ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠬᠢᠩᠭᠠᠨ ᠠᠶᠢᠮᠠᠭ ᠲᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2023/7/26
     2023 ᠣᠨ ᠤ 7 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠬᠢᠩᠭᠠᠨ ᠠᠶᠢᠮᠠᠭ ᠲᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠳᠤᠭᠤᠶᠢᠯᠠᠩ ᠤᠨ ᠳᠠᠷᠤᠭ᠎ᠠ ᠵᠠᠩ ᠰᠢ ᠷᠦᠩ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠱᠦᠵᠢ ᠨᠡᠷ ᠤᠨ ᠲᠤᠰᠬᠠᠢ ᠰᠡᠳᠦᠪᠲᠦ ᠬᠤᠷᠠᠯ ᠤᠨ ᠲᠣᠭᠤᠷᠢᠨ ᠪᠠᠶᠢᠴᠠᠭᠠᠭᠰᠠᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠢ ᠲᠥᠯᠥᠭᠡᠯᠡᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠪᠠ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠢ ᠬᠠᠷᠢᠭᠤ ᠲᠤᠰᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠭᠡᠷ ᠤᠨ ᠳᠡᠳ᠋ ᠡᠷᠬᠢᠯᠡᠭᠴᠢ ᠶᠠᠨ ᠹᠸᠢ ᠰᠢᠶᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ᠃ ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠰᠢᠶᠤᠤ ᠪᠢᠩ ᠬᠠᠷᠢᠭᠤ ᠲᠤᠰᠬᠠᠬᠤ ᠬᠤᠷᠠᠯ ᠢ ᠡᠷᠬᠢᠯᠡᠭᠰᠡᠨ ᠪᠥᠭᠡᠳ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠣᠪᠣᠷ ᠢᠶᠠᠨ ᠢᠯᠡᠳᠬᠡᠵᠡᠢ᠃    ᠵᠠᠩ ᠰᠢ ᠷᠦᠩ ᠬᠠᠷᠢᠭᠤ ᠲᠤᠰᠬᠠᠬᠤ ᠳᠠᠭᠠᠨ ᠵᠢᠭᠠᠵᠤ ᠭᠠᠷᠭᠠᠭᠰᠠᠨ ᠨᠢ᠂ ᠬᠢᠩᠭᠠᠨ ᠠᠶᠢᠮᠠᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠠᠬᠢᠭᠤᠯᠵᠤ ᠂ ᠨᠠᠮ ᠢ ᠬᠠᠮᠢᠶᠠᠷᠴᠤ ᠨᠠᠮ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠡᠯ᠎ᠡ ᠵᠦᠢᠯ ᠤᠨ ᠠᠵᠢᠯ ᠳᠠᠭᠠᠨ ᠢᠯᠡᠳᠲᠡ ᠦᠷ᠎ᠡ ᠪᠦᠲᠦᠮᠵᠢ ᠣᠯᠵᠠᠢ᠃ ᠭᠡᠪᠡᠴᠦ ᠲᠣᠭᠤᠷᠢᠨ ᠪᠠᠶᠢᠴᠠᠭᠠᠯᠲᠠ ᠠᠴᠠ ᠦᠵᠡᠪᠡᠯ᠂ ᠪᠠᠰᠠ ᠡᠳᠦᠶ ᠲᠡᠳᠦᠶ ᠬᠦᠷᠦᠯᠴᠡᠬᠦ ᠦᠭᠡᠶ ᠲᠠᠯ᠎ᠠ ᠪᠠ ᠵᠥᠷᠢᠶ᠎ᠡ ᠣᠷᠣᠰᠢᠵᠤ ᠪᠠᠶᠢᠨ᠎ᠠ ᠃ ᠲᠤᠰᠬᠠᠶ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠭᠤᠤᠯ ᠠᠰᠠᠭᠤᠳᠠᠯ ᠪᠣᠯ᠄ ᠠᠮᠢ ᠠᠬᠤᠶ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠲᠦᠷᠢᠮ ᠢ ᠬᠡᠷᠡᠭᠵᠢᠭᠦᠯᠬᠦ ᠲᠠᠯ᠎ᠠ ᠪᠠᠷ ᠴᠢᠩᠭ᠎ᠠ ᠪᠢᠰᠢ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠠᠵᠢᠯ ᠤᠳᠠᠭᠠᠨ᠂ ᠨᠤᠲᠤᠭ ᠪᠡᠯᠴᠢᠭᠡᠷ ᠪᠠ ᠣᠶᠢᠲᠤ ᠭᠠᠵᠠᠷ ᠤᠨ ᠬᠢᠨᠠᠯᠲᠠ ᠬᠠᠮᠢᠶᠠᠷᠤᠯᠲᠠ ᠳᠤᠲᠠᠮᠠᠭ ᠪᠠᠶᠢᠬᠤ︔ ᠲᠠᠷᠢᠶᠠᠯᠠᠩ  ᠤᠨ ᠪᠦᠲᠦᠭᠡᠭᠳᠡᠬᠦᠨ ᠤ ᠮᠠᠯ ᠤᠨ ᠠᠰᠢᠭ ᠰᠢᠮ᠎ᠡ ᠶᠢᠨ  ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠠᠵᠢᠯ ᠢ ᠠᠬᠢᠭᠤᠯᠬᠤ ᠳᠤ ᠬᠦᠴᠦ ᠬᠦᠷᠦᠯᠴᠡᠬᠦ ᠥᠬᠡᠶ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠠᠷ᠎ᠠ ᠬᠥᠷᠥᠰᠥ ᠶᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠵᠥᠷᠢᠶ᠎ᠡ ᠲᠠᠢ ᠪᠠᠶᠢᠨ᠎ᠠ᠃ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠭᠤᠣᠯ ᠠᠰᠠᠭᠤᠳᠠᠯ ᠪᠣᠯ᠄ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ  ᠵᠦᠷᠢᠶ᠎ᠡ ᠲᠠᠢ ᠪᠠᠶᠢᠵᠤ᠂ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠭᠦᠨᠵᠡᠭᠡᠢ ᠪᠢᠰᠢ ᠪᠠᠶᠢᠨ᠎ᠠ︔ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠳᠤ ᠳᠤᠲᠠᠭᠤᠳᠠᠯ ᠪᠤᠢ︔ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠢᠨᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠲᠠᠯ᠎ᠠ ᠪᠠᠷ ᠲᠡᠶᠢᠮᠦ ᠲᠦᠢᠯᠪᠤᠷᠢᠲᠠᠢ ᠪᠢᠰᠢ ᠪᠠᠶᠢᠨ᠎ᠠ  ᠭᠡᠪᠡ᠃    ᠶᠠᠨ ᠹᠸᠢ ᠰᠢᠶᠠ᠂ ᠬᠢᠩᠭᠠᠨ ᠠᠶᠢᠮᠠᠭ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠴᠡᠭᠴᠡᠯᠡᠨ ᠰᠠᠶᠢᠵᠢᠷᠠᠭᠤᠯᠬᠤ ᠤᠬᠠᠮᠰᠠᠷᠲᠤ ᠴᠢᠨᠠᠷ ᠡᠷᠡᠰ ᠪᠠᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠷᠢᠨ ᠬᠢᠨᠠᠮᠠᠭᠠᠢ ᠲᠣᠭᠲᠠᠭᠠᠵᠤ᠂ ᠠᠰᠠᠭᠤᠳᠠᠯ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠬᠡᠷᠡᠭᠵᠢᠭᠦᠯᠵᠦ ᠪᠣᠯᠬᠤ᠂ ᠪᠠᠶᠢᠴᠠᠭᠠᠵᠤ ᠪᠣᠯᠬᠤ᠂ ᠦᠨᠡᠯᠡᠨ ᠵᠢᠱᠢᠵᠦ ᠪᠣᠯᠬᠤ ᠴᠡᠭᠴᠡᠯᠡᠨ ᠰᠠᠶᠢᠵᠢᠷᠠᠭᠤᠯᠬᠤ ᠠᠷᠭ᠎ᠠ  ᠬᠡᠮᠵᠢᠶ᠎ᠡ ᠶᠢ ᠵᠤᠷᠪᠤᠰ ᠳᠠᠷᠠᠭᠠᠯᠠᠨ ᠲᠣᠭᠲᠠᠭᠠᠵᠤ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠰᠡᠳᠬᠢᠴᠡ ᠪᠠᠷ ᠦᠨᠡᠨᠬᠦ ᠴᠡᠭᠴᠡᠯᠡᠨ ᠰᠠᠶᠢᠵᠢᠷᠠᠭᠤᠯᠬᠤ ᠶᠢ ᠰᠦᠪᠡᠭᠴᠢᠯᠡᠵᠦ᠂ ᠪᠦᠷᠢᠨ ᠲᠡᠭᠦᠯᠳᠡᠷ ᠠᠵᠢᠯ ᠤᠨ ᠲᠣᠭᠲᠠᠴᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠪᠦᠲᠦᠮᠵᠢᠲᠡᠢ ᠠᠷᠭ᠎ᠠ ᠬᠡᠯᠪᠡᠷᠢ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ︔ ᠲᠣᠭᠤᠷᠢᠨ ᠪᠠᠶᠢᠴᠠᠭᠠᠬᠤ ᠪᠠᠷ ᠥᠭᠡᠷᠡᠴᠢᠯᠡᠯᠲᠡ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠵᠠᠰᠠᠯᠲᠠ ᠶᠢ ᠠᠬᠢᠭᠤᠯᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠰᠢᠢᠳᠪᠦᠷᠢᠯᠡᠬᠦ ᠠᠰᠠᠭᠤᠳᠠᠯ ᠢ ᠰᠢᠢᠳᠪᠦᠷᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ  ᠭᠡᠪᠡ᠃    ᠵᠠᠩ ᠰᠢᠶᠤᠤ ᠪᠢᠩ ᠣᠪᠣᠷ ᠢᠶᠠᠨ ᠢᠯᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠦᠴᠦᠲᠡᠢ ᠠᠷᠭ᠎ᠠ  ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠰᠲ᠋ᠧᠮᠲᠦ ᠰᠡᠳᠬᠢᠬᠦᠢ ᠶᠢ ᠪᠤᠢ ᠪᠣᠯᠭᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ  ᠬᠡᠮᠵᠢᠶ᠎ᠡ ᠶᠢ ᠨᠠᠷᠢᠯᠢᠬᠵᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠶᠢ ᠴᠢᠩᠭ᠎ᠠ ᠠᠳᠬᠤᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠰᠡᠷᠡᠮᠵᠢᠯᠡᠭᠦᠯᠬᠦ ᠬᠥᠮᠦᠵᠢᠯ ᠪᠣᠯᠤᠨ ᠨᠠᠮ ᠤᠨ ᠳᠣᠲᠣᠭᠠᠳᠤ ᠶᠢᠨ ᠤᠯᠤᠰ ᠲᠦᠷᠦ ᠰᠣᠶᠣᠯ ᠤᠨ ᠪᠠᠶᠢᠭᠤᠯᠤᠯᠲᠠ ᠶᠢ ᠴᠢᠭᠯᠡᠭᠦᠯᠬᠦ ᠴᠢᠨᠠᠷᠲᠠᠢ ᠪᠠᠷ ᠰᠠᠶᠢᠲᠤᠷ ᠬᠢᠵᠦ᠂ ᠲᠣᠭᠤᠷᠢᠨ ᠪᠠᠶᠢᠴᠠᠭᠠᠬᠤ ᠶᠢ ᠪᠦᠬᠦᠨ ᠢ ᠪᠦᠷᠬᠦᠬᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ︽ᠬᠤᠶᠠᠷ ᠶᠡᠭᠡ ᠶᠠᠪᠤᠳᠠᠯ︾ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠪᠣᠯᠤᠨ ᠪᠦᠬᠦ ᠠᠶᠢᠮᠠᠭ ᠤᠨ ᠠᠷᠠᠳ ᠲᠦᠮᠡᠨ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ ᠭᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ᠂ ᠬᠤᠯᠪᠣᠭᠠᠴᠢᠨ ᠬᠤᠷᠠᠯ ᠳᠤ ᠣᠷᠣᠯᠴᠠᠵᠤ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠶᠠᠷ ᠳᠠᠷᠤᠭ᠎ᠠ᠂ ᠡᠯ᠎ᠡ ᠬᠤᠰᠢᠭᠤ ᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠵᠢᠴᠢ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号