ᠴᠢᠶᠠᠨ ᠲᠧᠦ ᠮᠠᠯᠵᠢᠯ ᠤᠨ ᠲᠠᠯᠠᠪᠠᠢ ᠮᠠᠨ ᠤ ᠤᠯᠠᠨ ᠢ ᠪᠠᠶᠠᠵᠢᠭᠤᠯᠤᠨ᠎ᠠ
ᠨᠡᠶᠢᠲᠡᠯᠡᠭᠰᠡᠨ ᠴᠠᠭ᠄
2023/7/27
      ᠣᠶᠢᠷ᠎ᠠ ᠳᠤ᠂ ᠵᠠᠯᠠᠶᠢᠳ ᠬᠤᠰᠢᠭᠤᠨ ᠤ  ᠰᠢᠨᠯᠢᠨ  ᠪᠠᠯᠭᠠᠰᠤ ᠶᠢᠨ  ᠾᠧ ᠨᠠᠨ ᠲᠣᠰᠬᠤᠨ ᠳᠤ᠂  ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ 440 ᠭᠠᠷᠤᠢ ᠲᠦᠮᠡᠨ  ᠲᠥᠭᠦᠷᠢᠭ ᠤᠨ ᠪᠡᠯᠡ ᠣᠷᠣᠭᠤᠯᠵᠤ  ᠪᠠᠶᠢᠭᠤᠯᠤᠭᠰᠠᠨ ᠲᠠᠪᠤᠨ ᠰᠠᠭᠤᠷᠢ 1400 ᠲᠡᠭᠰᠢ ᠳᠥᠷᠪᠡᠯᠵᠢᠨ ᠮᠧᠲᠷ ᠤᠨ  ᠦᠬᠡᠷ ᠤᠨ ᠬᠠᠰᠢᠶ᠎ᠠ ᠰᠠᠷᠠᠪᠴᠢ ᠶᠢ ᠪᠦᠬᠦᠨ ᠢ ᠠᠰᠢᠭᠯᠠᠯᠲᠠ ᠳᠤ ᠣᠷᠣᠭᠤᠯᠪᠠ᠃ ᠥᠪᠥᠷ ᠮᠣᠩᠭᠤᠯ ᠤᠨ ᠴᠢ ᠶᠦᠨ  ᠨᠢᠦ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠴᠢᠶᠠᠨ ᠲᠧᠦ ᠮᠠᠯᠵᠢᠯ ᠤᠨ ᠲᠠᠯᠠᠪᠠᠢ ᠡᠵᠡᠩᠨᠡᠵᠤ ᠡᠬᠢᠯᠡᠭᠰᠡᠨ  ᠪᠥᠭᠡᠳ ᠮᠢᠬᠠᠨ ᠦᠬᠡᠷ ᠦᠷᠡᠵᠢᠭᠦᠯᠦᠨ ᠲᠡᠵᠢᠭᠡᠬᠦ ᠰᠠᠭᠤᠷᠢᠨ ᠭᠠᠵᠠᠷ ᠪᠣᠯᠭᠠᠵᠠᠢ᠃ ᠲᠤᠰ ᠺᠣᠮᠫᠠᠨᠢ ᠴᠢᠨᠠᠷ ᠰᠠᠶᠢᠲᠠᠢ  ᠮᠢᠬᠠᠨ ᠦᠬᠡᠷ ᠢ ᠠᠵᠤ ᠦᠢᠯᠡᠰᠵᠢᠭᠦᠯᠬᠦ᠂ ᠪᠠᠷᠢᠮᠵᠢᠶᠠᠵᠢᠭᠤᠯᠬᠤ᠂ ᠡᠷᠴᠢᠮᠵᠢᠭᠦᠯᠬᠦ᠂ ᠣᠳᠣᠬᠢᠴᠢᠯᠠᠭᠰᠠᠨ ᠲᠡᠵᠢᠭᠡᠨ  ᠦᠷᠡᠵᠢᠭᠦᠯᠬᠦ᠂ ᠪᠣᠷᠳᠣᠵᠤ ᠲᠠᠷᠭᠤᠯᠠᠭᠤᠯᠬᠤ ᠵᠢᠱᠢᠶ᠎ᠡ ᠦᠵᠡᠭᠦᠯᠬᠦ ᠶᠢ ᠨᠢᠭᠡ ᠴᠣᠭᠴᠠᠵᠢᠭᠤᠯᠵᠤ᠂ ᠤᠯᠠᠨ ᠲᠦᠮᠡᠨ ᠤ  ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠤᠨ ᠨᠡᠮᠡᠷᠢᠯᠡᠬᠦ ᠪᠠᠷ ᠵᠣᠷᠢᠯᠭ᠎ᠠ ᠪᠣᠯᠭᠠᠵᠠᠢ᠃       ︽ᠴᠢ ᠶᠦᠨ ᠨᠢᠦ ᠮᠠᠯ ᠠᠵᠤ ᠠᠬᠤᠢ ᠡᠵᠡᠩᠨᠡᠯᠳᠡ ᠳᠤ ᠤᠷᠤᠭᠰᠠᠨ ᠤ ᠲᠠᠷᠠᠭ᠎ᠠ᠂ ᠨᠢᠭᠡ ᠲᠠᠯ᠎ᠠ ᠪᠠᠷ᠂ ᠵᠢᠯ  ᠪᠦᠷᠢ ᠲᠣᠰᠬᠤᠨ ᠤ ᠬᠠᠮᠲᠤ ᠨᠡᠶᠢᠲᠡ ᠳᠤ 30 ᠲᠦᠮᠡᠨ ᠲᠥᠭᠦᠷᠢᠭ ᠤᠨ ᠲᠣᠭᠲᠠᠪᠤᠷᠢᠲᠠᠢ ᠣᠷᠣᠯᠭ᠎ᠠ ᠤᠯᠭᠤᠵᠤ᠂  ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠠᠢ᠃ ᠨᠥᠭᠦᠭᠡ ᠲᠠᠯ᠎ᠠ ᠪᠠᠷ᠂ ᠮᠢᠠᠬᠨ ᠦᠬᠡᠷ ᠲᠡᠵᠢᠭᠡᠨ  ᠦᠷᠡᠵᠢᠭᠦᠯᠬᠦ ᠡᠷᠦᠬᠡ ᠶᠢᠨ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ ᠳᠤ ᠪᠦᠲᠦᠮᠵᠢᠲᠡᠶ ᠬᠦᠴᠦᠨ ᠨᠡᠮᠡᠷᠢᠯᠡᠬᠦ  ᠪᠤᠯᠤᠨ᠎ᠠ᠃ ︽ᠮᠠᠨ ᠤ ᠲᠣᠰᠬᠤᠨ ᠤ 60 ᠭᠠᠷᠤᠢ ᠦᠬᠡᠷ ᠲᠡᠵᠢᠭᠡᠵᠤ ᠪᠠᠶᠢᠭ᠎ᠠ ᠡᠷᠦᠬᠡ ᠶᠢᠨ ᠵᠢᠯ ᠪᠦᠷᠢ 250  ᠺᠢᠯᠣᠭ᠍ᠷᠠᠮ ᠣᠷᠴᠢᠮ ᠤᠨ 800 ᠲᠤᠭᠤᠯ ᠢ ᠮᠠᠯᠵᠢᠯ ᠤᠨ ᠲᠠᠯᠠᠪᠠᠶ᠂ ᠵᠠᠬ᠎ᠠ ᠳᠡᠯᠭᠡᠭᠦᠷ ᠠᠴᠠ ᠺᠢᠯᠣᠭ᠍ᠷᠠᠮ ᠪᠦᠷᠢ ᠳᠡᠭᠡᠨ  5 ᠲᠥᠭᠦᠷᠢᠭ ᠤᠨ ᠦᠨᠳᠦᠷ ᠦᠨ᠎ᠡ ᠪᠠᠷ ᠡᠲᠡᠭᠡᠷ ᠲᠤᠭᠤᠯ ᠢ ᠬᠤᠳᠠᠯᠳᠤᠨ ᠠᠪᠤᠨ᠎ᠠ᠃ ᠢᠩᠭᠢᠵᠦ ᠪᠤᠳᠤᠪᠡᠯ᠂  ᠡᠲᠡᠭᠡᠷ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠵᠢᠯ ᠠᠴᠠ ᠵᠢᠯ ᠨᠡᠮᠡᠭᠳᠡᠬᠦ ᠪᠣᠯᠣᠨ᠎ᠠ︾ ᠭᠡᠵᠦ ᠰᠢᠨᠯᠢᠨ  ᠪᠠᠯᠭᠠᠰᠤᠨ ᠤ ᠾᠧ ᠨᠠᠨ ᠲᠣᠰᠬᠤᠨ ᠤ ᠨᠠᠮ ᠤᠨ ᠡᠭᠦᠷ ᠤᠨ ᠱᠦᠵᠢ ᠦ᠋ ᠵᠢᠩ ᠭᠠᠩ ᠰᠤᠷᠪᠤᠯᠵᠢᠯᠠᠭᠴᠢ  ᠳᠤ ᠬᠡᠯᠡᠵᠡᠢ  ᠃         ︽ᠪᠢᠳᠡ ᠲᠤᠬᠠᠢ ᠶᠢᠨ ᠭᠠᠵᠠᠷ ᠤᠨ ᠲᠡᠵᠢᠭᠡᠨ ᠦᠷᠡᠵᠢᠭᠦᠯᠬᠦ ᠡᠷᠦᠬᠡ ᠲᠠᠢ ᠲᠤᠭᠤᠯ ᠬᠤᠳᠠᠯᠳᠤᠨ ᠠᠪᠬᠤ  ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠦᠬᠡᠷ ᠤᠨ ᠢᠷᠡᠯᠲᠡ ᠶᠢᠨ ᠲᠣᠭᠲᠠᠭᠤᠨ ᠬᠠᠩᠭᠠᠯᠭ᠎ᠠ ᠶᠢ ᠪᠠᠲᠤᠯᠠᠭᠰᠠᠨ  ᠪᠥᠭᠡᠳ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠶᠢ ᠨᠡᠮᠡᠭᠳᠡᠭᠦᠯᠵᠡᠢ᠃ ᠪᠠᠰᠠ ᠲᠢᠶᠠᠨ ᠮᠦ ᠵᠧᠨ ᠮᠠᠯ ᠠᠵᠤ  ᠠᠬᠤᠢ ᠲᠠᠢ ᠪᠣᠷᠣᠯᠠᠭᠤᠯᠬᠤ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠮᠢᠬᠠᠨ ᠦᠬᠡᠷ ᠤᠨ ᠪᠣᠷᠤᠯᠠᠭᠤᠯᠭ᠎ᠠ ᠶᠢᠨ ᠦᠨ᠎ᠡ   ᠶᠢ ᠤᠯᠠᠮ ᠨᠢᠭᠡ ᠠᠯᠬᠤᠮ ᠳᠡᠭᠡᠭᠰᠢᠯᠡᠭᠦᠯᠤᠨ ᠪᠣᠷᠤᠯᠠᠭᠤᠯᠭ᠎ᠠ ᠶᠢᠨ ᠵᠠᠮ ᠢᠶᠠᠨ ᠲᠣᠭᠲᠠᠪᠤᠷᠢᠵᠢᠭᠤᠯᠵᠤ ᠪᠠᠶᠢᠨ᠎ᠠ︾  ᠭᠡᠵᠤ ᠮᠠᠯᠵᠢᠯ ᠤᠨ ᠲᠠᠯᠠᠪᠠᠶ ᠶᠢᠨ ᠬᠠᠷᠢᠭᠤᠴᠠᠯᠭᠠᠲᠠᠨ ᠭᠧᠩ ᠴᠢᠩ ᠯᠧᠢ  ᠲᠠᠨᠢᠯᠴᠠᠭᠤᠯᠤᠯ᠎ᠠ᠃ ᠣᠳᠣᠬᠠᠨ ᠳᠤ ᠾᠧ  ᠨᠠᠨ ᠲᠣᠰᠬᠤᠨ ᠤ ᠮᠢᠬᠠᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠨᠢᠭᠡᠨᠲᠡ 800 ᠭᠠᠷᠤᠢ ᠪᠤᠯᠵᠠᠢ᠃ ᠴᠢ  ᠶᠦᠨ ᠨᠢᠦ ᠮᠠᠯ ᠠᠵᠤ ᠠᠬᠤᠢ ᠪᠠᠰᠠ ᠲᠤᠬᠠᠢ ᠶᠢᠨ ᠭᠠᠵᠠᠷ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠡᠷᠦᠬᠡ ᠳᠤ  ᠲᠡᠵᠢᠭᠡᠨ ᠦᠷᠡᠵᠢᠭᠦᠯᠬᠦ ᠮᠡᠷᠭᠡᠵᠢᠯ ᠪᠤᠯᠤᠨ ᠠᠵᠢᠯ ᠤᠨ ᠪᠠᠶᠢᠷᠢ ᠬᠠᠩᠭᠠᠵᠤ᠂ ᠮᠢᠬᠠᠨ ᠦᠬᠡᠷ ᠤᠨ ᠠᠵᠤ ᠦᠢᠯᠡᠰ ᠤᠨ  ᠬᠡᠯᠬᠢᠶ᠎ᠡ ᠶᠢ ᠤᠷᠲᠤᠳᠬᠠᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠤᠨ ᠨᠡᠮᠡᠷᠢᠯᠡᠵᠦ᠂  ᠮᠠᠯᠴᠢᠨ ᠲᠠᠷᠢᠶᠠᠴᠢᠨ ᠤ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠪᠣᠯᠣᠨ᠎ᠠ᠃                                                                         ᠦ᠋ ᠶᠢᠩ ᠱᠠᠨ ᠮᠡᠳᠡᠭᠡᠯᠡᠪᠡ    
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号