪᠠᠷ ᠨᠡᠮᠡᠭᠳᠡᠭᠰᠡᠨ ᠠᠭᠤᠯᠭ᠎ᠠ ᠨᠢ ᠰᠢᠨ᠎ᠠ ᠰᠡᠪᠡᠭᠦᠨ᠂ ᠤᠬᠤᠷ ᠠᠪᠰᠠᠷᠬᠠᠨ᠂ ᠳᠦᠭᠦᠮ | ᠤᠶᠢᠯᠠᠭᠠᠮᠵᠢᠳᠠᠢ︾ ᠭᠡᠵᠦ ᠬᠤᠲᠠ ᠶᠢᠨ ᠠᠷᠠᠳ ᠸᠠᠩ ᠠᠪᠠᠭ᠋ᠠᠶ ᠬᠡᠯᠡᠪᠡ᠃ ᠡᠨᠡ ᠮᠡᠳᠦ ᠪᠠᠷ ᠬᠤᠶᠢᠳᠦ ᠠᠭᠤᠯᠠ | ᠴᠡᠴᠡᠷᠯᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠭᠤᠣᠯ | ᠰᠡᠳᠦᠪᠲᠦ ᠤᠬᠠᠭᠤᠯᠭ᠎ᠠ ᠬᠢᠬᠦ ᠳᠡᠭᠡᠨ ᠵᠢᠷᠤᠭ ᠳᠦᠷᠰᠦ ᠶᠢᠨ ᠦᠵᠡᠭᠦᠯᠭᠡ᠂ ᠫᠠᠶᠢᠰᠠ ᠲᠡᠮᠳᠡᠭ ᠤᠨ ᠢᠯᠡᠷᠬᠡᠶᠢᠯᠡᠯ | ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠬᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠦ ᠴᠤᠭᠴᠠᠯᠠᠬᠤ ᠤᠬᠠᠭᠤᠯᠭ᠎ᠠ ᠬᠥᠮᠦᠵᠢᠯ ᠢ ᠠᠷᠠᠳ ᠤᠯᠠᠨ ᠤ ᠡᠳᠦᠷ ᠳᠤᠳᠤᠮ ᠤᠨ ᠠᠮᠢᠳᠤᠷᠠᠯ ᠳᠤ | ᠠᠭᠤᠰᠬᠠᠨ᠂ ᠰᠡᠳᠬᠢᠯ ᠵᠢᠷᠦᠬᠡᠨ ᠳᠤᠨᠢ ᠬᠠᠳᠠᠩᠰᠢᠭᠤᠯᠵᠦ ᠪᠤᠢ᠃ |