| ᠣᠶᠢᠷ᠎ᠠ ᠳᠤ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠵᠢᠭᠠᠰᠤᠲᠠᠢ ᠭᠠᠴᠠᠭᠠᠨ ᠤ ᠬᠢᠲᠠᠳ | ᠡᠪᠡᠰᠦᠨ ᠡᠮ ᠤᠨ ᠴᠢᠬᠢ ᠪᠣᠶᠢᠵᠢᠭᠤᠯᠬᠤ ᠰᠠᠭᠤᠷᠢᠨ — ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠣ ᠴᠤᠭᠴᠠᠯᠠᠬᠤ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ | ᠴᠠᠨ᠎ᠠ ᠴᠡᠴᠡᠭ ᠮᠢᠷᠠᠯᠵᠠᠨ ᠳᠡᠯᠭᠡᠷᠡᠵᠦ᠂ ᠠᠵᠢᠯᠴᠢᠳ ᠴᠢᠨ᠋ᠸ᠎ᠠ ᠶᠢᠨ ᠬᠠᠯᠲᠠᠷ ᠲᠡᠭᠦᠵᠦ ᠶᠠᠭᠠᠷᠠᠯᠳᠤᠨ᠂ ᠶᠠᠳᠠᠭᠤ ᠠᠴᠠ | ᠠᠩᠭᠢᠵᠢᠷᠠᠭᠰᠠᠨ ᠡᠷᠦᠬᠡ ᠬᠢᠲᠠᠳ ᠡᠪᠡᠰᠦᠨ ᠡᠮ ᠤᠨ ᠮᠠᠲ᠋ᠧᠷᠢᠶᠠᠯ ᠢᠶᠠᠨ ᠡᠭᠡᠭᠡᠵᠦ ᠪᠠᠶᠢᠯ᠎ᠠ ᠁ ᠡ᠊ᠨᠳᠡᠬᠢ | ᠭᠠᠵᠠᠷ ᠪᠣᠯᠭᠠᠨ ᠬᠢᠲᠠᠳ ᠡᠪᠡᠰᠦᠨ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠲᠤᠬᠠᠢ ᠶᠢᠨ ᠭᠠᠵᠠᠷ ᠤᠨ | ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠪᠴᠢᠷᠠᠵᠤ ᠥᠭᠭᠦᠭᠰᠡᠨ ᠪᠠᠶᠠᠨ ᠴᠢᠨᠡᠭᠡᠯᠢᠭ ᠪᠠ ᠪᠠᠶᠠᠷ | ᠪᠠᠭ᠋ᠠᠳᠤᠯ ᠢ ᠣᠯᠵᠤ ᠬᠠᠷᠠᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠪᠤᠯᠭᠠᠨᠬᠤᠸᠠ ᠰᠤᠮᠤ ︽ᠬᠤᠷᠰᠢᠶ᠎ᠠ + ᠰᠠᠭᠤᠷᠢᠨ ᠭᠠᠵᠠᠷ + | ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠳᠠᠮᠵᠢᠭᠤᠯᠤᠨ ᠤᠯᠠᠭᠠᠨ ᠴᠠᠨ᠎ᠠ᠂ ᠴᠢᠨ᠋ᠸ᠎ᠠ ᠶᠢᠨ ᠬᠠᠯᠲᠠᠷ᠂ ᠲᠤᠭᠤᠯ | ᠡᠪᠡᠰᠣ᠂ ᠬᠤᠨᠴᠢᠷ᠂ ᠰᠢᠷ᠎ᠠ ᠬᠠᠶᠢᠴᠢ ᠡᠪᠡᠰᠣ ᠵᠡᠷᠭᠡ 1800 ᠮᠦ ᠬᠢᠲᠠᠳ ᠡᠪᠡᠰᠣᠨ ᠡᠮ ᠤᠨ ᠦᠨᠳᠦᠰᠦ ᠶᠢ | ᠳᠠᠷᠢᠵᠤ ᠡᠳ᠋ᠰᠢᠭᠦᠯᠦᠨ ᠪᠣᠷᠣᠯᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠶᠠᠳᠠᠭᠤ ᠠᠴᠠ | ᠠᠩᠭᠢᠵᠢᠷᠠᠭᠤᠯᠤᠨ ᠪᠠᠶᠠᠵᠢᠭᠤᠯᠬᠤ ᠪᠠᠷ ᠬᠥᠲᠥᠯᠥᠨ ᠳᠠᠭᠠᠭᠤᠯᠵᠤ ᠪᠠᠶᠢᠨ᠎ᠠ᠃ | ︽ᠴᠢᠨ᠋ᠸ᠎ᠠ ᠶᠢᠨ ᠬᠠᠯᠲᠠᠷ ᠤᠨ ᠮᠦ ᠪᠦᠷᠢ ᠶᠢᠨ ᠳᠤᠮᠳᠠᠴᠢ ᠤᠨᠠᠯᠲᠠ 6 ᠲᠦᠮᠡ ᠭᠠᠷᠤᠢ ᠪᠠᠶᠢᠵᠤ᠂ ᠮᠦ ᠪᠦᠷᠢ | ᠶᠢᠨ ᠦᠢᠯᠡᠳᠬᠦᠨ ᠤ ᠥᠷᠲᠡᠭ 1.5 ᠲᠦᠮᠡ ᠭᠠᠷᠤᠢ ᠲᠥᠭᠦᠷᠢᠭ ᠲᠤ ᠬᠦᠷᠳᠡᠭ᠃ ᠨᠢᠳᠤᠨᠤᠨ 15 ᠮᠦ | ᠲᠤᠷᠰᠢᠯᠲᠠ ᠶᠢᠨ ᠲᠠᠷᠢᠶ᠎ᠠ ᠶᠢ ᠠᠰᠢᠭᠯᠠᠨ ᠤᠯᠠᠭᠠᠨ ᠴᠠᠨ᠎ᠠ ᠶᠢᠨ ᠴᠢᠬᠢ ᠪᠣᠶᠢᠵᠢᠭᠤᠯᠤᠭᠰᠠᠨ ᠠᠴᠠ ᠴᠡᠪᠡᠷ | ᠣᠷᠣᠯᠭ᠎ᠠ 60 ᠭᠠᠷᠤᠢ ᠲᠦᠮᠡᠨ ᠲᠥᠭᠦᠷᠢᠭ ᠲᠤ ᠬᠦᠷᠴᠡᠢ᠃ ᠲᠤᠰ ᠬᠤᠷᠰᠢᠶ᠎ᠠ ᠲᠤᠬᠠᠢ ᠶᠢᠨ ᠭᠠᠵᠠᠷ ᠤᠨ 200 | ᠭᠠᠷᠤᠢ ᠡᠷᠦᠬᠡ ᠶᠢ ᠳᠠᠶᠢᠴᠢᠯᠠᠵᠤ᠂ ᠬᠢᠲᠠᠳ ᠡᠪᠡᠰᠦᠨ ᠡᠮ ᠤᠨ ᠰᠠᠭᠤᠷᠢᠨ ᠭᠠᠵᠠᠷ ᠲᠤ 2000 ᠭᠠᠷᠤᠢ ᠬᠥᠮᠥᠨ | ᠳᠤ ᠠᠵᠢᠯ ᠤᠯᠭᠤᠵᠤ ᠂ ᠬᠥᠮᠥᠨ ᠪᠦᠷᠢ ᠶᠢᠨ ᠵᠢᠯ ᠪᠦᠷᠢ ᠶᠢᠨ ᠳᠤᠮᠳᠠᠴᠢ ᠣᠷᠣᠯᠭ᠎ᠠ 2 ᠲᠦᠮᠡᠨ ᠲᠥᠭᠦᠷᠢᠭ ᠢ | ᠳᠠᠪᠠᠯ᠎ᠠ︾ ᠭᠡᠵᠤ ᠪᠤᠯᠭᠠᠨᠬᠤᠸᠠ ᠰᠤᠮᠤ ᠶᠢᠨ ᠨᠢᠭᠡᠳᠦᠮᠡᠯ ᠹᠷᠣᠨᠲ ᠤᠨ ᠭᠡᠰᠢᠭᠦᠨ ᠮᠧᠩ ᠵᠤᠷᠢᠭᠳᠣ ᠪᠠᠶᠠᠷᠲᠠᠶᠢᠬᠠᠨ | ᠶᠠᠷᠢᠨ᠎ᠠ᠃ | ᠬᠢᠲᠠᠳ ᠡᠪᠡᠰᠦᠨ ᠡᠮ ᠤᠨ ᠠᠵᠤ ᠦᠢᠯᠡᠰ ᠢ ᠬᠥᠭᠵᠢᠭᠦᠯᠵᠦ ᠣᠯᠠᠨ ᠲᠦᠮᠡᠨ ᠤ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠤᠭᠰᠠᠨ ᠤ ᠳᠠᠷᠠᠭ᠎ᠠ᠂ ᠪᠤᠯᠭᠠᠨᠬᠤᠸᠠ ᠰᠤᠮᠤ ᠪᠠᠰᠠ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠦᠷᠢᠶ᠎ᠡ ᠬᠠᠰᠢᠶ᠎ᠠ ᠶᠢᠨ ᠣᠨᠴᠠᠯᠢᠭᠲᠤ ᠲᠠᠷᠢᠮᠠᠯ ᠢ ᠬᠥᠭᠵᠢᠭᠦᠯᠬᠦ ᠶᠢ ᠵᠣᠷᠢᠭᠵᠢᠭᠤᠯᠵᠤ᠂ ᠶᠠᠳᠠᠭᠤ ᠠᠴᠠ | ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ ᠵᠡᠷᠭᠡ ᠬᠦᠴᠢᠷᠳᠡᠯᠲᠡᠢ ᠣᠯᠠᠨ ᠲᠦᠮᠡᠨ ᠳᠤ ᠦᠨ᠎ᠡ | ᠲᠥᠯᠥᠪᠦᠷᠢ ᠦᠭᠡᠢ ᠪᠠᠷ ᠦᠷ᠎ᠡ ᠴᠢᠬᠢ ᠵᠢᠴᠢ ᠬᠠᠮᠢᠶᠠᠷᠤᠯᠲᠠ ᠶᠢᠨ ᠮᠡᠷᠭᠡᠵᠢᠯ ᠬᠠᠩᠭᠠᠨ᠂ ᠲᠡᠳᠡᠨ ᠢ ᠳᠠᠭᠠᠭᠤᠯᠤᠨ | ᠬᠦᠷᠢᠶ᠎ᠡ ᠬᠠᠰᠢᠶ᠎ᠠ ᠳᠠᠭᠠᠨ ᠬᠢᠲᠠᠳ ᠡᠪᠡᠰᠦᠨ ᠡᠮ ᠤᠨ ᠦᠨᠳᠦᠰᠦ ᠶᠢ ᠳᠠᠷᠢᠭᠤᠯᠵᠤ᠂ ᠬᠦᠷᠢᠶ᠎ᠡ ᠬᠠᠰᠢᠶ᠎ᠠ ᠶᠢᠨ ᠠᠵᠤ | ᠠᠬᠤᠢ ᠶᠢ ᠬᠥᠭᠵᠢᠭᠦᠯᠤᠨ ᠣᠷᠣᠯᠭ᠎ᠠ ᠶᠢ ᠨᠢ ᠨᠡᠮᠡᠭᠳᠡᠭᠦᠯᠵᠤ ᠪᠠᠶᠢᠨ᠎ᠠ᠃ | ︽ᠪᠢ ᠬᠡᠷᠭᠡᠢ ᠲᠠᠢ ᠬᠤᠶᠠᠭᠤᠯᠠ ᠪᠠᠨ ᠲᠠᠷᠢᠶᠠᠨ ᠠᠵᠢᠯ ᠢᠶᠠᠨ ᠬᠢᠵᠦ ᠪᠠᠷᠠᠮᠠᠭᠴᠠ ᠬᠢᠲᠠᠳ ᠡᠪᠡᠰᠦᠨ ᠡᠮ ᠤᠨ | ᠰᠠᠭᠤᠷᠢᠨ ᠭᠠᠵᠠᠷ ᠲᠤ ᠣᠴᠢᠵᠤ ᠠᠷᠰᠠᠷ ᠠᠵᠢᠯ ᠬᠢᠳᠡᠭ᠂ ᠴᠠᠯᠢᠩ ᠢ ᠴᠥᠮ ᠡᠳᠦᠷ ᠲᠤᠨᠢ ᠪᠤᠳᠤᠳᠠᠭ᠂ ᠵᠢᠯ | ᠪᠦᠷᠢ 100 ᠭᠠᠷᠤᠢ ᠡᠳᠦᠷ ᠠᠵᠢᠯᠯᠠᠨ ᠤᠷᠤᠯᠭ᠎ᠠ ᠪᠠᠨ ᠨᠡᠮᠡᠭᠳᠡᠭᠦᠯᠳᠡᠭ ᠪᠦᠭᠡᠳ ᠭᠡᠷ ᠢᠶᠠᠨ ᠬᠠᠷᠠᠭᠠᠯᠵᠠᠵᠤ | ᠳᠡᠶᠢᠯᠳᠡᠭ︾ ᠭᠡᠵᠦ ᠬᠢᠲᠠᠳ ᠡᠪᠡᠰᠦᠨ ᠡᠮ ᠤᠨ ᠰᠠᠭᠤᠷᠢᠨ ᠳᠤ ᠬᠥᠯᠥᠰᠦᠨ ᠠᠵᠢᠯᠴᠢᠨ ᠵᠢᠭᠠᠰᠤᠲᠠᠢ ᠭᠠᠴᠠᠭᠠᠨ ᠤ | ᠠᠷᠠᠳ ᠶᠠᠩ ᠢᠦᠢ ᠯᠦᠩ ᠰᠡᠳᠬᠢᠯ ᠬᠠᠨᠤᠮᠵᠢᠲᠠᠢ ᠪᠠᠷ ᠬᠡᠯᠡᠪᠡ᠃ | ᠣᠳᠣᠬᠠᠨ ᠳᠤ᠂ ᠬᠢᠲᠠᠳ ᠡᠪᠡᠰᠦᠨ ᠡᠮ ᠤᠨ ᠮᠠᠲ᠋ᠧᠷᠢᠶᠠᠯ ᠤᠨ ᠠᠵᠤ ᠦᠢᠯᠡᠰᠵᠢᠯᠳᠠ ᠶᠢ ᠪᠤᠯᠭᠠᠨᠬᠤᠸᠠ ᠰᠤᠮᠤ | ᠪᠥᠬᠦ ᠬᠤᠷᠳᠤᠴᠠ ᠪᠠᠷ ᠠᠬᠢᠭᠤᠯᠵᠤ ᠪᠤᠢ᠃ ᠪᠤᠯᠭᠠᠨᠬᠤᠸᠠ ᠰᠤᠮᠤ ᠦᠷᠭᠦᠯᠵᠢᠯᠡᠨ ︽ᠡᠮ ᠪᠠ ᠵᠤᠭᠠᠴᠠᠯ︾ ᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠮ ᠢ ᠰᠦᠪᠡᠭᠴᠢᠯᠡᠵᠦ᠂ ᠡᠪᠡᠰᠦᠨ ᠡᠮ ᠤᠨ ᠬᠦᠷᠢᠶᠡᠯᠡᠩ ᠢ | ᠵᠤᠭᠠᠴᠠᠯ ᠤᠨ ᠬᠦᠷᠢᠶᠡᠯᠡᠩ ᠪᠣᠯᠭᠠᠨ ᠬᠦᠭᠵᠢᠭᠦᠯᠦᠨ᠂ ᠤᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠥ ᠰᠠᠶᠢᠨ | ᠰᠠᠶᠢᠬᠠᠨ ᠠᠮᠢᠳᠤᠷᠠᠯ ᠤᠨ ᠲᠥᠯᠥᠭᠡ ᠬᠠᠮᠲᠤᠪᠠᠷ ᠲᠡᠮᠡᠴᠡᠵᠤ ᠪᠠᠶᠢᠨ᠎ᠠ᠃ | |