7 ᠰᠠᠷ᠎ᠠ ᠶᠢᠨ 25 ᠤ ᠡᠳᠦᠷ᠂ ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠲᠤᠰᠬᠠᠢ ᠰᠡᠳᠦᠪᠲᠦ | ᠵᠥᠪᠯᠡᠯᠭᠡᠨ ᠤ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠧᠩ ᠴᠧᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ | ᠬᠤᠲᠠ ᠶᠢᠨ ᠳᠡᠳ᠋ ᠳᠠᠷᠤᠭ᠎ᠠ ᠯᠢ ᠶᠢᠩ ᠺᠦᠨ ᠤᠷᠢᠯᠭ᠎ᠠ ᠪᠠᠷ ᠬᠤᠷᠠᠯ ᠳᠤ ᠣᠷᠣᠯᠴᠠᠪᠠ᠃ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠮᠢᠩ᠂ ᠸᠠᠩ ᠴᠢᠦ ᠵᠢᠴᠢ ᠬᠤᠲᠠ ᠶᠢᠨ ᠰᠢᠭᠤᠳ ᠬᠠᠷᠢᠶ᠎ᠠ | ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠬᠡᠰᠡᠭ ᠪᠠᠶᠢᠩᠭᠤ ᠶᠢᠨ ᠭᠡᠰᠢᠭᠦᠨ᠂ ᠭᠡᠰᠢᠭᠦᠨ᠂ ᠡᠯ᠎ᠡ ᠲᠤᠰᠬᠠᠢ ᠵᠥᠪᠯᠡᠯ ᠤᠨ ᠡᠷᠬᠢᠯᠡᠭᠴᠢ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ | ᠠᠴᠠ ︽ᠲᠠᠷᠢᠶᠠᠯᠠᠩ ᠤᠨ ᠬᠥᠭᠵᠢᠯᠲᠡ ᠶᠢᠨ ᠣᠨᠴᠠᠯᠢᠭᠲᠤ ᠠᠵᠤ ᠦᠢᠯᠡᠰ ᠢ ᠪᠣᠶ ᠪᠣᠯᠭᠠᠬᠤ︾ ᠲᠤᠬᠠᠢ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠪᠠ ︽ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ | ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ︾ ᠤᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ | ᠤᠩᠰᠢᠬᠤ ᠶᠢᠨ ᠬᠠᠮᠲᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠲᠣᠳᠣᠷᠬᠠᠶᠢᠯᠠᠯᠲᠠ ᠬᠢᠪᠡ᠃ ᠤᠯᠤᠰ | ᠲᠦᠷᠦ ᠶᠢᠨ ᠵᠥᠪᠯᠡᠯᠭᠡᠨ ᠤ ᠬᠡᠰᠡᠭ ᠪᠠᠶᠢᠩᠭᠤ ᠶᠢᠨ ᠭᠡᠰᠢᠭᠦᠨ᠂ ᠭᠡᠰᠢᠭᠦᠳ ᠪᠠ ᠡᠯ᠎ᠡ ᠠᠷᠠᠳᠴᠢᠯᠠᠭᠰᠠᠨ ᠨᠠᠮ | ᠪᠦᠯᠦᠭ ᠤᠨ ᠬᠢᠨ ᠬᠤᠪᠢ ᠬᠥᠮᠥᠨ ᠤ ᠰᠠᠨᠠᠯ ᠰᠠᠨᠠᠭᠤᠯᠭ᠎ᠠ ᠪᠠᠨ ᠰᠣᠯᠢᠯᠴᠠᠵᠤ᠂ ᠬᠤᠳᠠ ᠶᠢᠨ ᠰᠢᠭᠤᠳ ᠬᠠᠷᠢᠶ᠎ᠠ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠭᠡᠰᠢᠭᠦᠳ ᠤᠨ ᠳᠤᠷᠠᠳᠤᠭᠰᠠᠨ ᠬᠠᠮᠢᠶ᠎ᠠ ᠪᠦᠬᠦᠢ | ᠠᠰᠠᠭᠤᠳᠠᠯ ᠳᠤ ᠬᠠᠷᠢᠭᠤᠯᠲᠠ ᠥᠭᠪᠡ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ | ᠰᠡᠳᠦᠪᠲᠦ ᠵᠥᠪᠯᠡᠯᠭᠡᠨ ᠤ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢᠶᠠᠨ ᠦᠨᠡᠨ ᠬᠦ | ᠴᠢᠩᠭᠠᠳᠬᠠᠵᠤ᠂ ᠵᠥᠪᠯᠡᠯᠭᠡᠨ ᠤ ᠠᠵᠢᠯ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠲᠤᠰᠬᠠᠢ ᠵᠥᠪᠯᠡᠯᠭᠡᠨ ᠤ ᠪᠠᠶᠢᠭᠤᠯᠤᠮᠵᠢ ᠶᠢᠨ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠵᠤ᠂ ᠵᠥᠪᠯᠡᠬᠦ ᠲᠠᠪᠴᠠᠩ ᠢ ᠥᠷᠭᠡᠨ ᠢᠶᠠᠷ ᠪᠠᠶᠢᠭᠤᠯᠵᠤ᠂ ᠵᠥᠪᠯᠡᠬᠦ ᠬᠡᠯᠪᠡᠷᠢ ᠶᠢ ᠪᠠᠶᠠᠯᠢᠭᠵᠢᠭᠤᠯᠤᠨ᠂ | ᠰᠠᠨᠠᠯ ᠳᠤᠷᠠᠳᠤᠯᠭ᠎ᠠ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠭᠡᠰᠢᠭᠦᠳ ᠤᠨ ᠰᠠᠨᠠᠭᠤᠯᠭ᠎ᠠ᠂ ᠨᠡᠶᠢᠭᠡᠮ ᠤᠨ | ᠪᠠᠶᠢᠳᠠᠯ ᠠᠷᠠᠳ ᠤᠨ ᠰᠠᠨᠠᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠪᠥᠬᠦ ᠬᠤᠲᠠ ᠶᠢᠨ ᠲᠠᠷᠢᠶᠠᠯᠠᠩ ᠤᠨ | ᠣᠨᠴᠠᠯᠢᠭᠲᠤ ᠠᠵᠤ ᠦᠢᠯᠡᠰ ᠤᠨ ᠬᠥᠭᠵᠢᠯᠲᠡ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠵᠥᠪᠯᠡᠬᠦ | ᠠᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠪᠠᠷ ᠤᠯᠠᠭᠠᠨᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ |