ᠨᠢᠭᠡ ᠬᠥᠮᠦᠨ ᠨᠢᠭᠡ ᠠᠭᠤᠯᠠ ᠲᠠᠢ᠂ ᠲᠡᠷᠡ ᠪᠣᠯ ᠤᠭ ᠰᠠᠨᠠᠭ᠎ᠠ ᠪᠠᠷ ᠢᠶᠠᠨ ᠮᠥᠩᠬᠡᠬᠠᠨ ᠠᠭᠤᠯᠠ ᠶᠢ ᠰᠠᠬᠢᠨ | ᠪᠠᠷᠠᠯᠠᠳᠠᠭ ᠣᠶ ᠬᠠᠮᠠᠭᠠᠯᠠᠭᠴᠢ ᠮᠥᠨ︔ ᠲᠡᠷᠡ ᠪᠣᠯ ᠰᠦᠯᠵᠢᠶ᠎ᠡ ᠶᠢ ᠠᠰᠢᠭᠯᠠᠨ ᠨᠤᠲᠤᠭ ᠤᠰᠤᠨ ᠤ ᠪᠠᠨ ︽ | ᠣᠷᠣᠯᠠᠨ ᠥᠭᠦᠯᠡᠭᠴᠢ︾ ᠶᠢ ᠤᠬᠠᠭᠤᠯᠵᠤ ᠪᠠᠶᠢᠭ᠎ᠠ ᠶᠤᠮ᠃ ᠲᠡᠷᠡ ᠪᠣᠯ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠮᠣᠩᠭ᠍ᠬᠠᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠣᠪᠴᠢᠶᠠᠨ ᠤ ᠠᠵᠢᠯᠲᠠᠨ ᠵᠠᠩ ᠶᠢᠨ ᠯᠢᠨ ᠪᠣᠯᠤᠨ᠎ᠠ᠃ | 2008 ᠣᠨ ᠳᠤ᠂ ᠵᠠᠩ ᠶᠢᠨ ᠯᠢᠨ ᠢ ᠮᠦᠩᠬᠡᠬᠠᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠠᠭᠠᠯᠠᠯᠲᠠ ᠶᠢᠨ ᠣᠷᠣᠨ ᠤ ᠬᠠᠮᠠᠭᠠᠯᠠᠭᠴᠢ ᠪᠠᠷ ᠤᠷᠢᠨ | ᠬᠡᠷᠡᠭᠯᠡᠵᠦ᠂ ᠠᠮᠢᠲᠠᠨ ᠤᠷᠭᠤᠮᠠᠯ ᠢ ᠰᠢᠯᠭᠠᠨ ᠪᠠᠶᠢᠴᠠᠭᠠᠬᠤ ᠠᠵᠢᠯ ᠢ ᠬᠠᠷᠢᠭᠤᠴᠠᠭᠤᠯᠪᠠ᠃ ᠲᠡᠭᠦᠨ ᠠᠴᠠ ᠬᠤᠶᠢᠰᠢ᠂ | ᠲᠡᠷᠡ ᠡᠨᠡᠬᠦ ᠬᠥᠬᠡᠮᠳᠦᠭ ᠨᠣᠭᠤᠭᠠᠨ ᠠᠭᠤᠯᠠ ᠤᠰᠤ ᠲᠠᠢ ᠨᠢᠭᠲᠠ ᠬᠤᠯᠪᠣᠯᠳᠤᠪᠠ᠃ | ᠣᠶᠢᠷ᠎ᠠ ᠶᠢᠨ ᠵᠢᠯ ᠤᠳ ᠲᠤ᠂ ᠳ᠋ᠢᠦ ᠶᠢᠨ᠂ ᠺᠤᠸᠠᠢ ᠱᠧᠦ᠂ ᠸᠢᠴᠠᠲ ᠤᠨ ᠸᠢᠳᠢᠣ᠋ ᠨᠣᠮᠧᠷ ᠵᠡᠷᠭᠡ ᠲᠠᠪᠴᠠᠩ | ᠠᠭᠠᠵᠢᠮ ᠢᠶᠠᠷ ᠵᠠᠩ ᠶᠢᠨ ᠯᠢᠨ ᠤ ᠬᠠᠷᠠᠭᠠᠨ ᠳᠤ ᠤᠷᠤᠭᠰᠠᠨ ᠪᠠᠶᠢᠨ᠎ᠠ᠃ ᠲᠤᠬᠠᠶᠢᠯᠠᠭᠰᠠᠨ ᠠᠵᠢᠯ ᠢᠶᠠᠨ ᠰᠠᠶᠢᠨ | ᠬᠢᠭᠰᠡᠨ ᠲᠡᠷᠡ ᠴᠣ᠋ ᠰᠢᠨ᠎ᠡ ᠪᠣᠳᠣᠯᠬᠢᠯᠠᠯ ᠲᠠᠢ ᠪᠣᠯᠵᠤ᠂ ᠬᠡᠷᠬᠢᠨ ᠨᠡᠩ ᠣᠯᠠᠨ ᠬᠥᠮᠦᠨ ᠳᠤ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤ ᠶᠢ ᠣᠶᠢᠯᠠᠭᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ | ᠬᠠᠶᠢᠷᠠᠯᠠᠭᠤᠯᠬᠤ ᠪᠤᠶ ︖ | ᠷᠢᠳᠢ ᠰᠢᠳᠢ ᠲᠠᠢ ᠨᠤᠲᠤᠭ ᠤᠰᠤ ᠪᠠᠨ ᠤᠬᠠᠭᠤᠯᠬᠤ ᠶᠢ ᠬᠦᠰᠡᠨ ᠮᠥᠷᠥᠭᠡᠳᠴᠦ ᠪᠠᠶᠢᠭᠰᠠᠨ ᠵᠠᠩ ᠶᠢᠨ ᠯᠢᠨ | ᠵᠢᠷᠤᠭ ᠤᠨ ᠮᠠᠰᠢᠨ ᠢᠶᠠᠨ ᠠᠪᠴᠤ᠂ ᠡᠨᠡᠬᠦ ᠰᠦᠯᠵᠢᠶᠡᠨ ᠤ ᠬᠠᠯᠠᠭᠤᠨ ᠰᠠᠯᠬᠢ ᠶᠢ ᠳᠠᠯᠢᠮᠳᠠᠭᠤᠯᠤᠨ᠂ ︽ᠬᠠᠨ | ᠠᠭᠤᠯᠠ ᠶᠢᠨ ᠣᠮᠣᠭᠲᠤ ᠬᠥᠪᠡᠭᠦᠨ︾ ᠬᠡᠮᠡᠬᠦ ᠳ᠋ᠢᠦ ᠶᠢᠨ᠂ ᠺᠤᠸᠠᠢ ᠱᠧᠦ᠂ ᠸᠢᠴᠠᠲ ᠤᠨ ᠸᠢᠳᠢᠣ᠋ ᠨᠣᠮᠧᠷ ᠶᠢ | ᠭᠤᠶᠤᠴᠢᠯᠠᠨ ᠨᠡᠭᠡᠭᠡᠬᠦ ᠪᠠᠷ ᠪᠣᠯᠪᠠ᠃ ᠵᠢᠯ ᠤᠨ ᠳᠥᠷᠪᠡᠨ ᠤᠯᠠᠷᠢᠯ ᠳᠤ᠂ ᠡᠪᠦᠯ ᠥᠩᠭᠡᠷᠡᠵᠦ ᠬᠠᠪᠤᠷ ᠢᠷᠡᠳᠡᠭ᠃ | ᠥᠷᠯᠥᠭᠡ ᠠᠴᠠ ᠦᠳᠡᠰᠢ ᠪᠣᠯᠲᠠᠯ᠎ᠠ᠂ ᠤᠷᠠᠨ ᠪᠦᠲᠦᠭᠡᠯ ᠳᠡᠭᠡᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠮᠤᠩᠭ᠍ᠬᠠᠨ ᠠᠭᠤᠯᠠ ᠶᠢᠨ ᠡᠪᠡᠰᠦ ᠮᠣᠳᠣ᠂ ᠦᠵᠡᠮᠵᠢ ᠪᠣᠳᠠᠰ ᠢ ᠲᠡᠮᠳᠡᠭᠯᠡᠵᠦ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠬᠥᠮᠦᠨ ᠪᠣᠯᠤᠨ ᠬᠡᠭᠡᠷ᠎ᠡ ᠶᠢᠨ ᠠᠮᠢᠲᠠᠨ ᠪᠠ ᠪᠠᠶᠢᠭᠠᠯᠢ ᠶᠢᠨ ᠣᠷᠴᠢᠨ ᠲᠣᠭᠤᠷᠢᠨ | ᠬᠠᠷᠢᠯᠴᠠᠨ ᠲᠦᠰᠢᠯᠴᠡᠨ ᠣᠷᠣᠰᠢᠵᠤ᠂ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠠᠮᠢ ᠠᠬᠤᠶ ᠶᠢᠨ ᠵᠢᠷᠤᠭ | ᠳᠦᠷᠰᠦ ᠶᠢ ᠲᠠᠶᠢᠯᠪᠤᠷᠢᠯᠠᠨ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠳᠠᠮᠵᠢᠭᠤᠯᠵᠤ | ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠬᠥᠭᠵᠢᠭᠡᠨ᠂ ᠨᠠᠩ ᠴᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠥᠪᠡᠷᠮᠢᠴᠡ ᠷᠢᠳᠢ ᠰᠢᠳᠢ ᠶᠢ ᠢᠯᠡᠷᠡᠭᠦᠯᠦᠭᠰᠡᠨ ᠪᠠᠶᠢᠨ᠎ᠠ᠃ | ᠨᠢᠭᠡ ᠠᠭᠤᠯᠠ ᠠᠴᠠ ᠪᠣᠯᠵᠤ᠂ ᠨᠢᠭᠡ ᠬᠤᠲᠠ ᠶᠢ ᠲᠡᠮᠳᠡᠭᠯᠡᠨ᠎ᠡ᠃ ᠨᠠᠩ ᠬᠤᠯᠠ ᠵᠠᠮ ᠢᠶᠠᠷ ᠶᠠᠪᠤᠵᠤ᠂ ᠨᠠᠩ | ᠥᠨᠳᠥᠷ ᠠᠭᠤᠯᠠ ᠶᠢ ᠠᠪᠠᠷᠢᠬᠤ ᠨᠢ ᠵᠥᠪᠬᠡᠨ ᠨᠡᠭᠦᠳᠡᠯ ᠤᠨ ᠰᠢᠪᠠᠭᠤᠳ ᠤᠨ ᠤᠮᠠᠷᠠᠰᠢ ᠪᠤᠴᠠᠵᠤ ᠢᠷᠡᠭᠰᠡᠨ | ᠪᠠᠶᠢᠳᠠᠯ ᠢ ᠦᠨᠡᠨ ᠪᠣᠳᠠᠲᠠᠶ ᠪᠠᠷ ᠲᠡᠮᠳᠡᠭᠯᠡᠬᠦ ᠶᠢᠨ ᠲᠥᠯᠥᠭᠡ ᠶᠤᠮ᠃ ᠨᠤᠲᠤᠭ ᠤᠰᠤᠨ ᠳᠠᠭᠠᠨ ᠭᠦᠨ ᠵᠤᠵᠠᠭᠠᠨ | ᠬᠠᠶᠢᠷ᠎ᠠ ᠲᠠᠯᠠᠷᠬᠠᠯ ᠤᠨ ᠰᠡᠳᠬᠢᠯ ᠢ ᠡᠪᠦᠷᠯᠡᠨ᠂ ᠪᠠᠶᠢᠭᠠᠯᠢ᠂ ᠠᠮᠢ ᠨᠠᠰᠤ ᠶᠢ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ | ᠡᠪᠦᠷᠯᠡᠨ᠂ ᠵᠠᠩ ᠶᠢᠨ ᠯᠢᠨ ᠤ ᠪᠦᠲᠦᠭᠡᠯ ᠨᠢ ᠦᠵᠡᠭᠴᠢᠳ ᠤᠨ ᠠᠩᠬᠠᠷᠤᠯ ᠢ ᠲᠠᠲᠠᠵᠤ ᠪᠠᠶᠢᠳᠠᠭ᠃ ᠡᠳᠦᠭᠡ᠂ | ᠲᠡᠭᠦᠨ ᠤ ᠰᠢᠨ᠎ᠡ ᠵᠠᠭᠤᠴᠢᠯᠠᠭᠤᠷ ᠤᠨ ᠳᠠᠩᠰᠠᠨ ᠤ ᠨᠣᠮᠧᠷ ᠲᠤ ᠨᠡᠶᠢᠲᠡ 120 ᠭᠠᠷᠤᠢ ᠵᠤᠷᠪᠤᠰ ᠨᠤᠲᠤᠭ ᠤᠨ ᠢᠶᠠᠨ | ᠪᠦᠲᠦᠭᠡᠯ ᠢ ᠨᠡᠶᠢᠲᠡᠯᠡᠨ ᠤᠬᠠᠭᠤᠯᠵᠠᠢ᠃ | ᠲᠡᠭᠦᠨ ᠤ ᠵᠣᠬᠢᠶᠠᠨ ᠪᠦᠲᠦᠭᠡᠭᠰᠡᠨ ︽ᠦᠵᠡᠰᠬᠦᠯᠡᠩᠲᠦ ᠰᠠᠶᠢᠬᠠᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠮᠣᠩᠭ᠍ᠬᠠᠨ ᠠᠭᠤᠯᠠ ᠶᠢᠨ ᠰᠡᠭᠦᠳᠡᠷ︾ ᠂ ︽ᠮᠤᠩᠭᠠᠭᠬᠠᠨ ᠠᠭᠤᠯᠠ ᠶᠢᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ︾ ᠵᠡᠷᠭᠡ ᠪᠦᠲᠦᠭᠡᠯ ᠢ ︽ᠠᠷᠠᠳ ᠤᠨ ᠡᠳᠦᠷ ᠤᠨ ᠰᠣᠨᠢᠨ︾᠂ ᠤᠯᠤᠰ ᠢᠶᠠᠨ | ᠬᠦᠴᠦᠷᠬᠡᠭᠵᠢᠭᠦᠯᠬᠦ ᠶᠢ ᠰᠤᠷᠤᠯᠴᠠᠬᠤ ᠲᠠᠪᠴᠠᠩ ᠵᠡᠷᠭᠡ ᠣᠯᠠᠨ ᠵᠠᠭᠤᠴᠢᠯᠠᠭᠤᠷ ᠤᠨ ᠬᠢᠨ ᠬᠡᠷᠡᠭᠯᠡᠪᠡ᠃ | ︽ᠨᠤᠲᠤᠭ ᠤᠰᠤ ᠪᠠᠨ ᠤᠬᠠᠭᠤᠯᠬᠤ ᠪᠣᠯ ᠬᠡᠵᠢᠶᠡᠳᠡ ᠮᠢᠨᠦ ᠬᠤᠪᠢᠷᠠᠰᠢ ᠦᠭᠡᠶ ᠢᠲᠡᠭᠡᠯ ᠵᠣᠷᠢᠭ ᠮᠥᠨ᠂ | ᠥᠪᠡᠷ ᠤᠨ ᠴᠢᠷᠮᠠᠶᠢᠯᠭ᠎ᠠ ᠪᠠᠷ ᠢᠶᠠᠨ ᠦᠢᠯᠡᠳᠦᠯᠭᠡᠵᠢᠭᠦᠯᠵᠦ᠂ ᠨᠡᠩ ᠣᠯᠠᠨ ᠬᠥᠮᠦᠨ ᠳᠤ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ ᠶᠢ ᠣᠶᠢᠯᠠᠭᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ | ᠬᠠᠶᠢᠷᠠᠯᠠᠭᠤᠯᠤᠨᠠ︾ ᠵᠠᠩ ᠶᠢᠨ ᠯᠢᠨ ᠤ ᠸᠢᠴᠠᠲ ᠤᠨ ᠸᠢᠳᠢᠣ᠋ ᠶᠢᠨ ᠨᠣᠮᠧᠷ ᠢ ᠨᠡᠭᠡᠭᠡᠪᠡᠯ᠂ ᠡᠨᠡ ᠬᠦ ᠲᠥᠬᠦᠮ | ᠮᠥᠷᠲᠡᠭᠡᠨ ᠢᠳᠡᠪᠬᠢ ᠬᠦᠴᠦᠨ ᠲᠡᠭᠦᠯᠳᠡᠷ ᠥᠪᠡᠷᠮᠢᠴᠡ ᠭᠠᠷ ᠤᠨ ᠥᠰᠥᠭ ᠵᠢᠷᠤᠬᠤ ᠶᠢ ᠣᠯᠵᠤ ᠬᠠᠷᠠᠬᠤ ᠪᠣᠯᠤᠨ᠎ᠠ᠃ | ᠵᠠᠩ ᠶᠢᠨ ᠯᠢᠨ ᠨᠤᠲᠤᠭ ᠤᠰᠤ ᠪᠠᠨ ᠤᠬᠠᠭᠤᠯᠬᠤ᠂ ᠨᠤᠲᠤᠭ ᠤᠰᠤᠨ ᠳᠠᠭᠠᠨ ᠦᠢᠯᠡᠴᠢᠯᠡᠬᠦ᠂ ᠰᠦᠯᠵᠢᠶᠡᠨ ᠤ | ᠢᠳᠡᠪᠬᠢ ᠬᠦᠴᠦᠨ ᠢ ᠳᠠᠮᠵᠢᠭᠤᠯᠬᠤ ᠶᠢ ᠥᠪᠡᠷ ᠤᠨ ᠢᠶᠠᠨ ᠨᠢᠭᠡ ᠵᠦᠢᠯ ᠤᠨ ᠬᠠᠷᠢᠭᠤᠴᠠᠯᠭ᠎ᠠ ᠪᠠᠨ ᠪᠣᠯᠭᠠᠪᠠ᠃ | ᠵᠠᠩ ᠶᠢᠨ ᠯᠢᠨ ᠬᠡᠯᠡᠬᠦ ᠳᠡᠭᠡᠨ᠂ ᠲᠡᠷᠡ ᠦᠷᠭᠦᠯᠵᠢᠯᠡᠨ ᠰᠦᠯᠵᠢᠶ᠎ᠡ ᠪᠠᠷ ᠵᠠᠭᠤᠴᠢ ᠪᠣᠯᠭᠠᠵᠤ᠂ ᠳᠤᠷᠠᠨᠳᠠᠭᠤᠷ ᠢᠶᠠᠷ | ᠨᠢᠳᠦ ᠪᠣᠯᠭᠠᠵᠤ᠂ ᠸᠢᠳᠢᠣ᠋ ᠨᠣᠮᠧᠷ᠂ ᠳ᠋ᠢᠦ ᠶᠢᠨ᠂ ᠺᠤᠸᠠᠢ ᠱᠧᠦ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ | ᠰᠠᠶᠢᠲᠤᠷ ᠬᠡᠷᠡᠭᠯᠡᠨ᠂ ᠦᠨᠡᠨ ᠰᠠᠶᠢᠨ ᠰᠠᠶᠢᠬᠠᠨ ᠢ ᠪᠠᠳᠠᠷᠠᠭᠤᠯᠵᠤ᠂ ᠨᠤᠲᠤᠭ ᠤᠰᠤᠨ ᠤ ᠪᠠᠨ ᠦᠵᠡᠰᠬᠦᠯᠡᠩᠲᠦ | ᠰᠠᠶᠢᠬᠠᠨ ᠦᠵᠡᠮᠵᠢ ᠶᠢ ᠰᠠᠶᠢᠲᠤᠷ ᠤᠬᠠᠭᠤᠯᠤᠨ᠎ᠠ ᠭᠡᠵᠡᠶ᠃ | |