ᠴᠠᠢ ᠪᠢᠨ᠄ ᠨᠢᠭᠡ ᠤᠳᠠᠭ᠎ᠠ ᠶᠢᠨ ᠬᠠᠪᠰᠤᠷᠤᠨ ᠲᠡᠳᠬᠦᠬᠦ ᠵᠠᠮ ᠢᠶᠠᠷ ᠨᠢᠭᠡ ᠨᠠᠰᠤ ᠪᠠᠷ ᠢᠶᠠᠨ ᠰᠤᠷᠭᠠᠨ ᠬᠥᠮᠦᠵᠢᠯ ᠢ ᠳᠡᠮᠵᠢᠭᠰᠡᠨ ᠰᠡᠳᠬᠢᠯᠭᠡ
ᠨᠡᠶᠢᠲᠡᠯᠡᠭᠰᠡᠨ ᠴᠠᠭ᠄
2023/7/27
    ᠨᠡᠶᠢᠰᠯᠡᠯ ᠪᠡᠭᠡᠵᠢᠩ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠦᠷᠲᠡᠯᠡᠬᠢ ᠡᠨᠡᠬᠦ ᠬᠠᠯᠠᠭᠤᠨ ᠬᠥᠷᠥᠰᠥᠨ ᠳᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠤᠭᠰᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠤᠨ ᠤᠷᠢᠶᠠᠯᠠᠭ᠎ᠠ ᠪᠠᠷ᠂ ᠲᠡᠷᠡ ᠠᠯᠤᠰ ᠬᠤᠯᠠ ᠠᠴᠠ ᠬᠦᠷᠦᠯᠴᠡᠨ ᠢᠷᠡᠵᠦ᠂ ︽ᠪᠦᠯᠬᠦᠮ ᠪᠠᠶᠢᠭᠤᠯᠬᠤ ᠮᠠᠶ᠋ᠢᠭ︾ ᠤᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠭᠡᠷᠡᠯ ᠭᠢᠯᠪᠠᠭ᠎ᠠ ᠲᠠᠢ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠲᠡᠷᠡ ᠪᠣᠯ ᠳᠠᠷᠤᠶ ᠪᠡᠭᠡᠵᠢᠩ ᠬᠤᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠤᠷᠭᠠᠭᠤᠯᠢ ᠶᠢᠨ ᠳᠡᠳ᠋ ᠵᠠᠬᠢᠷᠤᠯ ᠴᠠᠢ ᠪᠢᠨ ᠪᠣᠯᠤᠨ᠎ᠠ᠃    2022 ᠣᠨ ᠤ 8 ᠰᠠᠷ᠎ᠠ ᠳᠤ᠂ ᠴᠠᠢ ᠪᠢᠨ ᠬᠤᠳᠠ ᠶᠢᠨ ᠦᠢᠮᠡᠭᠡᠨ ᠱᠤᠤᠭᠢᠶᠠᠨ ᠪᠠ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠠᠴᠠ ᠬᠤᠯᠠᠳᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠦ ᠪᠠᠶᠢᠩᠭᠤ ᠶᠢᠨ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠵᠦ᠂ 3 ᠵᠢᠯ ᠤᠨ ᠬᠤᠭᠤᠴᠠᠭ᠎ᠠ ᠲᠠᠢ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠡᠢ᠃ ︽ᠠᠯᠢ ᠡᠷᠲᠡ 2018 ᠣᠨ ᠳᠤ᠂ ᠬᠤᠶᠠᠷ ᠰᠤᠷᠭᠠᠭᠤᠯᠢ ᠨᠢᠭᠡᠨᠲᠡ ᠮᠠᠰᠢ ᠣᠯᠠᠨ ᠬᠠᠷᠢᠯᠴᠠᠨ ᠰᠣᠯᠢᠯᠴᠠᠬᠤ ᠵᠦᠢᠯᠡᠰ ᠢ ᠵᠠᠯᠭᠠᠭ᠎ᠠ ᠪᠠᠷ ᠥᠷᠨᠢᠭᠦᠯᠦᠭᠰᠡᠨ ᠶᠤᠮ᠂ ᠡᠨᠡ ᠤᠳᠠᠭ᠎ᠠ ᠪᠢ ᠡᠮᠦᠨᠡᠲᠦ ᠬᠤᠰᠢᠭᠤᠨ ᠳᠤ ᠢᠷᠡᠭᠰᠡᠨ ᠨᠢ ᠬᠠᠭᠤᠴᠢᠨ ᠲᠠᠨᠢᠯ ᠮᠡᠲᠦ ᠰᠠᠨᠠᠭᠳᠠᠭᠰᠠᠨ ᠶᠤᠮ︾  ᠭᠡᠵᠦ ᠴᠠᠢ ᠪᠢᠨ ᠬᠡᠯᠡᠪᠡ᠃    ᠠᠵᠢᠯ ᠳᠠᠭᠠᠨ ᠰᠢᠮᠳᠠᠨ ᠤᠷᠤᠭᠰᠠᠨ ᠲᠡᠷᠡ ᠰᠤᠷᠭᠠᠭᠤᠯᠢ ᠠᠴᠠ ᠪᠠᠨ ᠪᠠᠭᠤᠵᠤ ᠪᠠᠶᠢᠴᠠᠭᠠᠨ ᠰᠤᠳᠤᠯᠤᠯᠲᠠ ᠬᠢᠬᠦ ᠪᠣᠯ ᠬᠠᠮᠤᠭ ᠤᠨ ᠲᠦᠷᠦᠭᠦᠨ ᠳᠤ ᠬᠢᠭᠰᠡᠨ ᠠᠵᠢᠯ ᠪᠣᠯᠤᠨ᠎ᠠ᠃ ᠴᠠᠢ ᠪᠢᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠶᠡᠷᠦᠩᠬᠡᠢ ᠶᠠᠪᠤᠳᠠᠯ᠂ ᠠᠷᠤ ᠲᠠᠯ᠎ᠠ ᠶᠢᠨ ᠦᠢᠯᠡᠴᠢᠯᠡᠭᠡᠨ ᠤ ᠰᠤᠷᠤᠭᠴᠢ ᠡᠯᠰᠡᠬᠦ ᠵᠡᠷᠭᠡ ᠪᠠᠶᠢᠳᠠᠯ ᠳᠤ ᠴᠢᠭᠯᠡᠭᠦᠯᠦᠨ ᠪᠠᠶᠢᠴᠠᠭᠠᠨ ᠰᠤᠳᠤᠯᠤᠯᠲᠠ ᠬᠢᠵᠦ᠂ ᠪᠠᠰᠠ ᠲᠤᠬᠠᠢ ᠶᠢᠨ ᠭᠠᠵᠠᠷ ᠤᠨ ᠠᠵᠤ ᠠᠬᠤᠢ ᠶᠢᠨ ᠪᠦᠲᠦᠴᠡ᠂ ᠠᠵᠤ ᠦᠢᠯᠡᠰ ᠤᠨ ᠬᠥᠭᠵᠢᠯᠲᠡ᠂ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃    ᠴᠠᠢ ᠪᠢᠨ ᠪᠦᠬᠦ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠤ ᠲᠠᠷᠠᠭ᠎ᠠ᠂ ᠬᠠᠮᠤᠭ ᠤᠨ ᠲᠡᠷᠢᠭᠦᠨ ᠳᠤ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠦᠭᠡᠢ᠂ ᠲᠡᠭᠦᠨ ᠤ ᠦᠵᠡᠬᠦ ᠪᠠᠷ ᠤᠷᠳᠤ ᠬᠤᠭᠤᠴᠠᠭᠠᠨ ᠤ ᠪᠦᠲᠦᠮᠵᠢᠲᠡᠢ ᠬᠠᠷᠠᠯᠲᠠ ᠲᠣᠭᠲᠠᠭᠠᠪᠠᠯ ᠵᠣᠬᠢᠨ᠎ᠠ᠃ ᠲᠡᠷᠡ ᠰᠤᠷᠭᠠᠭᠤᠯᠢ ᠶᠢᠨ ᠬᠠᠮᠢᠶᠠᠷᠤᠯᠲᠠ᠂ ᠪᠠᠭᠰᠢ ᠶᠢᠨ ᠡᠩᠨᠡᠭᠡᠨ ᠤ ᠬᠢᠷᠢ ᠲᠦᠪᠰᠢᠨ᠂ ᠰᠤᠷᠤᠭᠴᠢᠳ ᠤᠨ ᠶᠡᠷᠦᠩᠬᠡᠶ ᠬᠡᠪ ᠴᠢᠨᠠᠷ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠵᠡᠷᠭᠡ ᠲᠠᠯ᠎ᠠ ᠳᠤ ᠴᠢᠭᠯᠡᠭᠦᠯᠦᠨ᠂ ᠰᠤᠷᠭᠠᠭᠤᠯᠢ ᠶᠢᠨ ᠭᠤᠷᠪᠠᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠡᠭᠦᠷᠭᠡ ᠶᠢᠨ ᠪᠢᠴᠢᠭ ᠢ ᠲᠣᠭᠲᠠᠭᠠᠵᠤ᠂ ᠰᠤᠷᠭᠠᠭᠤᠯᠢ ᠶᠢᠨ ᠭᠤᠷᠪᠠᠨ ᠵᠢᠯ ᠤᠨ ᠬᠥᠭᠵᠢᠯᠲᠡ ᠶᠢᠨ ᠬᠠᠪᠰᠤᠷᠤᠨ ᠲᠡᠳᠬᠦᠬᠦ ᠲᠥᠯᠥᠪᠯᠡᠭᠡ ᠶᠢᠨ ᠪᠢᠴᠢᠭ ᠢ ᠢᠵᠢ ᠪᠦᠷᠢᠳᠦᠭᠦᠯᠦᠨ ᠲᠣᠭᠲᠠᠭᠠᠪᠠ ᠃  ᠡᠮᠦᠨᠡᠳᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠤᠨ ᠢᠷᠡᠭᠡᠳᠦᠶ ᠶᠢᠨ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠲᠡᠭᠦᠨ ᠤ ᠲᠠᠷᠢᠬᠢᠨ ᠳᠤ ᠵᠢᠷᠤᠭᠯᠠᠵᠤ᠂ ᠠᠯᠬᠤᠮ ᠠᠯᠬᠤᠮ ᠢᠶᠠᠷ ᠪᠡᠶᠡᠯᠡᠭᠦᠯᠵᠦ ᠪᠠᠶᠢᠨ᠎ᠠ᠃    ᠴᠠᠢ ᠪᠢᠨ ᠬᠠᠷᠢᠯᠴᠠᠨ ᠠᠬᠢᠭᠤᠯᠬᠤ ᠰᠣᠯᠢᠯᠴᠠᠭ᠎ᠠ ᠶᠢᠨ ᠲᠣᠬᠢᠶᠠᠯ ᠢ ᠠᠰᠢᠭᠯᠠᠨ᠂ ᠪᠠᠭᠰᠢ ᠶᠢ ᠬᠥᠮᠦᠵᠢᠭᠦᠯᠬᠦ ᠰᠢᠨ᠎ᠡ ᠵᠠᠭᠪᠤᠷ ᠢ ᠰᠢᠨᠡᠴᠢᠯᠡᠵᠦ᠂ ᠡᠮᠦᠨᠡᠲᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢ ᠵᠣᠬᠢᠶᠠᠨ ᠪᠠᠶᠢᠭᠤᠯᠵᠤ ᠪᠡᠭᠡᠵᠢᠩ ᠬᠤᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠤᠷᠭᠠᠭᠤᠯᠢ ᠳᠤ ᠣᠴᠢᠭᠤᠯᠤᠨ ᠰᠣᠯᠢᠯᠴᠠᠭᠤᠯᠤᠨ ᠰᠤᠷᠤᠯᠴᠠᠭᠤᠯᠬᠤ ᠪᠠᠷ ᠳᠠᠮᠵᠢᠭᠤᠯᠤᠨ᠂ ᠲᠡᠳᠡᠨ ᠢ ᠪᠡᠭᠡᠵᠢᠩ ᠬᠤᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠤᠷᠭᠠᠭᠤᠯᠢ ᠶᠢᠨ ᠵᠢᠭᠠᠨ ᠰᠤᠷᠭᠠᠯᠲᠠ ᠳᠤ ᠢᠳᠡᠭ ᠢᠳᠡᠭ ᠢᠶᠠᠷ ᠠᠭᠤᠰᠤᠯᠴᠠᠭᠤᠯᠪᠠ᠃ ᠠᠵᠢᠯ ᠤᠨ ᠪᠠᠶᠢᠷᠢ ᠳᠠᠭᠠᠬᠤ ᠪᠠ ᠠᠵᠢᠯ ᠤᠨ ᠪᠠᠶᠢᠷᠢ ᠣᠷᠣᠯᠠᠬᠤ ᠠᠷᠭ᠎ᠠ ᠬᠡᠯᠪᠡᠷᠢ ᠪᠠᠷ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠢᠲᠡᠭᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠡᠭᠡᠵᠢᠩ ᠳᠤ ᠣᠴᠢᠬᠤ ᠡᠮᠦᠨᠡᠲᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠨᠢᠭᠡᠪᠦᠷᠢ ᠴᠥᠮ ᠵᠢᠭᠠᠨ ᠰᠤᠷᠭᠠᠯᠲᠠ ᠳᠤ ᠰᠢᠭᠤᠳ ᠣᠷᠣᠯᠴᠠᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠬᠢᠴᠢᠶᠡᠯ ᠤᠨ ᠲᠠᠩᠬᠢᠮ ᠢ ᠴᠠᠭ ᠲᠤᠬᠠᠶ ᠳᠤᠨᠢ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ ᠳᠠᠮᠵᠢᠭᠤᠯᠵᠤ᠂ ᠪᠠᠭᠰᠢ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ᠡᠮᠦᠨᠡᠲᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠸᠠᠩ ᠱᠤᠸᠠᠩ᠄ ︽ᠪᠡᠭᠡᠵᠢᠩ ᠬᠤᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠤᠷᠭᠠᠭᠤᠯᠢ ᠳᠤ ᠣᠴᠢᠵᠤ ᠰᠣᠯᠢᠯᠴᠠᠨ ᠰᠤᠷᠤᠯᠴᠠᠬᠤ ᠪᠠᠷ ᠳᠡᠮᠵᠢᠨ᠂ ᠨᠠᠳᠠ ᠳᠤ ᠶᠡᠭᠡ ᠠᠰᠢᠭ ᠲᠤᠰᠠ ᠬᠦᠷᠲᠡᠭᠡᠭᠰᠡᠨ ᠶᠤᠮ᠂ ᠪᠡᠭᠡᠵᠢᠩ ᠳᠤ ᠲᠤᠰᠬᠠᠶ ᠮᠡᠷᠭᠡᠵᠢᠯ ᠤᠨ ᠵᠢᠭᠠᠨ ᠵᠢᠯᠣᠭᠤᠳᠬᠤ ᠪᠠᠭᠰᠢ ᠠᠴᠠ ᠪᠢᠳᠡᠨ ᠢ ᠵᠢᠭᠠᠨ ᠵᠢᠯᠣᠭᠤᠳᠴᠤ᠂ ᠪᠢᠳᠡᠨ ᠢ ᠬᠠᠪᠰᠤᠷᠤᠨ ᠰᠣᠳᠣᠨ ᠰᠡᠳᠦᠪ ᠭᠠᠷᠭᠠᠯᠭᠠᠵᠤ᠂ ᠪᠠᠰᠠ ᠠᠳᠠᠯᠢ ᠪᠤᠰᠤ ᠶᠢᠨ ᠬᠢᠴᠢᠶᠡᠯᠯᠡᠬᠦ ᠠᠷᠭ᠎ᠠ ᠶᠢ ᠰᠤᠷᠴᠤ ᠴᠢᠳᠠᠨ᠎ᠠ︾ ᠭᠡᠵᠡᠶ᠃    ᠨᠢᠭᠡ ᠵᠢᠯ ᠤᠨ ᠭᠦᠨᠵᠡᠭᠡᠶ ᠰᠣᠯᠢᠯᠴᠠᠭ᠎ᠠ ᠬᠢᠵᠦ ᠬᠠᠷᠢᠯᠴᠠᠨ ᠰᠤᠷᠪᠤᠯᠵᠢᠯᠠᠬᠤ ᠪᠠᠷ ᠳᠡᠮᠵᠢᠨ᠂ ᠴᠠᠢ ᠪᠢᠨ ᠬᠤᠶᠠᠷ ᠭᠠᠵᠠᠷ ᠤᠨ ᠰᠤᠷᠭᠠᠭᠤᠯᠢ ᠶᠢᠨ ᠡᠬᠢ ᠪᠠᠶᠠᠯᠢᠭ ᠲᠠᠢ ᠪᠦᠲᠦᠮᠵᠢᠲᠡᠶ ᠬᠠᠷᠢᠯᠴᠠᠵᠤ᠂ ᠮᠡᠳᠡᠭᠡ ᠵᠠᠩᠭᠢᠵᠢᠯᠲᠠ᠂ ᠵᠢᠭᠠᠨ ᠰᠤᠷᠭᠠᠯᠲᠠ ᠶᠢᠨ ᠬᠠᠲᠠᠭᠤ ᠲᠣᠨᠤᠭ ᠤᠨ ᠡᠬᠢ ᠪᠠᠶᠠᠯᠢᠭ ᠵᠡᠷᠭᠡ ᠲᠠᠯ᠎ᠠ ᠪᠠᠷ ᠪᠥᠬᠦ ᠲᠠᠯ᠎ᠠ ᠪᠠᠷ ᠬᠠᠷᠢᠯᠴᠠᠭ᠎ᠠ ᠪᠠᠶᠢᠭᠤᠯᠵᠤ᠂ ᠪᠡᠭᠡᠵᠢᠩ ᠬᠤᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠤᠷᠭᠠᠭᠤᠯᠢ ᠶᠢᠨ 69 ᠲᠦᠮᠡᠨ ᠲᠥᠭᠦᠷᠢᠭ ᠤᠨ ᠥᠷᠲᠡᠭ ᠪᠥᠬᠦᠶ ᠴᠤᠤ ᠰᠢᠩ ᠡᠯ ᠶᠠ ᠲᠠᠪᠴᠠᠩ ᠢ ᠡᠮᠦᠨᠡᠲᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠮᠡᠳᠡᠭᠡ ᠵᠠᠩᠭᠢᠵᠢᠯᠲᠠ ᠶᠢᠨ ᠵᠢᠭᠠᠨ ᠰᠤᠷᠭᠠᠯᠲᠠ ᠶᠢᠨ ᠬᠡᠷᠡᠭᠴᠡᠭᠡ ᠳᠤ ᠰᠢᠯᠵᠢᠭᠦᠯᠦᠨ  ᠦᠢᠯᠡᠴᠢᠯᠡᠭᠦᠯᠵᠦ᠂ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ︽ᠪᠢᠳᠡ ︿ᠬᠢᠴᠢᠶᠡᠯ + ᠨᠡᠶᠢᠭᠡᠮ ᠤᠨ ᠪᠦᠯᠬᠦᠮ﹀ ᠤᠨ ᠬᠡᠯᠪᠡᠷᠢ ᠪᠠᠷ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠬᠢᠴᠢᠶᠡᠯ ᠤᠨ ᠲᠠᠩᠬᠢᠮ᠂ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠨᠠᠶᠢᠷ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠵᠡᠷᠭᠡ ᠬᠡᠳᠦᠨ ᠠᠷᠪᠠᠨ ᠵᠦᠢᠯ ᠤᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠮᠣᠷᠠᠯ ᠴᠢᠳᠠᠪᠤᠷᠢ ᠬᠤᠤᠰᠯᠠᠭᠰᠠᠨ᠂ ᠮᠡᠷᠭᠡᠵᠢᠯ ᠢᠶᠠᠷ ᠤᠯᠤᠰ ᠲᠠᠭᠠᠨ ᠵᠢᠳᠬᠦᠬᠦ ᠠᠵᠢᠯ ᠮᠡᠷᠭᠡᠵᠢᠯ ᠤᠨ ᠢᠲᠡᠭᠡᠯ ᠪᠠ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠰᠤᠷᠤᠭᠴᠢᠳ ᠤᠨ ᠰᠡᠳᠬᠢᠯ ᠳᠤ ᠦᠨᠳᠦᠰᠦᠯᠡᠭᠦᠯᠪᠡ︾  ᠭᠡᠵᠦ ᠴᠠᠢ ᠪᠢᠨ ᠬᠡᠯᠡᠪᠡ᠃    ᠴᠠᠢ ᠪᠢᠨ ᠪᠡᠭᠡᠵᠢᠩ ᠬᠤᠲᠠ ᠶᠢᠨ ︽ᠨᠢᠭᠡ ᠰᠤᠷᠭᠠᠭᠤᠯᠢ ᠨᠢᠭᠡ ᠲᠦᠷᠦᠯ ᠵᠦᠢᠯ︾ ᠤᠨ ᠰᠢᠯᠢᠳᠡᠭ ᠶᠣᠰᠣ ᠰᠤᠷᠲᠠᠬᠤᠨ ᠤ ᠬᠥᠮᠦᠵᠢᠯ ᠤᠨ ᠲᠦᠷᠦᠯ ᠲᠡᠮᠳᠡᠭ ᠢ ᠡᠭᠦᠳᠦᠭᠰᠡᠨ ᠲᠤᠷᠰᠢᠯᠭ᠎ᠠ ᠲᠠᠢ ᠤᠶᠠᠯᠳᠤᠭᠤᠯᠵᠤ᠂ ᠡᠮᠦᠨᠡᠲᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠲᠤᠷᠰᠢᠯᠭ᠎ᠠ ᠶᠢ ᠳ᠋ᠦᠩᠨᠡᠵᠦ᠂ ᠡᠳᠦᠷ ᠲᠤᠳᠤᠮ ᠤᠨ ᠬᠥᠮᠦᠵᠢᠯ ᠤᠨ ᠬᠢᠯᠡᠰ ᠴᠡᠭ ᠢ ᠡᠮᠬᠢᠯᠡᠵᠦ᠂ ᠰᠤᠷᠤᠭᠴᠢ ᠶᠢ ᠦᠨᠡᠯᠡᠬᠦ ᠲᠣᠭᠲᠠᠴᠠ ᠶᠢ ᠥᠭᠡᠷᠡᠴᠢᠯᠡᠵᠦ᠂ ᠬᠥᠮᠦᠵᠢᠭᠦᠯᠬᠦ ᠬᠥᠮᠦᠵᠢᠯ ᠤᠨ ᠠᠭᠤᠯᠭ᠎ᠠ ᠶᠢ ᠪᠠᠶᠠᠯᠢᠭᠵᠢᠭᠤᠯᠵᠤ᠂ ᠶᠣᠰᠣ ᠰᠤᠷᠲᠠᠬᠤᠨ ᠤ ᠬᠥᠮᠦᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠰᠤᠷᠭᠠᠭᠤᠯᠢ ᠶᠢᠨ ︽ᠤᠴᠢ ᠶᠢᠨ ᠭᠡᠷᠡᠯ ᠭᠢᠯᠪᠠᠭ᠎ᠠ︾ ᠣᠨᠴᠠᠯᠢᠭ ᠲᠠᠢ ᠬᠥᠮᠦᠵᠢᠯ ᠤᠨ ᠲᠦᠷᠦᠯ ᠲᠡᠮᠳᠡᠭ ᠢ ᠪᠦᠬᠦ ᠲᠠᠯ᠎ᠠ ᠪᠠᠷ ᠡᠭᠦᠳᠴᠡᠢ ᠃ ᠪᠠᠰᠠ ︽3216︾ ᠬᠥᠮᠦᠨ ᠬᠥᠮᠦᠵᠢᠭᠦᠯᠬᠦ ᠰᠢᠰᠲ᠋ᠧᠮ ᠤᠨ ᠲᠣᠭᠲᠠᠴᠠ ᠶᠢ ᠬᠡᠷᠡᠭᠵᠢᠭᠦᠯᠵᠦ᠂ ᠡᠮᠦᠨᠡᠲᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠲᠥᠰᠦᠯ ᠲᠣᠭᠲᠠᠭᠠᠬᠤ᠂ ᠰᠡᠳᠬᠢᠴᠡ ᠶᠢᠨ ᠡᠷᠡᠭᠦᠯ ᠮᠡᠨᠳᠦ ᠶᠢᠨ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ᠂ ᠰᠡᠳᠬᠢᠴᠡ ᠶᠢᠨ ᠯᠠᠪᠯᠠᠯᠲᠠ ᠶᠢᠨ ᠲᠠᠰᠤᠭ ᠤᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠪᠡᠶᠡᠯᠡᠭᠦᠯᠵᠦ᠂ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号