ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠴᠡᠭᠴᠡᠯᠡᠨ ᠵᠠᠰᠠᠯᠳᠠ ᠶᠢᠨ ᠠᠵᠢᠯ ᠢ ᠰᠠᠶᠢᠳᠤᠷ ᠬᠢᠵᠤ ᠨᠡᠶᠢᠭᠡᠮ ᠤᠨ ᠠᠮᠤᠷ ᠲᠦᠪᠰᠢᠨ ᠢ ᠪᠠᠳᠤᠯᠠᠵᠥ ᠪᠠᠶᠢᠨ᠎ᠠ
ᠨᠡᠶᠢᠲᠡᠯᠡᠭᠰᠡᠨ ᠴᠠᠭ᠄
2023/7/26
   ᠤᠶᠢᠷ᠎ᠠ ᠶᠢᠨ ᠡᠳᠦᠷ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠡᠯ᠎ᠠ ᠰᠠᠯᠠᠭ᠎ᠠ ᠮᠦᠴᠢᠷ ᠤᠨ ᠬᠢᠨ ᠬᠠᠮᠵᠢᠯᠴᠠᠨ᠂ ᠪᠥᠬᠦ ᠺᠠᠳ᠋ᠷ ᠴᠠᠬᠳᠠᠭ᠎ᠠ ᠤᠷᠤᠯᠴᠠᠬᠰᠠᠨ ᠵᠤᠨ ᠤ ᠤᠯᠠᠷᠢᠯ ᠤᠨ ᠨᠡᠶᠢᠭᠡᠮ ᠤᠨ ᠠᠮᠤᠷ ᠢ ᠬᠠᠮᠠᠭᠠᠯᠠᠬᠤ ᠴᠡᠭᠴᠡᠯᠡᠨ ᠵᠠᠰᠠᠯᠳᠠ ᠶᠢᠨ ᠠᠵᠢᠯᠯᠠᠭ᠎ᠠ ᠥᠷᠨᠢᠭᠦᠯᠵᠥ᠂ ᠬᠠᠷᠢᠶᠠᠳᠦ ᠤᠷᠤᠨ ᠤ ᠪᠠᠨ ᠵᠣᠨ ᠤ ᠤᠯᠠᠷᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠵᠢᠮ᠎ᠡ ᠶᠣᠰᠣ ᠣᠨᠴᠠᠯᠢᠭ ᠵᠢᠴᠢ ᠣᠯᠠᠨ ᠲᠦᠮᠡᠨ ᠤ ᠲᠤᠰᠬᠠᠯ ᠶᠡᠬᠡᠲᠡᠶ ᠪᠠᠶᠢᠭ᠎ᠠ ᠬᠤᠯᠠᠭᠠᠶᠢᠯᠠᠬᠤ ᠪᠤᠯᠢᠶᠠᠬᠤ ᠮᠡᠬᠡᠯᠡᠬᠦ᠂ ᠡᠳ᠋ ᠮᠥᠩᠭᠦ ᠶᠢ ᠵᠣᠷᠢᠭᠤᠳᠠ ᠬᠤᠬᠢᠷᠠᠭᠤᠯᠬᠤ᠂ ᠣᠯᠠᠭᠤᠯᠠ ᠨᠡᠶᠢᠯᠡᠵᠦ ᠵᠣᠳᠣᠭᠠᠨ ᠬᠢᠬᠦ ᠵᠡᠷᠭᠡ ᠬᠡᠷᠡᠭ ᠢ ᠴᠢᠩᠭ᠎ᠠ ᠠᠩᠬᠠᠷᠴᠤ᠂ ︽ᠥᠴᠦᠬᠡᠨ ᠴᠦ ᠠᠭᠤᠴᠢᠯᠠᠬᠤ ᠥᠬᠡᠶ︾ ᠪᠠᠶᠢᠬᠤ ᠶᠢ ᠪᠠᠲᠤᠯᠠᠵᠤ᠂ ︽ᠲᠦᠷᠭᠡᠨ ᠣᠨᠣᠴᠠᠲᠠᠶ ᠬᠦᠴᠦᠲᠡᠶ︾ ᠪᠠᠶᠢᠬᠤ ᠶᠢ ᠳᠣᠪᠤᠶᠢᠯᠭᠠᠨ᠂ ᠶᠠᠯᠠᠲᠤ ᠠᠵᠢᠯᠯᠠᠭ᠎ᠠ ᠶᠢᠨ ᠣᠷᠣᠨ ᠵᠠᠶ ᠶᠢ ᠪᠥᠬᠦ ᠲᠠᠯ᠎ᠠ ᠪᠠᠷ ᠰᠢᠬᠠᠨ ᠳᠠᠷᠤᠵᠤ᠂ ᠬᠦᠴᠦᠷᠬᠡᠭ ᠶᠡᠭᠡ ᠰᠦᠷᠳᠡᠭᠦᠯᠦᠯ ᠢ ᠪᠣᠶ ᠪᠣᠯᠭᠠᠵᠤ᠂ ᠣᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠤᠯᠠᠮ ᠨᠢᠭᠡ ᠠᠯᠬᠤᠮ ᠨᠡᠮᠡᠭᠳᠡᠬᠦᠯᠪᠡ᠃    ᠪᠠᠶᠢᠴᠠᠭᠠᠯᠳᠠ ᠶᠢᠨ ᠠᠵᠢᠯᠯᠠᠭ᠎ᠠ ᠳᠤ᠂ ᠤᠯᠠᠭᠠᠨᠬᠤᠳᠠ ᠶᠢᠨ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠬᠢᠨ ᠴᠠᠭᠳᠠᠭᠠᠨ ᠤ ᠬᠦᠴᠦᠨ ᠢ ᠨᠡᠶᠢᠲᠡ 1300 ᠭᠠᠷᠤᠶ ᠬᠥᠮᠦᠨ ︵ᠤᠳᠠᠭ᠎ᠠ︶ ᠬᠦᠳᠡᠯᠭᠡᠨ᠂ 672 ᠠᠵᠢᠯ ᠲᠥᠷᠥᠯ ᠤᠨ ᠲᠠᠯᠠᠪᠤᠷ ᠭᠠᠵᠠᠷ ᠢᠶᠠᠷ ᠪᠠᠶᠢᠴᠠᠭᠠᠯᠳᠠ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠬᠰᠠᠨ ᠪᠠᠶᠢᠨ᠎ᠠ᠃ ᠳᠤᠬᠠᠶᠢᠯᠠᠪᠠᠯ ᠵᠠᠮ ᠬᠠᠷᠢᠯᠴᠠᠭᠠᠨ ᠤ ᠳᠤᠭᠤᠷᠢᠨ ᠴᠠᠬᠳᠠᠬᠤ ᠶᠡᠭᠡ ᠠᠩᠬᠢ ᠶᠢᠨ ᠬᠢᠨ ᠰᠦᠨᠢ ᠶᠢᠨ ᠪᠠᠶᠢᠴᠠᠭᠠᠯᠳᠠ ᠶᠢᠨ ᠠᠵᠢᠯᠯᠠᠭ᠎ᠠ ᠦᠷᠨᠢᠬᠦᠯᠵᠦ᠂ ᠰᠤᠬᠳᠤᠭᠤ ᠪᠠᠷ ᠲᠡᠷᠭᠡ ᠵᠢᠯᠣᠭᠤᠳᠤᠭᠰᠠᠨ 11 ᠬᠡᠷᠡᠭ᠂ ᠠᠶᠤᠯᠲᠠᠢ ᠪᠠᠷ ᠲᠡᠷᠭᠡ ᠵᠢᠯᠣᠭᠤᠳᠤᠭᠰᠠᠨ 2 ᠬᠡᠷᠡᠭ᠂ ᠦᠨᠡᠮᠯᠡᠯ ᠦᠭᠡᠢ ᠪᠠᠷ ᠲᠡᠷᠭᠡ ᠵᠢᠯᠣᠭᠤᠳᠤᠭᠰᠠᠨ 3 ᠬᠡᠷᠡᠭ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠢ ᠡᠪᠳᠡᠭᠰᠡᠨ ᠭᠡᠷᠡᠭ ᠢ ᠢᠯᠡᠷᠡᠬᠦᠯᠵᠦ᠂ ᠬᠠᠮᠢᠶ᠎ᠠ ᠪᠦᠬᠦᠢ ᠲᠦᠷᠢᠮ ᠳᠤᠬᠳᠠᠭᠠᠯ ᠢ ᠦᠨᠳᠦᠰᠦᠯᠡᠨ ᠳᠤᠷᠭᠤᠭᠠᠨ ᠰᠢᠳᠭᠡᠪᠡ᠃ ᠡᠬᠦᠨ ᠠᠴᠠ ᠭᠠᠳᠠᠨ᠎ᠠ᠂ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠬᠢ ᠶᠢᠨ ᠬᠢᠨ 46 ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 90 ᠬᠥᠮᠦᠨ ᠳᠤ ᠵᠠᠰᠠᠭ ᠵᠠᠬᠢᠷᠭᠠᠨ ᠤ ᠰᠢᠳᠭᠡᠯ ᠥᠭᠪᠡ︔ ᠡᠷᠡᠭᠦᠦ ᠶᠢᠨ ᠬᠡᠷᠡᠭ ᠢ 6 ᠢᠯᠡᠷᠡᠭᠦᠯᠵᠦ᠂ 4 ᠬᠥᠮᠦᠨ ᠢ ᠬᠠᠤᠯᠢ ᠶᠤᠰᠤᠭᠠᠷ ᠰᠢᠳᠭᠡᠭᠰᠡᠨ ᠪᠠᠶᠢᠨ᠎ᠠ᠃    ᠡᠬᠦᠨ ᠤ ᠵᠡᠷᠭᠡ ᠪᠠᠷ᠂ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶᠠᠨ ᠤ ᠬᠢᠨ ᠤᠬᠠᠭᠤᠯᠵᠦ ᠰᠡᠷᠡᠮᠵᠢᠯᠡᠬᠦᠯᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠭᠤᠳᠠᠮ ᠳᠠᠯᠠᠪᠠᠢ᠂ ᠪᠠᠭ᠎ᠠ ᠳᠤᠭᠤᠷᠢᠬ᠂ ᠨᠠᠭᠠᠳᠤᠮ ᠴᠠᠩᠭᠡᠯ ᠤᠨ ᠭᠠᠵᠠᠷ ᠢᠶᠠᠷ ᠬᠦᠨᠵᠡᠭᠡᠶᠢᠷᠡᠵᠦ᠂ ᠰᠠᠭᠤᠭᠠᠯᠢ ᠠᠷᠠᠳ ᠵᠢᠴᠢ ᠪᠠᠭᠠᠴᠤᠳ ᠭᠡᠤᠭᠡᠳ ᠲᠤ ᠤᠰᠤᠨ ᠳᠤ ᠴᠠᠴᠠᠬᠤ ᠠᠴᠠ ᠰᠡᠷᠭᠡᠶᠢᠯᠡᠬᠦ᠂ ᠬᠤᠤᠷᠳᠦ ᠡᠳ᠋ ᠠᠴᠠ ᠵᠠᠶᠢᠯᠠᠬᠤ᠂ ᠠᠮᠤᠷ ᠲᠦᠪᠰᠢᠨ ᠢᠶᠠᠷ ᠳᠡᠷᠭᠡ ᠵᠢᠯᠤᠭᠤᠳᠬᠤ᠂ ᠱᠠᠯᠢᠬ ᠵᠠᠪᠬᠠᠢ ᠵᠤᠭᠤᠰ ᠮᠦᠷᠦᠶᠢᠴᠡᠬᠦ ᠠᠴᠠ ᠴᠡᠭᠡᠷᠯᠡᠬᠦ ᠵᠡᠷᠭᠡ ᠤᠬᠠᠭᠤᠯᠭ᠎ᠠ ᠬᠦᠮᠦᠵᠢᠯ ᠬᠢᠵᠦ᠂ ᠬᠠᠮᠳᠦ ᠪᠠᠷ ᠠᠮᠤᠷ ᠲᠦᠪᠰᠢᠨ ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ᠶᠢ ᠤᠬᠠᠭᠤᠯᠤᠬᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号