ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/27
   7 ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠢᠩᠭᠠᠨ ᠠᠶᠢᠮᠠᠭ ᠤᠨ 2023 ᠣᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠤᠨ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠡᠰᠡᠭ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠬᠤ ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠶ ᠶᠢ ᠰᠠᠯᠭᠠᠨ ᠠᠰᠢᠭᠯᠠᠬᠤ᠂ ᠵᠡᠮᠳᠡᠭ ᠬᠡᠤᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠲᠦᠷᠢᠮ ᠢ ᠳᠣᠭᠢᠷᠠᠭᠤᠯᠤᠨ ᠰᠢᠯᠢᠳᠡᠭᠵᠢᠭᠦᠯᠬᠦ ᠬᠤᠯᠪᠣᠭᠳᠠᠯ ᠪᠥᠬᠦᠶ  ᠵᠦᠢᠯᠡᠰ ᠢ  ᠰᠤᠳᠤᠯᠪᠠ᠃    ᠬᠤᠷᠠᠯ ᠠᠴᠠ ᠵᠢᠭᠠᠵᠦ  ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠨᠠᠭᠰᠢᠳᠠ ᠴᠢᠩᠭᠠᠳᠬᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠴᠢᠭᠯᠡᠯ ᠤᠨ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠣᠬᠢᠴᠠᠭᠤᠯᠤᠨ ᠨᠢᠭᠡᠳᠦᠯᠲᠡᠶ ᠲᠥᠯᠥᠪᠯᠡᠬᠦ  ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠠᠰ ᠴᠡᠭ ᠢ ᠪᠣᠶ ᠪᠣᠯᠭᠠᠵᠤ᠂ ᠡᠯ᠎ᠡ ᠬᠦᠷᠢᠶ᠎ᠡ ᠡᠯ᠎ᠡ ᠠᠵᠢᠯ ᠲᠥᠷᠥᠯ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠨᠧᠷᠭᠢ ᠠᠷᠪᠢᠯᠠᠬᠤ ᠥᠨᠳᠥᠷ ᠪᠦᠲᠦᠮᠵᠢᠲᠡᠶ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠮᠠᠨ ᠤ ᠠᠶᠢᠮᠠᠭ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ ᠭᠡᠪᠡ᠃    ᠬᠤᠷᠠᠯ ᠠᠴᠠ   ᠴᠢᠩᠭᠠᠳᠬᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠦᠬᠦ ᠠᠶᠢᠮᠠᠭ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠳᠤ ᠲᠤᠯᠭᠠᠷᠠᠭᠰᠠᠨ ᠲᠦᠭᠵᠢᠷᠡᠯ᠂ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠡᠮᠦᠨ᠎ᠡ ᠨᠢ ᠦᠢᠯᠡᠴᠢᠯᠡᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ  ᠃ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠶ ᠶᠢ ᠰᠠᠯᠭᠠᠬᠤ᠂ ᠬᠠᠳᠠᠭᠠᠯᠠᠬᠤ᠂ ᠠᠰᠢᠭᠯᠠᠬᠤ ᠪᠠ ᠬᠢᠨᠠᠨ ᠬᠠᠮᠢᠶᠠᠷᠬᠤ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠮᠠᠨ ᠤ ᠠᠶᠢᠮᠠᠭ ᠤᠨ ᠬᠥᠷᠥᠰᠥ ᠰᠢᠷᠣᠶ ᠶᠢᠨ ᠡᠬᠢ ᠪᠠᠶᠠᠯᠢᠭ ᠢ ᠵᠦᠶ ᠵᠣᠬᠢᠰᠲᠠᠶ ᠪᠦᠲᠦᠮᠵᠢᠲᠡᠶ᠂ ᠥᠨᠳᠥᠷ ᠪᠦᠲᠦᠮᠵᠢᠲᠡᠶ ᠠᠰᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠡᠷᠬᠡ ᠶᠢᠨ ᠵᠦᠢᠯᠡᠰ ᠢ ᠵᠠᠯᠭᠠᠨ ᠠᠪᠴᠤ ᠨᠠᠶᠢᠳᠠᠪᠤᠷᠢᠵᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠴᠢᠳᠠᠪᠤᠷᠢ᠂ ᠪᠠᠶᠢᠭᠤᠯᠭ᠎ᠠ ᠶᠢᠨ  ᠦᠢᠯᠡᠳᠦᠯ ᠴᠢᠳᠠᠪᠤᠷᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ  ᠭᠡᠪᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠬᠡᠪᠴᠢᠶ᠎ᠠ ᠶᠢ ᠥᠷᠭᠡᠳᠬᠡᠵᠦ᠂ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠢ ᠠᠰᠠᠷᠠᠨ ᠰᠤᠪᠢᠯᠠᠬᠤ ᠨᠥᠬᠦᠪᠥᠷᠢ ᠶᠢᠨ ᠮᠥᠩᠭᠦ ᠶᠢᠨ ᠲᠤᠭ᠎ᠠ ᠶᠢ ᠳᠡᠭᠡᠭᠰᠢᠯᠡᠭᠦᠯᠵᠦ᠂ ᠬᠦᠴᠢᠷᠳᠡᠯᠲᠡᠢ ᠬᠥᠮᠦᠰ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ ᠭᠡᠪᠠ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠠᠶᠢᠮᠠᠭ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠶᠡᠷᠦᠩᠬᠡᠶ ᠱᠦᠵᠢ  ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号