ᠤᠯᠠᠮᠵᠢᠯᠠᠯᠲᠤ ᠪᠠᠶᠠᠷ ᠳᠤᠷᠠᠰᠬᠠᠯ ᠤᠨ ᠡᠳᠥᠷ ᠢᠶᠠᠷ ᠠᠴᠢᠶᠠᠯᠠᠪᠤᠷᠢ ᠪᠣᠯᠭᠠᠵᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠳᠥᠭᠡᠨ ᠪᠠᠶᠢᠭᠤᠯᠦᠨ᠎ᠠ
ᠨᠡᠶᠢᠲᠡᠯᠡᠭᠰᠡᠨ ᠴᠠᠭ᠄
2023/7/26
— ᠤᠯᠠᠭᠠᠨᠬᠤᠲᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠠᠬᠢᠭᠤᠯᠵᠤ ᠪᠠᠶᠢᠭ᠎ᠠ ᠳᠤᠬᠠᠢ ᠮᠡᠳᠡᠭᠡᠯᠡᠯ ● ᠰᠤᠷᠪᠤᠯᠵᠢᠯᠠᠭᠴᠢ ᠤᠷᠠᠨᠳᠤᠳᠢ ᠵᠠᠩ ᠴᠢᠶᠠᠩ    ᠡ᠊ᠨᠠ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠥᠷ᠂ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠵᠡᠭᠦᠨ ᠪᠠᠶᠠᠨ ᠭᠠᠴᠠᠭ᠎ᠠ ᠶᠢᠨ ᠬᠢᠲᠠᠳ᠂ ᠮᠣᠩᠭᠤᠯ᠂ ᠰᠣᠯᠣᠩᠭᠤᠰ ᠂ ᠮᠠᠨᠵᠤ ᠵᠡᠷᠭᠡ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠳᠥ ᠴᠤᠭᠯᠠᠷᠠᠨ ᠪᠠᠩᠰᠢ ᠪᠠᠷᠢᠵᠤ᠂ ᠪᠠᠶᠠᠷ ᠤᠨ ᠡᠳᠥᠷ ᠢᠶᠠᠨ ᠪᠠᠶᠠᠷ ᠬᠦᠷ ᠲᠠᠢ ᠦᠡᠭᠭᠡᠷᠡᠬᠦᠯᠪᠡ᠃    ︽ᠮᠠᠨ ᠤ ᠭᠠᠴᠠᠭ᠎ᠠ ᠵᠢᠯ ᠪᠥᠷᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠥᠷ ᠢ ᠪᠡᠯᠭᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠠᠮᠳᠥ ᠪᠠᠷ ᠢᠶᠠᠨ ᠪᠠᠩᠰᠢ ᠪᠠᠷᠢᠵᠤ ᠨᠠᠶᠢᠷᠯᠠᠯᠳᠥᠵᠤ ᠪᠤᠢ︾ ᠭᠡᠵᠤ ᠵᠡᠭᠦᠨ ᠪᠠᠶᠠᠨ ᠭᠠᠴᠠᠭᠠᠨ ᠤ ᠨᠠᠮ ᠤᠨ ᠡᠭᠦᠷ ᠤᠨ ᠱᠦᠵᠢ ᠵᠣᠣ ᠱᠤᠸᠠᠩ ᠰᠢ ᠭᠡᠯᠡᠵᠡᠢ᠃ ᠦᠨᠳᠥᠰᠥᠳᠡᠨ ᠨᠦᠭᠦᠳ ᠤᠨ ᠤᠯᠠᠨ ᠲᠦᠮᠡᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠬᠠᠮᠲᠤ ᠪᠠᠷ ᠥᠩᠭᠡᠷᠡᠭᠦᠯᠬᠦ ᠪᠣᠯ ᠰᠣᠶᠣᠯ ᠤᠨ ᠬᠠᠮᠲᠤ ᠶᠢᠨ ᠮᠡᠳᠡᠷᠡᠮᠵᠢ ᠶᠢ ᠠᠬᠢᠭᠤᠯᠬᠤ ᠶᠢᠨ ᠵᠠᠷᠭᠡᠪᠡᠷ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠴᠣᠭᠴᠠᠯᠠᠨ ᠪᠠᠶᠢᠭᠤᠯᠬᠤ ᠴᠢᠬᠤᠯᠠ ᠠᠷᠭ᠎ᠠ ᠬᠡᠯᠪᠡᠷᠢ ᠪᠤᠯᠤᠨ᠎ᠠ᠃    ᠴᠠᠭᠠᠨ ᠰᠠᠷ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠁ ᠤᠶᠢᠷ᠎ᠠ ᠶᠢᠨ ᠬᠤᠶᠠᠷ ᠵᠢᠯ ᠳᠤ᠂ ᠤᠯᠠᠭᠠᠨᠬᠤᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠥ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠥᠯᠵᠡᠶᠢᠳᠥ ᠰᠠᠶᠢᠬᠠᠨ ᠤᠯᠠᠮᠵᠢᠯᠠᠯᠲᠤ ᠪᠠᠶᠠᠷ ᠤᠨ ᠡᠳᠦᠷ ᠢᠶᠠᠷ ᠳᠤᠮᠳᠠᠳᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠤᠯᠠᠮᠵᠢᠯᠠᠯᠲᠤ ᠪᠠᠶᠠᠷ ᠤᠨ ᠡᠳᠦᠷ ᠢ ᠤᠯᠤᠰ ᠢᠶᠠᠨ ᠬᠠᠶᠢᠷᠠᠯᠠᠬᠤ ᠪᠠᠶᠠᠷ ᠤᠨ ᠡᠳᠦᠷ᠂ ᠰᠣᠶᠣᠯ ᠤᠨ ᠪᠠᠶᠠᠷ ᠤᠨ ᠡᠳᠦᠷ᠂ ᠶᠣᠰᠣ ᠰᠤᠷᠲᠠᠬᠤᠨ ᠤ ᠪᠠᠶᠠᠷ ᠤᠨ ᠡᠳᠦᠷ᠂ ᠬᠠᠶᠢᠷ᠎ᠠ ᠰᠡᠳᠭᠢᠯᠭᠡ ᠶᠢᠨ ᠪᠠᠶᠠᠷ ᠤᠨ ᠡᠳᠦᠷ᠂ ᠪᠣᠯᠪᠠᠰᠤᠨ ᠤ ᠪᠠᠶᠠᠷ ᠤᠨ ᠡᠳᠦᠷ ᠪᠣᠯᠭᠠᠨ ᠡᠷᠭᠢᠯᠡᠵᠦ᠂ ᠤᠯᠠᠮᠵᠢᠯᠠᠯᠲᠤ ᠪᠠᠶᠠᠷ ᠤᠨ ᠡᠳᠦᠷ ᠲᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠭᠡᠷᠡᠯ ᠰᠠᠴᠤᠷᠠᠩᠭᠤᠢ ᠰᠣᠶᠣᠯ ᠤᠨ ᠲᠤᠬᠠᠢ ᠮᠡᠳᠡᠷᠡᠮᠵᠢ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠥ ᠴᠤᠭᠴᠠᠯᠠᠬᠤ ᠠᠭᠤᠯᠭ᠎ᠠ ᠳᠤ ᠠᠭᠤᠰᠬᠠᠵᠤ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠠᠷᠠᠳ ᠤᠯᠠᠨ ᠤ ᠰᠡᠳᠭᠢᠯ ᠢ ᠨᠢᠭᠲᠠᠷᠠᠭᠤᠯᠵᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠶᠤᠨ ᠰᠠᠨᠠᠭᠠᠨ ᠤ ᠬᠤᠯᠪᠣᠭᠠᠰᠤ ᠶᠢ ᠪᠦᠷᠢᠯᠳᠦᠭᠦᠯᠦᠭᠰᠡᠨ ᠪᠠᠶᠢᠨ᠎ᠠ᠃    ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠳᠤ ᠬᠦᠷᠬᠦ ᠳᠤ᠂ ᠵᠡᠭᠡᠯᠢ ᠭᠤᠳᠤᠮᠵᠢ ᠨᠢ ᠴᠡᠪᠡᠷ ᠴᠡᠮᠴᠡᠭᠡᠷ ᠪᠠᠶᠢᠵᠤ᠂ ᠭᠡᠷ ᠤᠨ ᠠᠷᠤ ᠥᠪᠥᠷ ᠢᠶᠠᠷ ᠢᠶᠠᠨ ᠲᠠᠷᠢᠭᠰᠠᠨ ᠰᠣᠷᠭᠤᠭ ᠴᠡᠴᠡᠭ ᠪᠣᠯᠤᠨ ᠡᠪᠡᠰᠤ ᠤᠷᠭᠤᠮᠠᠯ ᠨᠢ ᠲᠣᠰᠬᠤᠨ ᠤ ᠭᠤᠶᠤ ᠦᠵᠡᠮᠵᠢ ᠪᠤᠯᠵᠠᠢ᠃ ᠲᠣᠰᠬᠤᠨ ᠤ ᠠᠷᠠᠳ ᠶᠢᠨ ᠶᠦᠩ ᠭᠧᠨ ᠤ ᠭᠡᠷ ᠲᠤ ᠬᠦᠮᠤᠰ ᠴᠤᠭᠯᠠᠷᠠᠨ ᠬᠤᠭᠤᠯᠠ ᠵᠠᠭᠤᠰᠢ ᠬᠢᠬᠦ ᠮᠡᠷᠭᠡᠵᠢᠯ ᠢᠶᠠᠨ ᠰᠣᠯᠢᠯᠴᠠᠵᠤ᠂ ᠠᠮᠲᠠᠲᠤ ᠢᠳᠡᠭᠡᠨ ᠬᠢᠵᠦ ᠬᠦᠷ ᠨᠡᠷᠭᠢᠶᠡᠨ ᠢᠶᠠᠷ ᠪᠢᠯᠬᠠᠨ᠎ᠠ᠃    ︽ ᠶᠢᠨ ᠶᠦᠩ ᠭᠧᠨ ᠤ ᠬᠠᠪᠰᠤᠷᠤᠯᠭ᠎ᠠ ᠪᠠᠷ ᠮᠠᠨ ᠤ ᠲᠣᠰᠬᠤᠨ ᠤ ᠮᠠᠨᠵᠤ ᠦᠨᠳᠦᠰᠦᠲᠡᠨ ᠤ ᠠᠷᠠᠳ ᠸᠠᠩ ᠵᠧᠩ ᠶᠠᠩ ᠰᠣᠯᠣᠩᠭᠤᠰ ᠦᠨᠳᠦᠰᠦᠲᠡᠨ ᠤ ᠡᠯ᠎ᠡ ᠵᠦᠢᠯ ᠤᠨ ᠠᠮᠲᠠᠲᠤ ᠢᠳᠡᠭᠡᠨ ᠢ ᠬᠢᠵᠦ ᠴᠢᠳᠠᠬᠤ ᠪᠣᠯᠪᠠ᠂ ᠪᠠᠶᠠᠷ ᠳᠤᠷᠠᠰᠬᠠᠯ ᠤᠨ ᠠᠵᠢᠯᠯᠠᠭ᠎ᠠ ᠳᠤ᠂ ᠸᠠᠩ ᠵᠧᠩ ᠶᠠᠩ ᠰᠣᠯᠣᠩᠭᠤᠰ ᠦᠨᠳᠦᠰᠦᠲᠡᠨ ᠤ ᠠᠮᠲᠠᠲᠤ ᠢᠳᠡᠭᠡᠨ ᠢ ᠬᠤᠳᠠᠯᠳᠤᠬᠤ ᠪᠠᠷ ᠳᠠᠮᠵᠢᠨ ᠤᠷᠤᠯᠭ᠎ᠠ ᠪᠠᠨ ᠨᠡᠮᠡᠭᠳᠡᠬᠦᠯᠵᠤ ᠪᠤᠢ︾ ᠭᠡᠵᠤ ᠰᠠᠨ ᠾᠧ ᠲᠣᠰᠬᠤᠨ ᠤ ᠨᠠᠮ ᠤᠨ ᠡᠭᠦᠷ ᠤᠨ ᠱᠦᠵᠢ ᠰᠢᠤᠢ ᠵᠦᠩ ᠹᠧᠩ ᠭᠡᠯᠡᠪᠡ᠃ ︽ᠮᠠᠨ ᠤ ᠲᠣᠰᠬᠤᠨ ᠳᠤ ᠬᠢᠲᠠᠳ᠂ ᠰᠣᠯᠣᠩᠭᠤᠰ᠂ ᠮᠠᠨᠵᠤ᠂ ᠮᠣᠩᠭᠤᠯ ᠵᠡᠷᠭᠡ ᠠᠷᠪᠠᠨ ᠬᠡᠳᠦᠨ ᠦᠨᠳᠦᠰᠦᠲᠡᠨ ᠬᠠᠮᠳᠥ ᠳᠠᠭᠠᠨ ᠠᠮᠢᠳᠤᠷᠠᠵᠤ ᠪᠤᠢ᠂ ᠦᠨᠳᠦᠰᠦᠲᠡᠨ ᠨᠦᠭᠦᠳ ᠤᠨ ᠤᠯᠠᠨ ᠲᠦᠮᠡᠨ ᠢᠳᠡᠭᠡᠨ ᠤᠮᠳᠠᠭᠠᠨ ᠤ ᠰᠣᠶᠣᠯ᠂ ᠠᠮᠢᠳᠤᠷᠠᠯ ᠤᠨ ᠵᠠᠩ ᠳᠠᠳᠬᠠᠯ ᠤᠨ ᠲᠠᠯ᠎ᠠ ᠪᠠᠷ ᠲᠠᠰᠤᠷᠠᠯᠲᠠ ᠦᠭᠡᠢ ᠠᠭᠤᠰᠤᠯᠴᠠᠵᠤ᠂ ᠴᠢᠬᠤᠯᠠ ᠶᠡᠭᠡ ᠪᠠᠶᠠᠷ ᠤᠨ ᠡᠳᠦᠷ ᠪᠣᠯᠬᠤ ᠪᠦᠷᠢ ᠴᠥᠮ ᠬᠥᠷᠰᠢ ᠵᠡᠷᠭᠡᠯᠡᠳᠡᠭᠡ ᠶᠢᠨ ᠳᠠᠶᠢᠯᠠᠯᠭ᠎ᠠ ᠡᠷᠬᠢᠯᠡᠳᠡᠭ᠂ ᠤᠯᠠᠨ ᠢᠶᠠᠷ ᠢᠶᠠᠨ ᠨᠢᠭᠡ ᠭᠡᠷ ᠪᠥ᠋ᠯᠢ ᠶᠢᠨ ᠬᠥᠮᠦᠰ ᠰᠢᠭ ᠶᠠᠷᠢᠭᠠᠳ ᠪᠠᠷᠠᠰᠢ ᠦᠭᠡᠢ ᠵᠤᠭᠤᠭ ᠪᠠᠶᠢᠳᠠᠭ︾ ᠭᠡᠵᠦ ᠰᠢᠤᠢ ᠵᠦᠩ ᠹᠧᠩ ᠶᠠᠷᠢᠯ᠎ᠠ᠃    7 ᠰᠠᠷ᠎ᠠ ᠶᠢᠨ 1 ᠤ ᠡᠳᠥᠷ᠂ ᠤᠯᠠᠭᠠᠨᠬᠤᠳᠡ ᠵᠢᠷᠤᠮ ᠤᠨ ᠴᠠᠭᠳᠠᠭ᠎ᠠ ᠶᠢᠨ ᠨᠡᠶᠢᠭᠡᠮᠯᠢᠭ ᠤᠨ ᠳᠠᠷᠤᠭ᠎ᠠ ᠰᠢᠤᠸᠠᠢ ᠳ᠋ᠦᠩ ᠱᠧᠩ ᠰᠠᠶᠢᠨ ᠳᠤᠷᠠᠴᠤᠤᠯ ᠲᠠᠢ ᠪᠠᠨ ᠬᠠᠮᠲᠤ ᠪᠠᠷ ᠤᠯᠠᠭᠠᠨᠬᠤᠲᠠ ᠶᠢᠨ ᠬᠤᠲᠠ ᠶᠢᠨ ᠲᠡᠭᠦᠷᠭᠡ ᠬᠡᠷᠡᠭ ᠡᠷᠬᠢᠯᠡᠬᠦ ᠭᠠᠵᠠᠷ ᠤᠨ ᠬᠤᠩ ᠯᠢᠶᠠᠨ ᠭᠡᠷ ᠲᠡᠭᠡᠨ ᠬᠤᠴᠤᠷᠤᠭᠰᠠᠨ ᠬᠡᠥᠭᠡᠳ ᠪᠠ ᠦᠮᠥᠭ ᠲᠦᠰᠢᠭ ᠦᠬᠡᠢ ᠨᠠᠰᠥᠳᠠᠶᠢᠴᠤᠳ ᠢ ᠦᠯᠡᠳᠡᠭᠡᠨ ᠬᠠᠷᠠᠭᠠᠯᠵᠠᠬᠤ ᠭᠠᠵᠠᠷ ᠲᠤ ᠰᠠᠭᠤᠵᠤ ᠪᠠᠶᠢᠭ᠎ᠠ ᠢᠦᠶ ᠬᠤᠩ ᠪᠣᠯᠤᠨ ᠲᠡᠭᠦᠨ ᠤ 83 ᠨᠠᠰᠤᠲᠠᠶ ᠡᠵᠢ ᠶᠢ ᠨᠢ ᠳᠤᠬᠤᠨᠢᠭᠤᠯᠪᠠ᠃    20 ᠭᠠᠷᠤᠢ ᠵᠢᠯ ᠤᠨ ᠡᠮᠦᠨ᠎ᠡ᠂ ᠢᠤᠢ ᠬᠤᠩ ᠤᠨ ᠡᠵᠢ ᠨᠢ ᠬᠦᠨᠳᠦ ᠡᠪᠡᠳᠴᠢᠨ ᠳᠤ ᠨᠡᠷᠪᠡᠭᠳᠡᠵᠤ᠂ ᠮᠠᠰᠢ ᠣᠯᠠᠨ ᠰᠠᠶᠢᠨ ᠳᠤᠷᠠᠴᠤᠤᠯ ᠤᠨ ᠬᠠᠶᠢᠷ᠎ᠠ ᠬᠠᠯᠠᠮᠵᠢ ᠶᠢ ᠬᠦᠷᠳᠡᠭᠰᠡᠭᠡᠷ ᠢᠷᠡᠵᠡᠢ᠃ ︽ᠤᠯᠠᠨ ᠤ ᠬᠠᠪᠰᠤᠷᠤᠯᠭ᠎ᠠ ᠶᠢ ᠪᠢ ᠪᠦᠷ ᠴᠡᠭᠡᠵᠢᠯᠡᠵᠦ ᠪᠠᠶᠢᠨ᠎ᠠ᠂ ᠤᠯᠠᠨ ᠢᠶᠠᠷ ᠢᠶᠠᠨ ᠨᠠᠳᠠ ᠶᠢ ᠭᠡᠷ ᠤᠨ ᠬᠥᠮᠦᠨ ᠢᠶᠠᠨ ᠰᠢᠭ ᠬᠠᠷᠠᠭᠠᠯᠵᠠᠵᠤ ᠪᠠᠶᠢᠬᠤ ᠳᠤ ᠲᠠᠯᠠᠷᠬᠠᠵᠤ ᠪᠠᠶᠢᠨ᠎ᠠ︾ ᠭᠡᠵᠦ ᠢᠦᠢ ᠬᠤᠩ ᠰᠡᠳᠭᠢᠯ ᠳᠣᠭᠳᠣᠯᠤᠨ ᠬᠡᠯᠡᠪᠡ᠃ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠨᠢ ᠶᠠᠭ ᠨᠢᠭᠡᠨ ᠬᠤᠯᠪᠣᠭᠠᠰᠤ ᠰᠢᠭ ᠢᠶᠠᠷ ᠤᠯᠠᠭᠠᠨᠬᠤᠲᠠ ᠳᠤ ᠠᠮᠢᠳᠤᠷᠠᠵᠤ ᠪᠠᠶᠢᠭ᠎ᠠ ᠬᠢᠲᠠᠳ᠂ ᠮᠣᠩᠭᠤᠯ᠂ ᠮᠠᠨᠵᠤ᠂ ᠬᠤᠲᠣᠩ᠂ ᠳᠠᠭᠤᠷ ᠵᠡᠷᠭᠡ 19 ᠦᠨᠳᠦᠰᠦᠲᠡᠨ ᠤ ᠺᠠᠳ᠋ᠷ ᠣᠯᠠᠨ ᠲᠦᠮᠡᠨ ᠤ ᠰᠡᠳᠬᠢᠯ ᠢ ᠬᠤᠯᠪᠣᠵᠤ᠂ ᠡ᠊ᠨᠳᠡᠬᠢ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠢᠭᠡ ᠭᠡᠷ ᠤᠨ ᠬᠥᠮᠦᠰ ᠰᠢᠭ ᠪᠦᠯᠬᠦᠮᠳᠡᠬᠦᠯᠵᠤ᠂ ᠤᠯᠠᠮᠵᠢᠯᠠᠯᠲᠤ ᠪᠠᠶᠠᠷ ᠤᠨ ᠡᠳᠦᠷ ᠢᠶᠠᠨ ᠬᠠᠮᠲᠤ ᠪᠠᠷ ᠪᠡᠯᠭᠡᠯᠡᠵᠦ᠂ ᠨᠤᠲᠤᠭ ᠤᠰᠤᠨ ᠤ ᠪᠠᠨ ᠠᠮᠲᠠᠲᠤ ᠢᠳᠡᠭᠡᠨ ᠰᠠᠶᠢᠬᠠᠨ ᠦᠵᠡᠮᠵᠢ ᠶᠢ ᠬᠠᠮᠲᠤ ᠪᠠᠷ ᠠᠮᠳᠠᠷᠬᠠᠨ ᠰᠣᠨᠢᠷᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠦᠯᠢᠭᠡᠷ ᠢ ᠬᠠᠮᠳᠥ ᠪᠠᠷ ᠶᠠᠷᠢᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠤᠯᠠᠭᠠᠨᠬᠤᠲᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠡᠬᠦᠳᠥᠨ᠂ ᠤᠯᠠᠭᠠᠨᠬᠤᠲᠠ ᠡ᠊ᠨᠡ ᠵᠢᠯ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ︾ ᠶᠢᠨ ᠢᠷᠠᠭᠤ ᠠᠯᠳᠠᠷ ᠢ ᠳᠠᠬᠢᠨᠲᠠ ᠬᠦᠷᠳᠡᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号