ᠤᠯᠠᠭᠠᠨᠬᠤᠳᠠ ᠡᠮ ᠡᠮᠨᠡᠯᠭᠡ ᠶᠢᠨ ᠲᠠᠯ᠎ᠠ ᠪᠠᠷ ᠬᠠᠷᠢᠯᠴᠠᠨ ᠬᠠᠪᠰᠤᠷᠤᠯᠴᠠᠬᠤ ᠠᠷᠭ᠎ᠠ ᠠᠪᠴᠠᠯ ᠢ ᠭᠡᠷᠡᠭᠵᠢᠬᠦᠯᠤᠨ ᠠᠵᠢᠯᠳᠠᠨ ᠠᠵᠢᠯᠴᠢᠳ ᠤᠨ ᠡᠷᠡᠭᠦᠯ ᠡᠩᠭᠡ ᠳᠤ ᠪᠠᠳᠤᠯᠠᠭ᠎ᠠ ᠬᠠᠨᠭ᠍ᠭᠠᠵᠦ ᠪᠤᠢ
ᠨᠡᠶᠢᠲᠡᠯᠡᠭᠰᠡᠨ ᠴᠠᠭ᠄
2023/7/26
     ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠡᠳᠬᠦᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠪᠥᠭᠡᠳ ᠪᠣᠳᠠᠲᠠᠢ ᠬᠢᠬᠦ ᠶᠢᠨ ᠲᠥᠯᠦᠭᠡ᠂ ᠤᠢᠢᠷ᠎ᠠ ᠶᠢᠨ ᠵᠢᠯ ᠳᠤ᠂ ᠤᠯᠠᠭᠠᠨᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ︽ᠠᠵᠢᠯᠳᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠦᠨᠡᠨᠴᠢ ᠪᠠᠷ ᠦᠢᠯᠡᠴᠢᠯᠡᠬᠦ︾ ᠦᠨᠳᠦᠰᠦᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ ᠠᠵᠢᠯᠳᠠᠨ ᠠᠵᠢᠯᠴᠢᠳ ᠲᠤ ᠡᠷᠡᠬᠦᠯ ᠡᠩᠭᠡ ᠶᠢᠨ ᠪᠠᠳᠤᠯᠠᠭ᠎ᠠ ᠬᠠᠨᠭ᠍ᠭᠠᠵᠦ ᠪᠠᠶᠢᠨ᠎ᠠ᠃    ᠤᠯᠠᠭᠠᠨᠬᠤᠲᠠ ᠶᠢᠨ ᠱᠠᠨ ᠴᠧᠩ ᠵᠠᠮ ᠤᠨ ᠪᠠᠭ᠎ᠠ ᠰᠤᠷᠭᠠᠭᠤᠯᠢ ᠶᠢᠨ ᠪᠠᠭᠰᠢ ᠰᠦᠩ ᠰᠢᠶᠤᠤ ᠮᠧᠢ ᠶᠢᠨ ᠭᠡᠷ ᠲᠤ᠂ ᠤᠯᠠᠭᠠᠨᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠳ ᠲᠡᠭᠦᠨ ᠤ ᠪᠡᠶ᠎ᠡ ᠮᠠᠬᠠᠪᠣᠳ ᠤᠨ ᠡᠷᠡᠭᠦᠯᠵᠢᠯ ᠤᠨ ᠪᠠᠶᠢᠳᠠᠯ ᠢ ᠬᠠᠯᠠᠮᠵᠢᠯᠠᠨ ᠠᠰᠠᠭᠤᠬᠤ ᠶᠢᠨ ᠬᠠᠮᠲᠤ ᠲᠡᠭᠦᠨ ᠢ ᠡᠮ ᠳᠠᠩ ᠢᠶᠠᠨ ᠴᠠᠭ ᠲᠤᠬᠠᠢ ᠳᠤᠨᠢ ᠤᠤᠭᠤᠵᠤ᠂ ᠵᠣᠬᠢᠰᠲᠠᠢ ᠡᠷᠡᠬᠦᠯᠵᠢᠯ ᠤᠨ ᠪᠣᠯᠪᠠᠰᠤᠷᠠᠯ ᠬᠢᠭᠦ ᠬᠡᠷᠡᠭᠳᠡᠢ ᠭᠡᠵᠦ ᠵᠠᠬᠢᠵᠤ ᠪᠠᠶᠢᠯ᠎ᠠ᠃ ᠰᠦᠩ ᠰᠢᠶᠤᠤ ᠮᠸᠢ 2019 ᠣᠨ ᠠᠴᠠ ᠡᠬᠢᠯᠡᠨ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ ᠣᠷᠣᠯᠴᠠᠵᠦ᠂ ᠡᠪᠡᠳᠴᠢᠯᠡᠭᠰᠡᠨ ᠤ ᠳᠠᠷᠠᠭ᠎ᠠ ᠨᠡᠶᠢᠲᠡ ᠠᠷᠪᠠ ᠭᠠᠷᠤᠶ ᠤᠳᠠᠭᠠᠨ ᠤ ᠨᠥᠬᠦᠪᠥᠷᠢ ᠮᠥᠩᠭᠦ ᠭᠤᠶᠤᠴᠢᠯᠠᠨ ᠠᠪᠴᠠᠶ᠃ ᠳᠡᠷᠡ᠄ ︽ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠪᠠᠷ ᠳᠡᠮᠵᠢᠨ ᠨᠡᠶᠢᠲᠡ 27000 ᠭᠠᠷᠤᠶ ᠲᠥᠭᠦᠷᠢᠭ ᠤᠨ ᠲᠠᠩᠰᠠ ᠳᠡᠶᠢᠯᠵᠦ᠂ ᠮᠢᠨᠦ ᠠᠵᠤ ᠠᠬᠤᠢ ᠶᠢᠨ ᠳᠠᠷᠤᠭᠠᠰᠤ ᠶᠢ ᠲᠦᠢᠯ ᠢᠶᠠᠷ ᠬᠥᠩᠭᠡᠷᠡᠭᠦᠯᠪᠡ︾ ᠭᠡᠵᠦ ᠶᠠᠷᠢᠨ᠎ᠠ᠃    ᠤᠯᠠᠭᠠᠨᠬᠤᠲᠠ ᠶᠢᠨ ᠯᠢᠦᠶ ᠵᠢᠶᠧ ᠾᠧᠩ ᠵᠢᠩ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠤᠯᠠᠭᠠᠨᠬᠤᠳᠡ ᠶᠢᠨ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠬᠢᠨ ᠠᠵᠢᠯᠳᠠᠨ ᠠᠴᠠ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠲᠤᠬᠠᠶ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ ᠪᠠᠶᠢᠯ᠎ᠠ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠮᠠᠰᠢ ᠣᠯᠠᠨ ᠠᠵᠢᠯᠳᠠᠨ ᠠᠵᠢᠯᠴᠢᠨ ᠲᠤᠬᠠᠶ ᠶᠢᠨ ᠲᠠᠯᠠᠪᠤᠷ ᠲᠤ ᠰᠦᠢᠳᠭᠡᠯ ᠲᠤᠰᠢᠶᠠᠵᠤ᠂ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ ᠣᠷᠣᠯᠴᠠᠨ᠂ ᠥᠪᠠᠷ ᠤᠨ ᠢᠶᠠᠨ ᠡᠷᠡᠬᠦᠯ ᠡᠩᠭᠡ ᠳᠤ ᠪᠠᠳᠤᠯᠠᠭ᠎ᠠ ᠲᠠᠢ ᠪᠤᠯᠭᠠᠵᠡᠢ᠃    ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ ᠨᠢᠭᠡᠨᠲᠡ ᠳᠥᠷᠪᠡᠨ ᠵᠢᠯ ᠣᠷᠣᠯᠴᠠᠭᠰᠠᠨ ᠵᠢᠶᠠ ᠰᠤ᠋ ᠬᠤᠩ ᠰᠤᠷᠪᠤᠯᠵᠢᠯᠠᠭᠴᠢ ᠳᠤ᠄ ︽ᠮᠢᠨᠦ ᠮᠠᠰᠢ ᠣᠯᠠᠨ ᠬᠠᠮᠲᠤ ᠠᠵᠢᠯᠯᠠᠭᠴᠢ ᠴᠥᠮ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠪᠠᠷ ᠳᠡᠮᠵᠢᠨ ᠡᠮ ᠡᠮᠨᠡᠯᠭᠡ ᠶᠢᠨ ᠵᠠᠷᠤᠳᠠᠯ ᠤᠨ ᠨᠥᠬᠦᠪᠥᠷᠢ ᠣᠯᠵᠦ ᠪᠠᠶᠢᠭ᠎ᠠ ᠶᠤᠮ᠂ ᠡᠶᠢᠮᠦ ᠠᠴᠠ ᠪᠢ ᠵᠢᠯ ᠳᠠᠷᠠᠭᠠᠯᠠᠨ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠳᠤ ᠤᠷᠤᠯᠴᠠᠵᠦ ᠪᠤᠢ︾ ᠭᠡᠵᠦ ᠶᠠᠷᠢᠨ᠎ᠠ᠃    ᠣᠶᠢᠯᠠᠭᠠᠭᠰᠠᠨ ᠢᠶᠠᠷ᠂ 2019 ᠣᠨ ᠤ 5 ᠰᠠᠷ᠎ᠠ ᠳᠤ ︽ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ︾ ᠡᠬᠢᠯᠡᠭᠰᠡᠨ ᠠᠴᠠ ᠨᠠᠭᠠᠰᠢ᠂ ᠤᠯᠠᠭᠠᠨᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢ ᠨᠡᠶᠢᠲᠡ 5 ᠬᠤᠭᠤᠴᠠᠭ᠎ᠠ ᠵᠣᠬᠢᠶᠠᠨ ᠪᠠᠶᠢᠭᠤᠯᠵᠤ᠂ 2023 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ ᠪᠠᠲᠤᠯᠠᠭ᠎ᠠ ᠶᠢᠨ ᠠᠵᠢᠯᠯᠠᠭ᠎ᠠ ᠳᠤ ᠨᠡᠶᠢᠲᠡ 266 ᠨᠢᠭᠡᠴᠢ᠂ 43896 ᠬᠥᠮᠦᠨ ︵ᠤᠳᠠᠭ᠎ᠠ︶ ᠣᠷᠣᠯᠴᠠᠵᠤ᠂ 2000 ᠬᠥᠮᠦᠨ ︵ᠤᠳᠠᠭ᠎ᠠ︶ ᠨᠥᠬᠦᠪᠥᠷᠢ ᠭᠤᠶᠤᠴᠢᠯᠠᠨ ᠠᠪᠴᠤ᠂ ᠨᠡᠶᠢᠲᠡ 144 ᠲᠦᠮᠡᠨ ᠲᠥᠭᠦᠷᠢᠭ ᠤᠨ ᠠᠰᠢᠭ ᠭᠥᠷᠳᠡᠵᠦ᠂ ᠬᠦᠩᠭᠡᠨ ᠡᠪᠡᠳᠴᠢᠨ ᠳᠤ ᠨᠥᠬᠦᠪᠥᠷᠢ ᠣᠯᠭᠤᠬᠤ᠂ ᠬᠦᠨᠳᠦ ᠡᠪᠡᠳᠴᠢᠨ ᠳᠤ ᠪᠠᠲᠤᠯᠠᠭ᠎ᠠ ᠲᠠᠢ ᠪᠣᠯᠭᠠᠬᠤ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠦᠨᠡᠯᠡᠯᠲᠡ ᠶᠢ ᠣᠯᠵᠦ ᠪᠠᠶᠢᠭ᠎ᠠ ᠶᠤᠮ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号