7 ᠰᠠᠷ᠎ᠠ ᠶᠢᠨ 25 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠭᠧᠩ ᠴᠧᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠦ ᠭᠠᠩ ᠤᠷᠢᠯᠭ᠎ᠠ ᠪᠠᠷ ᠬᠤᠷᠠᠯ ᠳᠤ ᠣᠷᠣᠯᠴᠠᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠮᠢᠩ᠂ ᠸᠠᠩ ᠴᠢᠦ ᠵᠢᠴᠢ ᠤᠯᠤᠰ | ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ | ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠪᠠ᠃ | ᠬᠤᠷᠠᠯ ᠠᠴᠠ 2023 ᠣᠨ ᠤ ᠳᠡᠭᠡᠷ᠎ᠡ ᠬᠠᠭᠠᠰ ᠵᠢᠯ ᠤᠨ ᠪᠦᠬᠦ ᠬᠤᠳᠠ ᠶᠢᠨ ᠠᠵᠤ ᠠᠬᠤᠢ ᠶᠢᠨ | ᠠᠵᠢᠯᠯᠠᠭᠠᠨ ᠤ ᠪᠠᠶᠢᠳᠠᠯ ᠢ ᠰᠣᠨᠣᠰᠪᠠ᠃ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠡᠯ᠎ᠡ ᠭᠡᠰᠢᠭᠦᠳ ᠤᠨ ᠳᠤᠭᠤᠶᠢᠯᠠᠩ ᠤᠨ ᠳᠡᠭᠡᠷ᠎ᠡ ᠬᠠᠭᠠᠰ ᠵᠢᠯ ᠤᠨ | ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠢ ᠨᠡᠮᠡᠵᠦ ᠨᠥᠬᠦᠪᠦᠷᠢᠯᠡᠬᠦ ᠶᠠᠪᠤᠳᠠᠯ ᠤᠳ ᠢ ᠬᠢᠨᠠᠨ ᠶᠠᠷᠢᠯᠴᠠᠵᠤ ᠪᠠᠲᠤᠯᠠᠵᠤ᠂ | ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠴᠠ ᠡᠭᠦᠰᠴᠦ᠂ | ᠭᠡᠰᠢᠭᠦᠳ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠤᠮᠳᠠ | ᠭᠦᠨᠵᠡᠭᠡᠶᠢᠷᠡᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠴᠤᠭᠯᠠᠭᠤᠯᠵᠤ᠂ ᠡᠭᠦᠷᠭᠡ | ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠥᠷᠨᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠠᠷᠭ᠎ᠠ ᠤᠬᠠᠭᠠᠨ ᠳᠡᠪᠰᠢᠭᠦᠯᠬᠦ ᠬᠡᠷᠡᠭᠲᠡᠢ᠃ ᠡᠯ᠎ᠡ ᠭᠡᠰᠢᠭᠦᠳ ᠤᠨ ᠳᠤᠭᠤᠶᠢᠯᠠᠩ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ 2023 ᠣᠨ ᠤ ᠳᠣᠣᠷ᠎ᠠ ᠬᠠᠭᠠᠰ ᠵᠢᠯ ᠤᠨ ᠤᠯᠤᠰ ᠲᠥᠷᠥ ᠶᠢᠨ | ᠵᠥᠪᠯᠡᠯᠭᠡᠨ ᠤ ᠭᠤᠣᠯᠳᠠᠯᠭ᠎ᠠ ᠲᠠᠢ ᠠᠵᠢᠯ ᠢ ᠤᠷᠢᠳᠴᠢᠯᠠᠨ ᠲᠥᠯᠥᠪᠯᠡᠵᠦ᠂ ᠦᠨᠳᠦᠰᠦᠨ ᠱᠠᠲᠤᠨ ᠤ ᠵᠥᠪᠳᠡᠯᠴᠡᠬᠦ | ᠪᠠ ᠬᠡᠷᠡᠭ ᠵᠥᠪᠯᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠣᠰ ᠲᠣᠰ ᠤᠨ ᠲᠤᠰᠬᠠᠢ ᠮᠡᠷᠭᠡᠵᠢᠯ ᠢᠶᠠᠨ | ᠪᠠᠳᠠᠷᠠᠭᠤᠯᠤᠨ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠳᠦᠷᠢᠮ ᠤᠨ ᠳᠠᠪᠠᠭᠤᠯᠢᠭ ᠢ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠪᠦᠲᠦᠮᠵᠢᠲᠡᠶ | ᠬᠤᠪᠢᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠪᠠ ᠦᠨᠳᠦᠰᠦᠨ ᠱᠠᠲᠤᠨ ᠤ ᠵᠥᠪᠯᠡᠬᠦ ᠶᠢ ᠨᠠᠩ | ᠠᠮᠢᠳᠤᠯᠢᠭ᠂ ᠨᠠᠩ ᠣᠯᠠᠨ ᠲᠦᠮᠡᠨ ᠲᠠᠢ ᠣᠶᠢᠷᠠᠲᠤᠬᠤ᠂ ᠨᠠᠩ ᠪᠣᠳᠠᠲᠤ ᠦᠷ᠎ᠡ ᠪᠦᠲᠦᠮᠵᠢ ᠲᠠᠢ ᠪᠣᠯᠭᠠᠬᠤ ᠶᠢ | ᠠᠬᠢᠭᠤᠯᠤᠨ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ | ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | | | | |